ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ | ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠳᠠᠭᠠᠭᠠᠴᠢᠯᠠᠨ ᠡᠷᠬᠢᠯᠡᠵᠦ᠂ | ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠨᠣᠮ ᠤᠨ ᠰᠠᠩ ᠠᠴᠠ ᠬᠠᠮᠵᠢᠨ ᠡᠷᠬᠢᠯᠡᠭᠰᠡᠨ︽ᠪᠢᠴᠢᠭ ᠤᠨ | ᠦᠨᠦᠷᠲᠦ ᠲᠠᠯ᠎ᠠ ᠨᠤᠲᠤᠭ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾︱ 2022 ᠪᠦᠬᠦ ᠣᠷᠣᠨ ᠤ | ᠳᠥᠷᠪᠡᠳᠦᠭᠡᠷ ᠬᠤᠭᠤᠴᠠᠭᠠᠨ ᠤ ︽ᠮᠣᠩᠭᠤᠯ ᠬᠡᠦᠬᠡᠳ︾ ᠤᠨ ᠪᠠᠭᠠᠴᠤᠳ ᠬᠡᠦᠬᠡᠳ ᠤᠨ ᠤᠷᠠᠨ ᠵᠢᠷᠤᠭ ᠤᠨ | ᠪᠦᠲᠦᠭᠡᠯ ᠢ ᠴᠤᠭᠯᠠᠭᠤᠯᠬᠤ ᠠᠵᠢᠯᠯᠠᠭ᠎ᠠ ᠳᠤ᠂ ᠴᠢᠩᠱᠠᠨ ᠲᠣᠭᠤᠷᠢᠭ ᠤᠨ ᠨᠣᠮ ᠤᠨ ᠰᠠᠩ ᠠᠴᠠ ᠰᠣᠩᠭᠤᠨ | ᠭᠠᠷᠭᠠᠭᠰᠠᠨ ᠪᠠᠭᠠᠴᠤᠳ ᠬᠡᠦᠬᠡᠳ ᠤᠨ 11 ᠤᠷᠠᠨ ᠵᠢᠷᠤᠭ ᠤᠨ ᠪᠦᠲᠦᠭᠡᠯ ᠪᠦᠬᠦᠨ ᠢᠶᠠᠷ ᠢᠶᠠᠨ ᠱᠠᠩᠨᠠᠯ ᠬᠦᠷᠳᠡᠪᠡ᠃ | ᠲᠤᠰ ᠤᠳᠠᠭᠠᠨ ᠤ ︽ᠮᠣᠩᠭᠤᠯ ᠬᠡᠦᠬᠡᠳ︾ ᠤᠨ ᠪᠠᠭᠠᠴᠤᠳ ᠬᠡᠦᠬᠡᠳ ᠤᠨ ᠤᠷᠠᠨ ᠵᠢᠷᠤᠭ ᠤᠨ | ᠦᠵᠡᠰᠬᠦᠯᠡᠩ ᠳᠤ᠂ ᠣᠳᠣᠬᠠᠨ ᠤ ᠬᠡᠯᠪᠡᠷᠢ ᠲᠠᠢ ᠤᠶᠠᠯᠳᠤᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ᠂ ᠪᠠᠭᠠᠴᠤᠳ ᠬᠡᠦᠬᠡᠳ ᠤᠨ ᠰᠣᠶᠣᠯ ᠤᠨ ᠬᠡᠷᠡᠭᠴᠡᠭᠡ ᠶᠢ | ᠲᠠᠰᠤᠷᠠᠯᠳᠠ ᠦᠭᠡᠢ ᠪᠠᠶᠠᠯᠢᠭᠵᠢᠭᠤᠯᠵᠤ᠂ ᠨᠠᠰᠤᠨ ᠳᠤ ᠦᠯᠤ ᠬᠥᠷᠦᠭᠰᠡᠳ ᠤᠨ ᠤᠶᠤᠨ ᠰᠠᠨᠠᠭᠠᠨ ᠤ ᠬᠦᠴᠦᠨ ᠢ | ᠨᠡᠮᠡᠭᠳᠡᠭᠦᠯᠦᠨ᠂ ᠢᠲᠡᠭᠡᠯ ᠪᠢᠰᠢᠷᠡᠯ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠨ ᠪᠠᠲᠤᠳᠬᠠᠬᠤ ᠶᠢ ᠠᠬᠢᠭᠤᠯᠵᠤ᠂ | ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠦ᠂ ᠰᠡᠳᠬᠢᠯ ᠢᠶᠠᠨ ᠨᠢᠭᠡᠳᠬᠡᠨ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠂ | ᠨᠠᠰᠤᠨ ᠳᠤ ᠥᠯᠥ ᠬᠦᠷᠦᠭᠰᠡᠳ ᠤᠨ ᠬᠡᠪ ᠴᠢᠨᠠᠷ ᠤᠨ ᠰᠤᠷᠭᠠᠨ ᠬᠥᠮᠦᠵᠢᠯ ᠳᠠᠬᠢ ᠴᠢᠩᠱᠠᠨ ᠲᠣᠭᠤᠷᠢᠭ ᠤᠨ | ᠨᠣᠮ ᠤᠨ ᠰᠠᠩ ᠤᠨ ᠢᠳᠡᠪᠬᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ ᠦᠷᠨᠢᠭᠦᠯᠦᠭᠰᠡᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠪᠠᠭᠠᠴᠤᠳ ᠬᠡᠦᠬᠡᠳ ᠤᠨ ᠤᠷᠠᠨ ᠵᠢᠷᠤᠭ ᠤᠨ | ᠪᠦᠲᠦᠭᠡᠯ ᠨᠢ 4 ᠨᠢᠭᠡᠳᠦᠭᠡᠷ ᠳᠡᠰ ᠤᠨ ᠱᠠᠩᠨᠠᠯ᠂ 7 ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠦᠨᠳᠦᠰᠦᠲᠡᠨ ᠤ | ᠰᠣᠶᠣᠯ ᠢ ᠪᠠᠳᠠᠷᠠᠭᠤᠯᠬᠤ᠂ ᠬᠤᠪᠢᠰᠬᠠᠯ ᠤᠨ ᠳᠤᠷᠠᠰᠤᠮᠵᠢ ᠶᠢ ᠭᠦᠨᠵᠡᠭᠡᠶᠢᠷᠡᠭᠦᠯᠬᠦ᠂ ᠦᠨᠡᠨ ᠰᠠᠶᠢᠨ ᠰᠠᠶᠢᠬᠠᠨ ᠢ | ᠪᠠᠳᠠᠷᠠᠭᠤᠯᠬᠤ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠵᠠᠩ ᠴᠢᠨᠠᠷ ᠲᠤ ᠴᠢᠬᠤᠯᠠ | ᠦᠢᠯᠡᠳᠦᠯ ᠦᠵᠡᠭᠦᠯᠦᠭᠰᠡᠨ ᠢ ᠭᠦᠢᠴᠡᠳ ᠬᠠᠷᠠᠭᠤᠯᠤᠭᠰᠠᠨ ᠪᠠᠶᠢᠨ᠎ᠠ᠃ | | | | | | |