ᠴᠢᠩᠱᠠᠨ ᠲᠣᠭᠤᠷᠢᠭ ︽ᠵᠢᠷᠭᠤᠭ᠎ᠠ ᠳᠤ ᠭᠥᠴᠥᠯᠡᠬᠦ︾ ᠪᠠᠷ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠢᠯᠡᠰ ᠤᠨ ᠴᠢᠨᠠᠷ ᠰᠠᠶᠢᠳᠠᠢ ᠭᠥᠭᠵᠢᠯᠳᠡ ᠶᠢ ᠠᠬᠢᠭᠤᠯᠪᠠ
ᠨᠡᠶᠢᠲᠡᠯᠡᠭᠰᠡᠨ ᠴᠠᠭ᠄
2023/5/8
      ᠴᠢᠩᠱᠠᠨ ᠲᠣᠭᠤᠷᠢᠭ ᠤᠨ ᠬᠢᠨ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠡᠨ ᠣᠬᠠᠭᠤᠯᠵᠣ ᠲᠣᠭᠤᠰᠢᠯᠠᠭᠤᠯᠬᠤ ᠶᠢᠨ ᠲᠣᠭᠤᠷᠢᠨ ᠳᠤ᠂ ᠰᠢ ᠶᠢᠨ ᠫᠢᠩ ᠶᠡᠷᠥᠩᠬᠡᠢ ᠱᠥᠵᠢ ᠶᠢᠨ ᠥᠪᠥᠷ ᠮᠣᠩᠭᠤᠯ  ᠳᠤ ᠲᠣᠰᠢᠶᠠᠭᠰᠠᠨ ︽ᠲᠠᠪᠣᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂ ︽ᠵᠢᠱᠢᠶᠠᠴᠢ ᠥᠪᠡᠷᠳᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠶᠡᠷᠥᠩᠬᠡᠢ ᠱᠠᠭᠠᠷᠳᠠᠯᠭ᠎ᠠ ᠪᠠᠷ ᠲᠥᠪ ᠶᠢᠨ᠂ ᠥᠨᠪᠡᠷᠳᠡᠭᠡᠨ ᠵᠠᠰᠠᠬᠤ ᠣᠷᠣᠨ ᠤ᠂ ᠪᠣᠭᠤᠳᠣ ᠬᠤᠳᠠ ᠶᠢᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠣᠨ᠂ ᠰᠢ ᠶᠢᠨ ᠫᠢᠩ ᠶᠡᠷᠥᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢ ᠥᠨᠳᠥᠰᠥᠳᠡᠨ ᠤ ᠠᠵᠢᠯ ᠤᠨ ᠪᠥᠭᠦ ᠶᠠᠪᠣᠴᠨ ᠳᠤ ᠥᠨᠡᠨ ᠬᠦ ᠲᠣᠭᠤᠰᠢᠯᠠᠭᠤᠯᠵᠣ᠂ ᠰᠢᠨ᠎ᠡ ᠴᠠᠭ ᠥᠶ᠎ᠡ ᠶᠢᠨ ᠨᠠᠮ ᠤᠨ ᠥᠨᠳᠥᠰᠥᠳᠡᠨ ᠤ ᠠᠵᠢᠯ ᠤᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠪᠠᠷᠢᠯ ᠢ‌ᠢᠳᠡᠪᠬᠢᠳᠠᠢ ᠡᠷᠢᠯᠬᠢᠯᠡᠨ ᠭᠠᠷᠭᠠᠵᠣ᠂ ︽ᠵᠢᠷᠭᠤᠭ᠎ᠠ ᠳᠤ ᠭᠥᠴᠥᠯᠡᠬᠦ︾ ᠪᠠᠷ ᠥᠨᠳᠥᠰᠥᠳᠡᠨ ᠤ ᠠᠵᠢᠯ  ᠤᠨ ᠴᠢᠨᠠᠷ ᠰᠠᠶᠢᠳᠠᠢ ᠭᠥᠭᠵᠢᠯᠳᠡ ᠶᠢ ᠠᠬᠢᠭᠤᠯᠪᠠ᠃      ᠨᠢᠬᠡ᠂ ᠥᠨᠳᠥᠷ ᠪᠠᠶᠢᠷᠢᠨ ᠳᠤ ᠰᠦᠪᠡᠭᠴᠢᠯᠡᠬᠦ ᠳᠤ ᠭᠥᠴᠥᠯᠡᠵᠣ᠂ ᠥᠨᠳᠥᠰᠥᠳᠡᠨ ᠤ ᠠᠵᠢᠯ ᠢ ᠠᠬᠢᠭᠤᠯᠬᠤ ᠬᠥᠴᠥᠨ ᠢᠶᠠᠨ ᠨᠢᠭᠳᠠᠷᠠᠭᠤᠯᠪᠠ᠃ ᠣᠯᠠᠨ ᠵᠢᠯ ᠤᠨ ᠲᠤᠷᠰᠢ᠂ ᠴᠢᠩᠱᠠᠨ ᠲᠣᠭᠤᠷᠢᠭ ᠤᠨ ᠬᠢᠨ ᠨᠠᠮ ᠤᠨ ᠪᠥᠬᠦ ᠲᠠᠯ᠎ᠠ ᠶᠢᠨ ᠣᠳᠣᠷᠢᠳᠣᠯᠭ᠎ᠠ ᠶᠢ ᠥᠨᠳᠥᠰᠥᠳᠡᠨ ᠤ ᠠᠵᠢᠯ ᠢ ᠰᠠᠶᠢᠳᠣᠷ ᠬᠢᠬᠦ ᠶᠢᠨ ᠥᠨᠳᠥᠰᠥᠨ ᠪᠠᠳᠣᠯᠠᠭ᠎ᠠ ᠪᠣᠯᠭᠠᠬᠤ ᠶᠢ ᠢᠮᠠᠭᠳᠠ ᠪᠠᠷᠢᠮᠳᠠᠯᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ︽ᠭᠤᠷᠪᠠᠨ ᠰᠢᠰᠲ᠋ᠧᠮ︾ ᠢ ᠲᠡᠭᠦᠯᠳᠡᠷᠵᠢᠬᠦᠯᠬᠦ᠂ ︽ᠲᠥᠷᠪᠡᠨ ᠨᠥᠯᠥᠭᠡ ᠶᠡᠬᠡᠲᠡᠢ ᠣᠷᠣᠨ ᠪᠦᠰᠡ︾ ᠶᠢ ᠪᠠᠶᠢᠭᠤᠯᠬᠤ᠂ ︽ᠲᠠᠪᠣᠨ ᠬᠤᠳᠠ ᠲᠣᠭᠤᠷᠢᠭ︾ ᠢ ᠪᠥᠳᠥᠭᠡᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ ᠪᠠᠶᠢᠷᠢ ᠲᠣᠭᠳᠠᠭᠠᠯᠳᠠ ᠶᠢᠨ ᠲᠣᠭᠤᠷᠢᠨ ᠳᠤ᠂ ︽ᠲᠣᠯᠣᠭᠠᠨ ᠰᠢᠨ᠎ᠡ ᠴᠢᠩᠱᠠᠨ︾ ᠢ ᠪᠠᠶᠢᠭᠤᠯᠬᠤ ᠲᠡᠮᠡᠴᠡᠬᠦ ᠬᠠᠷᠠᠯᠳᠠ ᠪᠠᠨ ᠲᠥᠷᠭᠡᠳᠭᠡᠵᠣ᠂ ᠠᠯᠣᠰ ᠭᠡᠳᠣ ᠶᠢᠨ ᠵᠣᠭᠰᠣᠯᠳᠠ ᠲᠠᠢ ᠪᠠᠶᠢᠵᠣ᠂ ᠥᠨᠳᠥᠰᠥᠳᠡᠨ ᠤ ᠠᠵᠢᠯ ᠢ ᠲᠠᠰᠣᠷᠠᠯᠳᠠ ᠥᠭᠡᠢ ᠴᠢᠩᠭᠠᠳᠬᠠᠨ ᠰᠠᠶᠢᠵᠢᠷᠠᠭᠤᠯᠵᠣ᠂ ᠥᠨᠳᠥᠰᠥᠳᠡᠨ ᠤ ᠠᠵᠢᠯ ᠤᠨ ᠪᠠᠶᠢᠭᠤᠯᠣᠮᠵᠢ ᠲᠣᠭᠳᠠᠴᠨ ᠪᠠᠨ ᠲᠠᠰᠣᠷᠠᠯᠳᠠ ᠥᠭᠡᠢ ᠲᠡᠭᠦᠯᠳᠡᠷᠵᠢᠬᠦᠯᠥᠨ᠂ ᠨᠢᠬᠡᠳᠣᠮᠡᠯ ᠹᠷᠣᠨᠲ ᠤᠨ ᠠᠵᠢᠯ ᠤᠨ ᠣᠳᠣᠷᠢᠳᠬᠤ ᠲᠣᠭᠤᠶᠢᠯᠠᠩ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠡᠭᠦᠳᠣᠨ ᠪᠠᠶᠢᠭᠤᠯᠬᠤ ᠠᠵᠢᠯ ᠤᠨ ᠣᠳᠣᠷᠢᠳᠬᠤ ᠲᠣᠭᠤᠶᠢᠯᠠᠩ᠂ ᠥᠨᠳᠥᠰᠥᠳᠡᠨ ᠤ ᠠᠵᠢᠯ ᠢ ᠵᠣᠬᠢᠴᠠᠭᠤᠯᠬᠤ ᠣᠳᠣᠷᠢᠳᠬᠤ ᠲᠣᠭᠤᠶᠢᠯᠠᠩ᠂ ᠥᠨᠳᠥᠰᠥᠳᠡᠨ ᠤ ᠠᠵᠢᠯ ᠤᠨ ᠭᠤᠷᠪᠠᠨ ᠱᠠᠳᠣᠨ ᠤ ᠰᠥᠯᠵᠢᠶ᠎ᠡ ᠵᠡᠷᠭᠡ ᠠᠵᠢᠯ ᠤᠨ ᠪᠠᠶᠢᠭᠤᠯᠣᠮᠵᠢ ᠶᠢ ᠪᠠᠶᠢᠭᠤᠯᠣᠨ ᠪᠥᠷᠢᠨᠰᠢᠭᠦᠯᠵᠠᠢ᠃ ᠪᠥᠬᠦ ᠣᠯᠣᠰ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠭᠦᠯᠬᠦ ᠲᠣᠭᠤᠷᠢᠭ ᠢ ᠡᠭᠦᠳᠣᠨ ᠪᠠᠶᠢᠭᠤᠯᠬᠤ ᠪᠠᠷ᠂ ᠴᠢᠩᠱᠠᠨ ᠲᠣᠭᠤᠷᠢᠭ ᠤᠨ ᠨᠠᠮ ᠪᠠ ᠣᠯᠠᠨ ᠲᠥᠮᠡᠨ ᠤ ᠥᠢᠯᠡᠴᠢᠯᠡᠭᠡᠨ ᠤ ᠲᠥᠪ᠂ ᠰᠢᠨ᠎ᠡ ᠴᠠᠭ ᠥᠶ᠎ᠡ ᠶᠢᠨ ᠪᠣᠯᠪᠠᠰᠣᠨ ᠤ ᠥᠢᠯᠡᠳᠣᠯᠭᠡ ᠶᠢᠨ ᠲᠥᠪ ᠵᠡᠷᠭᠡ ᠣᠬᠠᠭᠤᠯᠭ᠎ᠠ ᠬᠥᠮᠥᠵᠢᠯ ᠤᠨ ᠹᠷᠣᠨᠲ ᠢ ᠰᠢᠨ᠎ᠡ ᠪᠠᠷ ᠡᠭᠦᠳᠥᠨ ᠪᠠᠶᠢᠭᠤᠯᠵᠣ᠂ ᠡᠭᠦᠳᠥᠨ ᠪᠠᠶᠢᠭᠤᠯᠬᠤ ᠡᠯ᠎ᠡ ᠵᠥᠢᠯ ᠤᠨ ᠠᠵᠢᠯ ᠢ ᠪᠥᠬᠦ ᠲᠠᠯ᠎ᠠ ᠪᠠᠷ᠂ ᠴᠢᠨᠠᠷ ᠰᠠᠶᠢᠳᠠᠢ ᠠᠬᠢᠭᠤᠯᠣᠨ᠂ ᠪᠥᠬᠦ ᠨᠡᠶᠢᠭᠡᠮ ᠤᠨ ᠥᠨᠳᠥᠰᠥᠳᠡᠨ ᠤ ᠠᠵᠢᠯ ᠢ ᠰᠠᠶᠢᠳᠣᠷ ᠬᠢᠬᠦ ᠡᠷᠡᠯᠭᠡᠭᠯᠡᠨ ᠣᠷᠣᠭᠰᠢᠯᠠᠬᠤ ᠠᠤᠭ᠎ᠠ ᠭᠥᠴᠥᠨ ᠢ ᠨᠢᠭᠳᠠᠷᠠᠭᠤᠯᠪᠠ᠃
1.jpg     
           ᠬᠤᠶᠠᠷ᠂ ᠥᠵᠡᠯ ᠰᠠᠨᠠᠭᠠᠨ ᠤ ᠬᠥᠮᠥᠵᠢᠯ ᠳᠤ ᠬᠥᠴᠥᠯᠡᠵᠣ᠂ ᠥᠨᠳᠥᠰᠥᠳᠡᠨ ᠤ ᠠᠵᠢᠯ ᠤᠨ ᠵᠥᠪ ᠴᠢᠭᠯᠡᠯ ᠢᠶᠠᠨ ᠪᠠᠳᠣᠳᠬᠠᠪᠠ᠃ ᠨᠠᠮ ᠤᠨ ᠥᠨᠳᠥᠰᠥᠳᠡᠨ ᠤ ᠠᠵᠢᠯ ᠤᠨ ᠴᠢᠭᠯᠡᠯᠳᠡ ᠲᠥᠷᠣ ᠶᠢᠨ ᠪᠣᠳᠣᠯᠭ᠎ᠠ ᠪᠠ ᠲᠥᠪ ᠤᠨ᠂ ᠥᠪᠡᠷᠳᠡᠭᠡᠨ ᠵᠠᠰᠠᠬᠤ ᠣᠷᠣᠨ ᠤ᠂ ᠬᠤᠳᠠ ᠶᠢᠨ ᠨᠠᠮ ᠤᠨ ᠬᠤᠷᠢᠶᠠᠨ ᠤ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠭᠤᠣᠯ ᠲᠣᠭᠤᠶᠢᠯᠠᠩ ᠤᠨ ᠰᠣᠷᠣᠯᠴᠠᠬᠤ ᠬᠤᠷᠠᠯ ᠵᠡᠷᠭᠡ ᠳᠤ ᠣᠷᠣᠭᠤᠯᠣᠨ ᠲᠣᠰᠬᠠᠢ ᠰᠡᠳᠣᠪ ᠢᠶᠠᠷ ᠰᠣᠷᠣᠯᠴᠠᠵᠣ᠂ ᠲᠡᠷᠨ ᠬᠡᠪ ᠢᠶᠠᠷ ᠨᠢ ᠰᠣᠷᠣᠯᠴᠠᠬᠤ ᠪᠠ ᠥᠬᠡ ᠥᠰᠥᠭ ᠲᠠᠠᠷᠠᠭᠠᠯᠠᠨ ᠰᠣᠷᠣᠯᠴᠠᠬᠤ ᠶᠢ ᠪᠠᠷᠢᠮᠳᠠᠯᠠᠨ᠂ ᠲᠠᠷᠢᠬᠢ ᠲᠣᠯᠣᠭᠠᠢ ᠳᠤᠨᠢ ᠬᠠᠳᠠᠩᠰᠢᠭᠤᠯᠵᠣ᠂ ᠠᠵᠢᠯᠯᠠᠭ᠎ᠠ ᠲᠡᠭᠡᠷ᠎ᠡ ᠪᠠᠨ ᠥᠷ᠎ᠡ ᠪᠥᠳᠥᠮᠵᠢ ᠭᠠᠷᠭᠠᠬᠤ ᠳᠤ ᠭᠥᠴᠣ ᠲᠡᠯᠪᠢᠭᠤᠯᠪᠠ᠃ ᠡᠭᠦᠨ ᠤ ᠬᠠᠮᠳᠣ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠰᠣᠷᠣᠯᠴᠠᠬᠤ ᠠᠭᠤᠯᠭ᠎ᠠ᠂ ᠨᠠᠮ ᠤᠨ ᠬᠡᠰᠢᠭᠦᠨ ᠺᠠᠳ᠋ᠷᠴᠤᠳ ᠢ ᠬᠥᠮᠥᠵᠢᠭᠦᠯᠥᠨ ᠪᠣᠯᠪᠠᠰᠣᠷᠠᠭᠤᠯᠬᠤ ᠲᠥᠯᠥᠪᠯᠡᠭᠡ᠂ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠭᠤᠯᠭ᠎ᠠ ᠵᠡᠷᠭᠡ ᠳᠤ ᠣᠷᠣᠭᠤᠯᠵᠣ᠂ ᠪᠣᠭᠤᠳᠣ ᠶᠢᠨ ᠨᠢᠬᠡᠳᠣᠮᠡᠯ ᠹᠷᠣᠨᠲ᠂ ᠴᠢᠩᠱᠠᠨ ᠤ ᠭᠥᠮᠥᠨ ᠴᠢᠩᠱᠠᠨ ᠤ ᠶᠠᠪᠣᠳᠠᠯ ᠤᠨ ᠸᠢᠴᠡᠲ ᠤᠨ ᠨᠡᠶᠢᠳᠡ ᠶᠢᠨ ᠳ᠋ᠣᠭᠠᠷ ᠵᠡᠷᠭᠡ ᠰᠢᠨ᠎ᠡ ᠵᠠᠭᠤᠴᠢᠯᠠᠭᠤᠷ  ᠲᠤ ᠨᠠᠮ ᠤᠨ ᠥᠨᠳᠥᠰᠥᠳᠡᠨ ᠤ ᠠᠵᠢᠯ ᠤᠨ ᠴᠢᠭᠯᠡᠯᠳᠡ ᠲᠥᠷᠣ ᠶᠢᠨ ᠪᠣᠳᠣᠯᠭ᠎ᠠ ᠶᠢ ᠥᠷᠭᠡᠨ ᠢᠶᠠᠷ ᠣᠬᠠᠭᠤᠯᠵᠣ᠂ ᠡᠯ᠎ᠡ ᠱᠠᠳᠣᠨ ᠤ ᠨᠠᠮ ᠤᠨ ᠬᠡᠰᠢᠭᠦᠨ ᠺᠠᠳ᠋ᠷᠴᠤᠳ ᠤᠨ ᠨᠠᠮ ᠤᠨ ᠥᠨᠳᠥᠰᠥᠳᠡᠨ ᠤ ᠠᠵᠢᠯ ᠤᠨ ᠴᠢᠳᠠᠪᠣᠷᠢ ᠶᠢ ᠣᠯᠠᠮ ᠨᠢᠬᠡ ᠠᠯᠬᠤᠮ ᠲᠡᠬᠡᠭᠰᠢᠯᠡᠭᠦᠪᠡ᠃      ᠭᠤᠷᠪᠠ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠳᠤ ᠭᠥᠴᠥᠯᠡᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠳᠤ ᠠᠴᠢ ᠬᠤᠯᠪᠣᠭᠳᠠᠯ ᠲᠠᠢ ᠪᠣᠯᠭᠠᠪᠠ᠃ ᠴᠢᠩᠱᠠᠨ ᠲᠣᠭᠤᠷᠢᠭ ᠤᠨ ᠬᠢᠨ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠳᠠᠷᠠᠭᠤᠯᠬᠤ ᠶᠢ ᠴᠠᠭ ᠢᠮᠠᠭᠳᠠ ᠲᠡᠷᠢᠬᠦᠨ ᠪᠠᠶᠢᠷᠢᠨ ᠳᠤ ᠲᠠᠯᠪᠢᠳᠠᠭ᠃ ᠲᠣᠭᠤᠷᠢᠭ ᠲᠤ ᠰᠠᠭᠤᠷᠢᠰᠢᠭ᠎ᠠ ᠣᠯᠣᠰ ᠤᠨ ᠥᠮᠴᠢᠯᠠᠯᠳᠣ ᠠᠵᠣ ᠠᠬᠤᠶᠢᠯᠠᠯ ᠤᠨ ᠬᠤᠷᠢᠶᠠᠯᠠᠯ ᠤᠨ ︽ᠭᠤᠷᠪᠠᠨ ᠬᠠᠩᠭᠠᠯᠭ᠎ᠠ ᠨᠢᠬᠡ ᠠᠳᠠᠯ ᠠᠬᠤᠢ︾ ᠶᠢ ᠰᠠᠯᠭᠠᠵᠣ ᠰᠢᠯᠵᠢᠬᠦᠯᠥᠨ ᠲᠣᠰᠢᠶᠠᠵᠣ ᠥᠭᠡᠷᠡᠴᠢᠯᠡᠬᠦ᠂ ᠬᠠᠭᠤᠴᠢᠨ ᠬᠤᠷᠢᠶᠠᠯᠠᠯ ᠢ ᠵᠠᠰᠠᠨ ᠰᠠᠶᠢᠵᠢᠷᠠᠭᠤᠯᠬᠤ᠂ ︽ᠲᠣᠯᠠᠭᠠᠬᠠᠨ ᠭᠡᠷ︾ ᠤᠨ ᠢᠨᠵᠧᠨᠧᠷᠢᠩ ᠵᠡᠷᠭᠡ ᠨᠢ ᠪᠥᠬᠦ ᠲᠣᠭᠤᠷᠢᠭ ᠤᠨ ᠬᠠᠭᠠᠰ ᠰᠢᠬᠠᠮ ᠬᠠᠭᠤᠴᠢᠨ ᠣᠷᠣᠨ ᠰᠠᠭᠤᠴᠨ ᠶᠢ ᠰᠢᠨ᠎ᠡ ᠲᠥᠷᠰᠣ ᠪᠠᠶᠢᠳᠠᠯ ᠲᠠᠢ ᠪᠣᠯᠭᠠᠪᠠ᠃ ᠥᠳᠡᠭᠦᠰ ᠪᠠᠭᠠᠴᠣᠳ ᠤᠨ ᠴᠡᠩᠭᠡᠯ ᠤᠨ ᠬᠥᠷᠢᠶᠡᠯᠡᠩ ᠤᠨ ᠨᠠᠰᠣᠳᠠᠨ ᠢ ᠠᠰᠠᠷᠠᠬᠤ ᠵᠠᠭᠪᠣᠷ ᠢ ᠰᠢᠨ᠎ᠡ ᠪᠠᠷ ᠡᠭᠦᠳᠣᠨ ᠰᠥᠪᠡᠭᠴᠢᠯᠡᠵᠣ᠂ ᠣᠷᠤᠭ ᠬᠡᠷ ᠪᠥᠯᠢ ᠶᠢᠨ ᠨᠡᠶᠢᠭᠡᠮᠴᠢᠯᠡᠯᠳᠡ ᠶᠢᠨ ᠥᠢᠯᠡᠴᠢᠯᠡᠭᠡ ᠶᠢ ᠭᠡᠷᠡᠭᠵᠢᠬᠦᠯᠬᠦ ᠵᠡᠷᠭᠡ ᠠᠷᠠᠳ ᠲᠤ ᠠᠰᠢᠭ ᠭᠥᠷᠳᠡᠭᠡᠬᠦ ᠠᠯᠢ ᠣᠯᠠᠨ ᠠᠷᠭ᠎ᠠ ᠬᠡᠮᠵᠢᠶ᠎ᠡ ᠨᠢ ᠠᠷᠠᠳ ᠤᠨ ᠰᠡᠳᠬᠢᠯ ᠢ ᠣᠯᠠᠨ ᠨᠢᠬᠡ ᠠᠯᠬᠤᠮ ᠨᠢᠭᠳᠠᠷᠠᠭᠤᠯᠪᠠ᠃ ᠥᠨᠳᠥᠰᠥᠳᠡᠨ ᠤ ᠥᠢᠯᠡᠰ ᠤᠨ ᠬᠥᠭᠵᠢᠯᠳᠡ ᠶᠢᠨ ᠵᠠᠷᠣᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠣᠭᠰᠠᠨ ᠪᠥᠬᠡᠳ ᠵᠢᠯ ᠠᠴᠠ ᠵᠢᠯ ᠨᠡᠮᠡᠭᠳᠡᠭᠦᠯᠥᠨ᠂ ᠥᠨᠳᠥᠰᠥᠳᠡᠨ ᠤ ᠠᠵᠢᠯ ᠤᠨ ᠥᠷᠨᠢᠬᠦᠨ ᠬᠥᠭᠵᠢᠯᠳᠡ  ᠳᠤ  ᠴᠢᠩᠭ᠎ᠠ ᠬᠥᠴᠥᠳᠠᠢ ᠬᠥᠷᠥᠩᠭᠡ ᠮᠥᠩᠬᠦ ᠶᠢᠨ ᠲᠣᠯᠭᠠᠭᠤᠷᠢᠯᠠᠯ ᠢ ᠬᠠᠩᠭᠠᠪᠠ᠃      ᠲᠥᠷᠪᠠ᠂ ᠣᠨᠢᠨ ᠲᠡᠭᠡᠷ᠎ᠡ ᠨᠢ ᠪᠥᠷᠬᠦᠭᠦᠯᠬᠦ ᠳᠤ ᠭᠥᠴᠥᠯᠡᠵᠣ᠂ ᠰᠠᠶᠢᠨ ᠰᠠᠶᠢᠬᠠᠨ ᠣᠶᠣᠨ ᠰᠠᠨᠠᠭᠠᠨ ᠤ ᠭᠡᠷ ᠣᠷᠣᠨ ᠢᠶᠠᠨ ᠬᠠᠮᠳᠣ ᠪᠠᠷ ᠪᠠᠶᠢᠭᠤᠯᠪᠠ᠃ ᠴᠢᠩᠱᠠᠨ ᠲᠣᠭᠤᠷᠢᠭ ᠤᠨ ᠬᠢᠨ ᠥᠨᠳᠥᠰᠥᠳᠡᠨ ᠨᠦᠭᠦᠳ ᠤᠨ ᠣᠯᠠᠨ ᠲᠥᠮᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠤᠨ ᠬᠠᠷᠢᠯᠴᠡᠨ ᠥᠢᠯᠡᠳᠥᠯᠴᠡᠬᠦ ᠲᠠᠪᠴᠡᠩ ᠢ ᠭᠥᠴᠥᠯᠡᠨ ᠪᠠᠶᠢᠭᠤᠯᠵᠣ᠂ ᠲᠣᠮᠳᠠᠳᠣ ᠶᠢᠨ ᠰᠢᠯᠢᠳᠡᠭ ᠰᠣᠶᠣᠯ ᠢ ᠬᠥᠭᠵᠢᠬᠦᠯᠥᠨ ᠮᠠᠨᠳᠣᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠬᠦᠯᠥᠨ᠂ ︽ᠪᠥᠬᠦ ᠲᠠᠯ᠎ᠠ ᠪᠠᠷ ᠪᠥᠷᠬᠦᠬᠦᠯᠬᠦ︾ ᠪᠠ ︽ᠣᠨᠢᠨ ᠲᠡᠭᠡᠷ᠎ᠡ ᠨᠢ ᠲᠥᠪᠯᠡᠷᠡᠬᠦᠯᠭᠦ︾ ᠶᠢ ᠬᠠᠷᠢᠯᠴᠡᠨ ᠣᠶᠠᠯᠳᠣᠭᠤᠯᠬᠤ ᠶᠢ ᠪᠠᠷᠢᠮᠳᠠᠯᠠᠵᠣ᠂ ᠣᠬᠠᠭᠤᠯᠭ᠎ᠠ ᠬᠥᠮᠥᠵᠢᠯ ᠤᠨ ᠣᠯᠠᠨᠴᠢᠯᠠᠯᠳᠠ᠂ ᠰᠣᠶᠣᠯ ᠢᠷᠭᠡᠨᠰᠢᠯᠠᠯᠳᠠ ᠶᠢ ᠠᠬᠢᠭᠤᠯᠵᠣ᠂ ᠪᠥᠬᠦ ᠲᠠᠯ᠎ᠠ ᠶᠢᠨ ᠣᠯᠠᠨ ᠬᠠᠷᠠᠭᠠᠰᠣ ᠠᠴᠠ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠪᠠ᠃ ᠣᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠵᠣ᠂ ᠣᠬᠠᠭᠤᠯᠭ᠎ᠠ ᠶᠢᠨ ᠠᠴᠢᠶᠠᠯᠠᠪᠣᠷᠢ ᠶᠢᠨ ᠰᠢᠨ᠎ᠡ ᠶᠢ ᠡᠭᠦᠳᠬᠦ᠂ ᠰᠣᠶᠣᠯ  ᠤᠨ ᠠᠴᠢᠶᠠᠯᠠᠪᠣᠷᠢ ᠶᠢ ᠪᠣᠢ ᠪᠣᠯᠭᠠᠬᠤ᠂ ᠣᠬᠠᠭᠤᠯᠭ᠎ᠠ ᠶᠢᠨ ᠹᠷᠣᠨᠲ ᠢ ᠪᠠᠶᠢᠭᠤᠯᠬᠤ ᠪᠠᠷ ᠰᠣᠷᠭᠠᠭᠤᠯᠢ ᠶᠢᠨ ᠬᠥᠷᠢᠶᠡᠨ ᠤ ᠥᠨᠳᠥᠰᠥᠳᠡᠨ ᠤ ᠬᠥᠮᠥᠵᠢᠯ ᠢ ᠠᠬᠢᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠨ᠂ ᠰᠠᠶᠢᠨ ᠰᠠᠶᠢᠬᠠᠨ ᠣᠶᠣᠨ ᠰᠠᠨᠠᠭᠠᠨ ᠤ ᠭᠡᠷ ᠣᠷᠣᠨ ᠢᠶᠠᠨ ᠬᠠᠮᠳᠣ ᠪᠠᠷ ᠪᠠᠶᠢᠭᠤᠯᠪᠠ᠃
2.jpg     
           ᠲᠠᠪᠤ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠭᠥᠴᠥᠯᠡᠵᠣ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠪᠠ᠃ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠡᠭᠦᠳᠥᠨ ᠪᠠᠶᠢᠭᠤᠯᠬᠤ ᠭᠤᠣᠯ ᠰᠡᠳᠣᠪᠳᠣ ᠠᠵᠢᠯᠯᠠᠭ᠎ᠠ ᠬᠢᠭᠡᠳ ︽ᠨᠢᠬᠡᠳᠣᠮᠡᠯ ᠹᠷᠣᠨᠲ ᠤᠨ ᠨᠠᠮ ᠤᠨ ᠬᠤᠷᠢᠳᠣᠭᠠᠷ ᠶᠡᠭᠡ ᠬᠤᠷᠠᠯ ᠳᠤ ᠪᠡᠯᠡᠭ ᠭᠥᠷᠭᠡᠬᠦ︾ ᠭᠤᠣᠯ ᠰᠡᠳᠣᠪᠳᠣ ᠣᠬᠠᠭᠤᠯᠭ᠎ᠠ ᠬᠥᠮᠥᠵᠢᠯ ᠢ ᠣᠷᠭᠠᠨᠢᠭ ᠢᠶᠠᠷ ᠣᠶᠠᠯᠳᠣᠭᠤᠯᠵᠣ᠂ ᠲᠥᠪᠯᠡᠷᠡᠬᠦᠯᠥᠨ ᠣᠬᠠᠭᠤᠯᠬᠤ᠂ ᠲᠣᠭᠤᠷᠢᠨ ᠥᠵᠡᠵᠣ ᠥᠢᠯᠡᠳᠣᠯᠬᠡᠵᠢᠬᠦᠯᠬᠦ᠂ ᠥᠨᠳᠥᠰᠥᠳᠡᠨ ᠱᠠᠰᠢᠨ ᠰᠣᠷᠳᠠᠬᠤᠨ ᠤ ᠣᠨᠣᠯ ᠲᠥᠷᠣ ᠶᠢᠨ ᠪᠣᠳᠣᠯᠭ᠎ᠠ ᠶᠢ ᠣᠬᠠᠭᠤᠯᠣᠨ ᠲᠠᠶᠢᠯᠪᠣᠷᠢᠯᠠᠬᠤ᠂ ᠥᠨᠳᠥᠰᠥᠳᠡᠨ ᠤ ᠪᠥᠯᠬᠦᠮᠳᠡᠯ ᠤᠨ ᠶᠠᠷᠢᠶ᠎ᠠ ᠢᠯᠡᠳᠭᠡᠯ ᠤᠨ ᠣᠷᠣᠯᠳᠣᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠬᠦᠯᠪᠠ᠃ ︽ᠨᠠᠮ ᠤᠨ ᠪᠠᠶᠢᠭᠤᠯᠣᠯᠳᠠ ᠪᠠᠷ ᠥᠨᠳᠥᠰᠥᠳᠡᠨ ᠤ ᠪᠥᠯᠬᠦᠮᠳᠡᠯ ᠢ ᠬᠥᠲᠥᠯᠦᠨ ᠵᠢᠯᠣᠭᠤᠳᠬᠤ︾ ᠠᠵᠢᠯ ᠤᠨ ᠵᠠᠭᠪᠣᠷ ᠢ ᠬᠡᠷᠡᠭᠵᠢᠬᠦᠯᠵᠣ᠂ ᠨᠠᠮ ᠤᠨ ᠲᠡᠣᠭᠡ ᠶᠢᠨ ᠰᠣᠷᠣᠯᠴᠠᠯᠭ᠎ᠠ ᠬᠥᠮᠥᠵᠢᠯ ᠪᠠ ᠪᠥᠬᠦ ᠲᠣᠭᠤᠷᠢᠭ ᠤᠨ ᠠᠵᠣ ᠠᠬᠤᠶᠢᠯᠠᠯ  ᠠᠴᠠ ᠬᠡᠷᠡᠭᠴᠡᠭᠡ ᠱᠠᠭᠠᠷᠳᠠᠯᠭ᠎ᠠ ᠠᠰᠠᠭᠤᠬᠤ᠂ ᠣᠯᠠᠨ ᠲᠥᠡᠮᠨ ᠠᠴᠠ ᠱᠠᠭᠠᠷᠳᠠᠯᠭ᠎ᠠ ᠠᠰᠠᠭᠤᠬᠤ ︽ᠬᠤᠶᠠᠷ ᠠᠰᠠᠭᠤᠯᠳᠠ︾ ᠶᠢᠨ ᠠᠵᠢᠯᠯᠠᠭ᠎ᠠ ᠲᠠᠢ ᠣᠶᠠᠯᠳᠣᠭᠤᠯᠣᠨ᠂ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠬᠡᠴᠢ ᠶᠢ ᠵᠣᠬᠢᠶᠠᠨ ᠪᠠᠶᠢᠭᠤᠯᠵᠣ ᠲᠥᠪ ᠤᠨ ᠥᠨᠳᠥᠰᠥᠳᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠥᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ︽ᠭᠤᠷᠪᠠᠨ ᠬᠤᠷᠠᠯ ᠨᠢᠬᠡ ᠬᠢᠴᠢᠶᠡᠯ︾ ᠳᠤ ᠣᠷᠣᠭᠤᠯᠣᠨ ᠲᠣᠰᠬᠠᠢ ᠰᠡᠳᠣᠪ ᠢᠶᠠᠷ ᠰᠣᠳᠣᠯᠣᠨ ᠶᠠᠷᠢᠯᠴᠠᠪᠠ᠃
3.jpg     
           ᠵᠢᠷᠭᠤᠭ᠎ᠠ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠳᠤ ᠭᠥᠴᠥᠯᠡᠵᠣ᠂ ᠥᠨᠳᠥᠰᠥᠳᠡᠨ ᠤ ᠭᠥᠳᠡᠭᠡ ᠲᠣᠰᠬᠤᠨ ᠢ ᠬᠥᠭᠵᠢᠬᠦᠯᠥᠨ ᠮᠠᠨᠳᠣᠭᠤᠯᠬᠤ ᠳᠤ ᠬᠥᠴᠥᠨ ᠨᠡᠮᠡᠷᠢᠯᠡᠪᠠ᠃ ᠡᠯ᠎ᠡ ᠠᠷᠠᠳᠴᠢᠯᠠᠭᠰᠠᠨ ᠨᠠᠮ ᠪᠥᠯᠥᠭ᠂ ᠨᠡᠶᠢᠳᠡ ᠶᠢᠨ ᠥᠮᠴᠢᠯᠡᠯ ᠤᠨ ᠪᠣᠰᠣ ᠠᠵᠣ ᠠᠬᠤᠢ ᠶᠢᠨ ᠲᠥᠯᠥᠭᠡᠯᠡᠭᠴᠢ ᠬᠥᠮᠥᠰ᠂ ᠨᠡᠶᠢᠭᠡᠮ ᠤᠨ ᠰᠢᠨ᠎ᠡ ᠲᠠᠪᠬᠤᠷᠭ᠎ᠠ ᠶᠢᠨ ᠭᠥᠮᠥᠰ ᠵᠡᠷᠭᠡ ᠨᠢᠬᠡᠳᠣᠮᠡᠯ ᠪᠷᠣᠨᠲ ᠤᠨ ᠭᠥᠴᠥᠨ ᠢ ᠵᠣᠬᠢᠶᠠᠨ ᠪᠠᠶᠢᠭᠤᠯᠵᠣ᠂ ᠰᠠᠭᠤᠷᠢ ᠪᠠᠨ ᠪᠠᠳᠣᠳᠬᠠᠬᠤ᠂ ᠠᠵᠣ ᠥᠢᠯᠡᠰ ᠢ ᠭᠥᠴᠥᠷᠭᠡᠭᠵᠢᠬᠦᠯᠬᠦ᠂ ᠣᠷᠣᠯᠭ᠎ᠠ ᠶᠢᠨ ᠨᠡᠮᠡᠭᠳᠡᠯ ᠤᠨ ᠬᠠᠷᠠᠯᠳᠠ ᠶᠢᠨ ᠡᠭᠦᠷᠭᠡ ᠶᠢ ᠠᠬᠢᠭᠤᠯᠬᠤ ᠶᠢ ᠴᠢᠩᠭ᠎ᠠ ᠠᠳᠬᠤᠪᠠ᠃ ᠥᠨᠳᠥᠰᠥᠳᠡᠨ ᠤ ᠬᠥᠭᠵᠢᠬᠦᠯᠥᠯᠳᠠ ᠶᠢᠨ ᠪᠡᠯᠨ ᠮᠥᠩᠬᠦ᠂ ᠲᠥᠪ ᠶᠢᠨ᠂ ᠥᠪᠡᠷᠳᠡᠭᠡᠨ ᠵᠠᠰᠠᠬᠤ ᠣᠷᠣᠨ ᠤ᠂ ᠪᠣᠭᠤᠳᠣ ᠬᠤᠳᠠ ᠶᠢᠨ ᠵᠣᠯᠭᠠᠭᠤᠯᠣᠨ ᠠᠬᠢᠭᠤᠯᠬᠤ ᠭᠥᠳᠡᠭᠡ ᠲᠣᠰᠬᠤᠨ ᠢ ᠬᠥᠭᠵᠢᠬᠦᠯᠥᠨ ᠮᠠᠨᠳᠣᠭᠤᠯᠬᠤ ᠨᠥᠬᠦᠪᠥᠷᠢ ᠶᠢᠨ ᠪᠡᠯᠨ ᠮᠥᠩᠬᠦ ᠶᠢ ᠢᠳᠡᠪᠬᠢᠳᠡᠢ ᠭᠤᠶᠣᠴᠢᠯᠠᠨ ᠣᠯᠵᠣ᠂ ᠨᠡᠶᠢᠭᠡᠮ ᠤᠨ ᠵᠠᠰᠠᠯᠳᠠ ᠶᠢᠨ ᠴᠢᠳᠠᠪᠣᠷᠢ ᠶᠢᠨ ᠲᠡᠭᠡᠭᠰᠢᠯᠡᠯᠳᠡ ᠳᠤ ᠭᠥᠴᠥᠨ ᠨᠡᠮᠡᠷᠢᠯᠠᠵᠣ᠂ ᠭᠥᠳᠡᠭᠡ ᠲᠣᠰᠬᠤᠨ ᠢ ᠬᠥᠭᠵᠢᠬᠦᠯᠥᠨ ᠮᠠᠨᠳᠣᠭᠤᠯᠬᠤ ᠶᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠢ ᠠᠬᠢᠭᠤᠯᠣᠨ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠪᠣᠳᠠᠰ ᠤᠨ ᠰᠠᠭᠤᠷᠢ ᠶᠢ ᠲᠠᠰᠣᠷᠠᠯᠳᠠ ᠥᠬᠡᠢ ᠪᠠᠳᠣᠳᠬᠠᠵᠣ᠂ ᠥᠨᠳᠥᠰᠥᠳᠡᠨ ᠨᠦᠭᠦᠳ ᠤᠨ ᠠᠷᠠᠳ ᠲᠥᠮᠡᠨ ᠤ ᠥᠢᠯᠡᠳᠪᠥᠷᠢᠯᠡᠯ ᠠᠮᠢᠳᠣᠷᠠᠯ ᠤᠨ ᠣᠷᠴᠢᠨ ᠨᠥᠭᠦᠴᠡᠯ ᠨᠢ ᠢᠯᠡᠳᠳᠡ ᠰᠠᠶᠢᠵᠢᠷᠠᠪᠠ᠃ ᠭᠥᠳᠡᠭᠡ ᠲᠣᠰᠬᠤᠨ ᠢ ᠬᠥᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠥᠨᠵᠡᠭᠡᠢ ᠬᠡᠷᠡᠭᠵᠢᠬᠦᠯᠵᠣ᠂ ᠭᠥᠳᠡᠭᠡ ᠲᠣᠰᠬᠤᠨ ᠤ ᠭᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠲᠣᠯᠣᠭᠠᠨ ᠶᠡᠭᠡ ᠢᠨᠵᠧᠨᠧᠷᠢᠩ︾ ᠢ ᠪᠥᠬᠦ ᠲᠠᠯ᠎ᠠ ᠪᠠᠷ ᠬᠡᠷᠡᠭᠵᠢᠬᠦᠯᠥᠨ᠂ ᠬᠤᠳᠠ ᠭᠥᠳᠡᠭᠡ ᠶᠢᠨ ᠬᠥᠭᠵᠢᠯᠳᠡ ᠶᠢᠨ ᠵᠣᠷᠢᠶ᠎ᠡ ᠶᠢ ᠪᠠᠭᠠᠰᠬᠠᠵᠣ᠂ ᠣᠶᠣᠨᠳᠣ ᠨᠣᠭᠤᠭ᠎ᠠ ᠶᠢᠨ ᠲᠠᠯᠠᠪᠠᠢ ᠶᠢ ᠪᠠᠶᠢᠭᠤᠯᠵᠣ᠂ ︽ᠭᠤᠷᠪᠠᠨ ᠵᠠᠭᠤᠨ ᠮᠧᠲᠷ ᠲᠤ ᠨᠣᠭᠤᠭᠠᠷᠠᠭᠤᠯᠵᠣ᠂ ᠲᠠᠪᠣᠨ ᠵᠠᠭᠤᠨ ᠮᠧᠲᠷ ᠲᠤ ᠴᠡᠴᠡᠷᠯᠢᠭ ᠪᠠᠶᠢᠭᠤᠯᠬᠤ︾ ᠠᠵᠢᠯᠯᠠᠭ᠎ᠠ ᠶᠢ ᠬᠥᠨᠵᠡᠭᠡᠶᠢᠷᠡᠬᠦᠯᠵᠣ᠂ ᠥᠪᠡᠷᠮᠢᠴᠨ ᠣᠨᠴᠠᠯᠢᠭ  ᠲᠠᠢ ︽ᠴᠢᠩᠱᠠᠨ ᠤ ᠵᠣᠴᠢᠯᠠᠬᠤ ᠲᠠᠩᠬᠢᠮ︾ ᠢ ᠪᠠᠶᠢᠭᠤᠯᠵᠣ᠂ ᠠᠭᠤᠯᠠᠨ ᠡᠩᠭᠡᠷ ᠤᠨ ᠪᠠᠶᠢᠭᠠᠯᠠᠢ ᠶᠢᠨ ᠬᠠᠮᠠᠭᠠᠯᠠᠯᠳᠠ ᠶᠢᠨ ᠣᠷᠣᠨ ᠤ ᠬᠢᠯᠢ ᠶᠢᠨ ᠵᠠᠭᠠᠭ ᠤᠨ ᠲᠣᠬᠢᠷᠠᠭᠤᠯᠣᠯᠳᠠ ᠶᠢ ᠢᠳᠡᠪᠬᠢᠳᠠᠢ ᠵᠣᠬᠢᠴᠠᠭᠤᠯᠣᠨ ᠠᠬᠢᠭᠤᠯᠵᠣ᠂ ︽ᠬᠥᠬᠡᠮᠳᠥᠭ ᠨᠣᠭᠤᠭᠠᠨ ᠠᠭᠤᠯᠨ ᠣᠰᠣ︾ ᠬᠢᠭᠡᠳ ︽ᠠᠯᠳᠠᠨ ᠮᠥᠩᠬᠦᠨ ᠠᠭᠤᠯᠨ ᠣᠰᠣ︾ ᠶᠢᠨ ᠬᠤᠣᠰ ᠴᠢᠭᠯᠡᠯ ᠤᠨ ᠰᠣᠯᠢᠭᠳᠠᠯ ᠤᠨ ᠵᠠᠮ ᠢ ᠨᠠᠪᠳᠡᠷᠡᠬᠦᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号