ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠯᠤᠨ ᠵᠢᠶᠠᠩᠰᠤ ᠶᠢᠨ ᠲᠦᠩ ᠶᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 130 ᠲᠦᠮᠡᠨ ᠢᠵᠢ ᠰᠢᠨ᠎ᠡ ᠡᠨᠧᠷᠭᠢ ᠶᠢᠨ ᠬᠦᠨᠳᠦ ᠺᠠᠷᠲ ᠤᠨ ᠳᠤᠭᠤᠶᠢᠯᠠᠪᠤᠷᠢ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/5/6
      ᠣᠶᠢᠷ᠎ᠠ ᠳᠤ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠯᠤᠨ ᠵᠢᠶᠠᠩᠰᠤ ᠶᠢᠨ ᠲᠦᠩ ᠶᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ᠵᠢᠯ ᠳᠤ 130 ᠲᠦᠮᠡᠨ ᠢᠵᠢ ᠰᠢᠨ᠎ᠡ ᠡᠨᠧᠷᠭᠢ ᠶᠢᠨ ᠬᠦᠨᠳᠦ ᠺᠠᠷᠲ ᠤᠨ ᠳᠤᠭᠤᠶᠢᠯᠠᠪᠤᠷᠢ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ︾᠎ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠪᠤᠭᠤᠲᠤ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠲᠣᠰ ᠤᠳᠠᠭ᠎ᠠ ᠭᠠᠷ ᠤᠨ ᠥᠰᠥᠭ ᠵᠢᠷᠤᠭᠰᠠᠨ ᠰᠢᠨ᠎ᠡ ᠡᠨᠧᠷᠭᠢ ᠶᠢᠨ ᠬᠦᠨᠳᠦ ᠺᠠᠷᠲ ᠤᠨ ᠳᠤᠭᠤᠶᠢᠯᠠᠪᠤᠷᠢ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠳᠤ ᠨᠡᠶᠢᠲᠡ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠪᠦᠲᠦᠭᠡᠨ ᠪᠠᠶᠢᠭᠤᠯᠬᠤ ᠬᠤᠭᠤᠴᠠᠭ᠎ᠠ ᠨᠢ 20 ᠰᠠᠷ᠎ᠠ ᠶᠢᠨ ᠳᠣᠲᠣᠷ᠎ᠠ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 120 ᠲᠦᠮᠡᠨ ᠥᠨᠳᠥᠷ ᠴᠢᠳᠠᠪᠬᠢ ᠲᠠᠢ ᠪᠦᠷᠢᠨ ᠪᠣᠯᠣᠳ ᠳᠤᠭᠤᠶᠢᠯᠠᠪᠤᠷᠢ ᠪᠠ 10 ᠲᠦᠮᠡᠨ OTR ᠢᠨᠵᠧᠨᠧᠷᠢᠩ ᠤᠨ ᠳᠤᠭᠤᠶᠢᠯᠠᠪᠤᠷᠢ ᠶᠢ ᠪᠠᠭᠲᠠᠭᠠᠭᠰᠠᠨ 130 ᠲᠦᠮᠡᠨ ᠥᠨᠳᠥᠷ ᠴᠢᠳᠠᠪᠬᠢ ᠲᠠᠢ ᠭᠤᠤᠯᠳᠠᠴᠢ ᠳᠤᠭᠤᠶᠢᠯᠠᠪᠤᠷᠢ ᠦᠢᠯᠡᠳᠪᠦᠷᠢᠯᠡᠵᠦ ᠪᠣᠯᠣᠨ᠎ᠠ᠂ ᠦᠢᠯᠡᠳᠪᠦᠷᠢᠯᠡᠯ ᠳᠤ ᠬᠦᠷᠦᠭᠰᠡᠨ ᠤ ᠳᠠᠷᠠᠭ᠎ᠠ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 16 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ᠂ ᠵᠢᠯ ᠳᠤ 6000 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠲᠤᠰᠢᠶᠠᠵᠤ᠂ 600 ᠠᠵᠢᠯ ᠤᠨ ᠪᠠᠶᠢᠷᠢ ᠬᠠᠩᠭᠠᠬᠤ ᠪᠣᠯᠣᠨ᠎ᠠ᠃ ᠲᠤᠰ ᠲᠦᠷᠦᠯ ᠵᠦᠢᠯ ᠨᠢ ᠮᠠᠨ ᠤ ᠬᠤᠲᠠ ᠶᠢᠨ ᠠᠩᠬᠠᠳᠠᠭᠴᠢ ᠣᠳᠣᠬᠢᠴᠢᠯᠠᠭᠰᠠᠨ ᠥᠨᠳᠥᠷ ᠴᠢᠳᠠᠪᠬᠢ ᠲᠠᠢ ᠭᠤᠤᠯᠳᠠᠴᠢ ᠲᠤᠶᠢᠯᠪᠤᠷᠢ ᠶᠢᠨ  ᠦᠢᠯᠡᠳᠪᠦᠷᠢ ᠶᠢ ᠪᠠᠶᠢᠭᠤᠯᠵᠤ᠂ ᠣᠶᠤᠨᠴᠢᠯᠠᠭᠰᠠᠨ᠂ ᠮᠡᠳᠡᠭᠡ ᠵᠠᠩᠭᠢᠵᠢᠯᠲᠠ ᠶᠢᠨ ᠲᠡᠷᠢᠭᠦᠨ ᠤ ᠤᠷᠠᠯᠠᠯ ᠢ ᠬᠡᠷᠡᠭᠯᠡᠵᠦ᠂ ︽ᠬᠥᠮᠥᠨ ᠤ ᠦᠷ᠎ᠡ ᠠᠰᠢᠭ᠂ ᠴᠢᠳᠠᠪᠤᠷᠢ ᠶᠢᠨ ᠦᠷ᠎ᠡ ᠠᠰᠢᠭ᠂ ᠪᠦᠲᠦᠭᠡᠭᠳᠡᠬᠦᠨ ᠤ ᠦᠷ᠎ᠡ ᠠᠰᠢᠭ︾ ᠭᠤᠷᠪᠠᠨ ᠦᠷ᠎ᠡ ᠠᠰᠢᠭ ᠢ ᠨᠢᠭᠡᠳᠬᠡᠬᠦ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠦᠷ᠎ᠡ ᠠᠰᠢᠭ ᠪᠠ ᠦᠢᠯᠡᠳᠬᠦ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠬᠦᠨᠳᠦ ᠺᠠᠷᠲ ᠵᠢᠴᠢ ᠢᠵᠢ ᠪᠦᠷᠢᠳᠦᠭᠰᠡᠨ ᠠᠵᠤ ᠦᠢᠯᠡᠰ ᠨᠦᠬᠦᠪᠦᠷᠢᠯᠡᠬᠦ ᠬᠡᠯᠬᠢᠶ᠎ᠡ ᠴᠢᠩᠭᠠᠪᠦᠷᠢᠯᠠᠬᠤ ᠬᠡᠯᠬᠢᠶ᠎ᠡ᠂ ᠲᠤᠭ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠲᠦᠩ ᠶᠦᠩ ᠬᠤᠪᠢ ᠣᠷᠤᠭᠤᠯᠤᠯᠲᠠ ᠪᠣᠯᠣᠨ ᠪᠧᠢ ᠪᠧᠨ ᠬᠦᠨᠳᠦ ᠮᠠᠰᠢᠨ ᠲᠡᠷᠭᠡ ᠵᠡᠷᠭᠡ ᠦᠢᠯᠡᠳᠪᠦᠷᠢ ᠬᠤᠳᠠᠯᠳᠤᠭᠠᠨ ᠤ ᠬᠢᠨ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠢᠳᠡᠪᠬᠢᠲᠡᠢ ᠠᠬᠢᠭᠤᠯᠵᠤ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠶᠢ ᠳᠡᠮᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠲᠣᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠰᠣᠯᠢᠬᠤ ᠵᠠᠬ᠎ᠠ ᠳᠡᠯᠭᠡᠭᠦᠷ ᠪᠠ ᠭᠤᠣᠯ ᠮᠠᠰᠢᠨ ᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠳᠤᠭᠤᠶᠢᠯᠠᠪᠤᠷᠢ ᠶᠢᠨ ᠢᠵᠢ ᠪᠥᠷᠢᠳᠦᠭᠦᠯᠦᠯᠲᠡ ᠶᠢ ᠬᠠᠩᠭᠠᠬᠤ ᠠᠴᠠ ᠭᠠᠳᠠᠨ᠎ᠠ ᠪᠠᠰᠠ ᠮᠣᠩᠭᠤᠯ᠂ ᠳᠤᠮᠳᠠᠳᠤ ᠠᠽᠢᠶ᠎ᠠ ᠶᠢᠨ ᠲᠠᠪᠤᠨ ᠤᠯᠤᠰ ᠵᠡᠷᠭᠡ ᠤᠯᠤᠰ ᠪᠠ ᠭᠠᠵᠠᠷ ᠣᠷᠣᠨ ᠳᠤ ᠪᠣᠷᠣᠯᠠᠭᠤᠯᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号