1—3 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ | ︵ᠭᠤᠣᠯᠳᠠᠯᠭ᠎ᠠ ᠲᠠᠢ ᠬᠢᠨᠠᠨ ᠬᠡᠮᠵᠢᠯᠲᠡ ᠶᠢ ᠪᠠᠭᠲᠠᠭᠠᠨ᠎ᠠ︶ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 8.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠨ᠂ ᠲᠦᠷᠦᠭᠦᠸ | ᠰᠠᠷ᠎ᠠ ᠶᠢᠨ ᠬᠢ ᠠᠴᠠ 3.7 ᠵᠠᠭᠤᠨ ᠤ ᠨᠢᠭᠡᠴᠢ ᠨᠡᠮᠡᠭᠳᠡᠵᠦ᠂ 2022 ᠣᠨ ᠤ 1—3 ᠳ᠋ᠤᠭᠠᠷ ᠰᠠᠷ᠎ᠠ ᠶᠢᠨ | ᠨᠡᠮᠡᠭᠳᠡᠯ ᠤᠨ ᠬᠤᠷᠳᠤᠴᠠ ᠲᠠᠢ ᠬᠠᠷᠢᠴᠠᠭᠤᠯᠪᠠᠯ 17.5 ᠵᠠᠭᠤᠨ ᠤ ᠨᠢᠭᠡᠴᠢ ᠨᠡᠮᠡᠭᠳᠡᠨ᠂ ᠬᠤᠶᠠᠷ ᠵᠢᠯ ᠳᠤ | ᠳᠤᠮᠳᠠᠴᠢ ᠪᠠᠷ 0.77 ᠵᠠᠭᠤᠨ ᠤ ᠨᠢᠭᠡᠴᠢ ᠨᠡᠮᠡᠭᠳᠡᠵᠡᠢ᠃ | ᠠᠷᠪᠠᠨ ᠶᠡᠭᠡ ᠲᠥᠷᠥᠯ ᠵᠦᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ | ᠲᠦᠷᠦᠭᠦᠸ ᠰᠠᠷ᠎ᠠ ᠶᠢᠨ ᠬᠢ ᠲᠠᠢ ᠬᠠᠷᠢᠴᠠᠭᠤᠯᠪᠠᠯ ︽ᠳᠣᠯᠤᠭ᠎ᠠ ᠳᠡᠭᠡᠭᠰᠢᠯᠡᠵᠦ ᠭᠤᠷᠪᠠ ᠪᠠᠭᠤᠷᠠᠬᠤ︾ ᠬᠠᠨᠳᠤᠰᠢ ᠲᠠᠢ | ᠪᠠᠶᠢᠨ᠎ᠠ᠃ ᠰᠤᠷᠭᠠᠨ ᠬᠥᠮᠦᠵᠢᠯ ᠤᠨ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ | ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ | ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 42.3 ᠵᠠᠭᠤᠨ ᠤ | ᠨᠢᠭᠡᠴᠢ᠂ 39.9 ᠵᠠᠭᠤᠨ ᠤ ᠨᠢᠭᠡᠴᠢ᠂ 30.8 ᠵᠠᠭᠤᠨ ᠤ ᠨᠢᠭᠡᠴᠢ᠂ 7.6 ᠵᠠᠭᠤᠨ ᠤ ᠨᠢᠭᠡᠴᠢ᠂ 7.6 ᠵᠠᠭᠤᠨ ᠤ | ᠨᠢᠭᠡᠴᠢ᠂ 6.7 ᠵᠠᠭᠤᠨ ᠤ ᠨᠢᠭᠡᠴᠢ᠂ 4.5 ᠵᠠᠭᠤᠨ ᠤ ᠨᠢᠭᠡᠴᠢ ᠨᠡᠮᠡᠭᠳᠡᠪᠡ︔ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ︵ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠡᠵᠡᠩᠨᠡᠯᠲᠡ ᠪᠠᠭᠲᠠᠬᠤ ᠦᠭᠡᠢ︶᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠲᠦᠷᠦᠭᠦᠸ ᠰᠠᠷ᠎ᠠ ᠶᠢᠨ ᠬᠢ ᠠᠴᠠ ᠲᠣᠰ ᠲᠣᠰ 2.1 ᠵᠠᠭᠤᠨ ᠤ ᠨᠢᠭᠡᠴᠢ᠂ 6 ᠵᠠᠭᠤᠨ ᠤ ᠨᠢᠭᠡᠴᠢ᠂ 51.9 | ᠵᠠᠭᠤᠨ ᠤ ᠨᠢᠭᠡᠴᠢ ᠪᠠᠭᠤᠷᠠᠪᠠ᠃ | |