ᠪᠠᠷᠢᠯᠭ᠎ᠠ ᠶᠢᠨ ᠠᠵᠢᠯ ᠤᠨ ᠱᠤᠤᠭᠢᠶᠠᠨ ᠠᠷᠠᠳ ᠢ ᠦᠢᠮᠡᠭᠦᠯᠬᠦ ᠶᠢ ᠴᠢᠩᠭ᠎ᠠ ᠪᠠᠶᠢᠴᠠᠭᠠᠵᠤ    ᠠᠷᠠᠳ ᠤᠨ ᠨᠠᠮ ᠰᠡᠯᠡᠭᠦᠨ ᠠᠮᠢᠳᠤᠷᠠᠯ ᠢ ᠰᠠᠬᠢᠨ᠎ᠠ
ᠨᠡᠶᠢᠲᠡᠯᠡᠭᠰᠡᠨ ᠴᠠᠭ᠄
2023/5/8
      ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠬᠦ ᠶᠢ ᠳᠠᠭᠠᠯᠳᠤᠨ᠂ ᠪᠠᠷᠢᠯᠭ᠎ᠠ ᠶᠢᠨ ᠠᠵᠢᠯ ᠤᠨ ᠱᠤᠤᠭᠢᠶᠠᠨ ᠢ ᠢᠯᠡᠴᠢᠯᠡᠨ ᠮᠡᠳᠡᠭᠦᠯᠬᠦ ᠨᠢ ᠡᠳᠦᠷ ᠲᠤᠲᠤᠮ ᠤᠨ ᠢᠯᠡᠴᠢᠯᠡᠨ ᠮᠡᠳᠡᠭᠦᠯᠦᠭᠰᠡᠨ ᠠᠴᠠ ᠡᠵᠡᠯᠡᠬᠦ ᠬᠠᠷᠢᠯᠴᠠᠯ  ᠨᠢ ᠨᠡᠮᠡᠭᠳᠡᠪᠡ᠃ 4 ᠰᠠᠷ᠎ᠠ ᠶᠢᠨ 30 ᠤ ᠡᠳᠦᠷ᠂ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠢᠯᠡᠴᠢᠯᠡᠨ ᠮᠡᠳᠡᠭᠦᠯᠦᠭᠰᠡᠨ ᠢᠶᠠᠷ᠂ ᠰᠢᠨᠵᠢᠯᠡᠬᠦ ᠤᠬᠠᠭᠠᠨᠴᠢ ᠵᠠᠮ  ᠤᠨ ᠪᠠᠷᠢᠯᠭ᠎ᠠ ᠶᠢᠨ ᠠᠵᠢᠯ ᠤᠨ ᠲᠠᠭᠤ ᠱᠤᠤᠭᠢᠶᠠᠨ ᠭᠠᠷᠴᠤ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠦᠯᠦᠭᠡᠯᠡᠵᠦ ᠪᠠᠶᠢᠬᠤ ᠶᠢ ᠮᠡᠳᠡᠵᠦ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ ᠪᠠᠶᠢᠴᠠᠭᠠᠨ ᠦᠵᠡᠭᠰᠡᠨ ᠪᠥᠭᠡᠳ ᠪᠠᠷᠢᠯᠭ᠎ᠠ ᠶᠢᠨ ᠠᠵᠢᠯ ᠤᠨ ᠬᠠᠷᠢᠭᠤᠴᠠᠯᠭᠠᠲᠠᠨ ᠲᠠᠢ ᠰᠤᠯᠢᠯᠴᠠᠪᠠ᠃      ᠪᠠᠷᠢᠯᠭ᠎ᠠ ᠶᠢᠨ ᠲᠠᠯ᠎ᠠ ᠶᠢᠨ ᠬᠢᠨ ᠤ ᠲᠠᠨᠢᠯᠴᠠᠭᠤᠯᠤᠭᠰᠠᠨ ᠢᠶᠠᠷ᠂ ᠵᠠᠮ ᠳᠡᠭᠡᠷ᠎ᠡ ᠶᠠᠭ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠬᠤ ᠠᠵᠢᠯ ᠬᠢᠵᠦ ᠪᠠᠶᠢᠨ᠎ᠠ᠂ ᠢᠯᠡᠴᠢᠯᠡᠨ ᠮᠡᠳᠡᠭᠦᠯᠦᠭᠰᠡᠨ ᠲᠤᠬᠠᠢ ᠶᠢᠨ ᠡᠳᠦᠷ ᠲᠤ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠵᠠᠮ ᠤᠨ ᠭᠠᠳᠠᠷᠭᠤ ᠶᠢ ᠡᠪᠳᠡᠬᠦ ᠠᠵᠢᠯ ᠠᠴᠠ ᠪᠤᠯᠵᠦ ᠲᠤᠬᠠᠢ ᠶᠢᠨ ᠲᠠᠯᠠᠪᠤᠷ ᠤᠨ ᠲᠠᠭᠤ ᠱᠤᠤᠭᠢᠶᠠᠨ ᠮᠠᠰᠢ ᠴᠢᠩᠭ᠎ᠠ᠂ ᠬᠡᠪᠡᠴᠦ ᠪᠠᠷᠢᠯᠭ᠎ᠠ ᠶᠢᠨ ᠴᠠᠭ ᠨᠢ ᠬᠠᠤᠯᠢ ᠴᠠᠭᠠᠵᠠ ᠶᠢᠨ ᠵᠥᠪᠰᠢᠶᠡᠷᠡᠬᠦ ᠬᠡᠪᠴᠢᠶᠡᠨ ᠳᠤ ᠪᠠᠶᠢᠪᠠ᠃ ᠬᠤᠲᠠ ᠶᠢᠨ ᠬᠠᠮᠢᠶᠠᠷᠤᠯᠲᠠ  ᠶᠢᠨ ᠠᠩᠭᠢ  ᠶᠢᠨ ᠭᠡᠰᠢᠭᠦᠳ ᠢᠯᠡᠴᠢᠯᠡᠨ ᠮᠡᠳᠡᠭᠦᠯᠦᠭᠰᠡᠳ ᠲᠤ ᠤᠲᠠᠰᠤ ᠪᠠᠷ ᠬᠠᠷᠢᠭᠤᠯᠲᠠ ᠥᠭᠴᠦ᠂ ᠢᠯᠡᠴᠢᠯᠡᠨ ᠮᠡᠳᠡᠭᠦᠯᠦᠭᠰᠡᠳ ᠲᠤ ᠪᠠᠶᠢᠳᠠᠯ  ᠢ ᠲᠣᠳᠣᠷᠬᠠᠶᠢᠯᠠᠬᠤ ᠶᠢᠨ ᠵᠡᠷᠭᠡ ᠳᠤ ᠪᠦᠲᠦᠭᠡᠨ ᠪᠠᠶᠢᠭᠤᠯᠤᠯᠲᠠ  ᠶᠢᠨ ᠪᠠᠷᠢᠯᠭ᠎ᠠ  ᠶᠢ ᠰᠥᠨᠢ  ᠶᠢᠨ 22 ᠴᠠᠭ  ᠠᠴᠠ ᠳᠠᠷᠠᠭ᠎ᠠ ᠡᠳᠦᠷ ᠤᠨ ᠬᠢᠨᠢ ᠥᠷᠯᠥᠭᠡ  ᠶᠢᠨ 6 ᠴᠠᠭ ᠪᠣᠯᠲᠠᠯ᠎ᠠ ᠪᠠᠷᠢᠵᠤ ᠪᠣᠯᠬᠤ ᠦᠭᠡᠢ᠂ ᠲᠣᠭᠲᠠᠭᠠᠯ  ᠠᠴᠠ ᠵᠥᠷᠢᠴᠡᠭᠰᠡᠨ ᠴᠠᠭ ᠲᠤ ᠢᠯᠡᠴᠢᠯᠡᠨ ᠮᠡᠳᠡᠭᠦᠯᠦᠭᠰᠡᠳ ᠲᠤ 12345 ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ ᠬᠤᠳᠠ ᠶᠢᠨ ᠬᠠᠮᠢᠶᠠᠷᠤᠯᠲᠠ ᠶᠢᠨ ᠠᠩᠭᠢ ᠶᠢᠨ ᠭᠡᠰᠢᠭᠦᠨ ᠪᠠᠰᠠ ᠪᠠᠷᠢᠯᠭ᠎ᠠ ᠶᠢᠨ ᠲᠠᠯ᠎ᠠ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠪᠠᠷᠢᠯᠭ᠎ᠠ ᠶᠢᠨ ᠠᠵᠢᠯ ᠤᠨ ᠴᠠᠭ ᠢ ᠴᠢᠩᠭ᠎ᠠ ᠬᠢᠵᠠᠭᠠᠷᠯᠠᠬᠤ ᠬᠡᠷᠡᠭᠲᠡᠢ ᠭᠡᠵᠦ ᠳᠤᠷᠠᠳᠤᠭᠰᠠᠨ ᠪᠥᠭᠡᠳ ᠪᠠᠷᠢᠯᠭ᠎ᠠ ᠶᠢᠨ ᠲᠠᠯ᠎ᠠ ᠶᠢᠨ ᠨᠢᠭᠡᠴᠡ ᠶᠢᠨ ᠲᠤᠬᠠᠢ ᠶᠢᠨ ᠲᠠᠯᠠᠪᠤᠷ ᠤᠨ ᠬᠠᠷᠢᠭᠤᠴᠠᠯᠭᠠᠲᠠᠨ ᠳᠤ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠢ ᠤᠬᠠᠭᠤᠯᠪᠠ᠃      ᠬᠤᠶᠢᠰᠢᠳᠠ ᠬᠤᠳᠠ ᠶᠢᠨ ᠬᠠᠮᠢᠶᠠᠷᠤᠯᠲᠠ ᠶᠢᠨ ᠠᠵᠢᠯᠲᠠᠳ ᠬᠠᠷᠢᠶ᠎ᠠ ᠣᠷᠣᠨ ᠤ ᠪᠠᠨ ᠪᠠᠷᠢᠯᠭ᠎ᠠ ᠶᠢᠨ ᠨᠢᠭᠡᠴᠡ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠦᠷᠭᠦᠯᠵᠢᠯᠡᠨ ᠴᠢᠩᠭᠠᠳᠬᠠᠵᠤ᠂ ᠪᠣᠯᠪᠠᠰᠤᠨ ᠢᠶᠠᠷ ᠪᠠᠷᠢᠯᠭ᠎ᠠ ᠶᠢᠨ ᠠᠵᠢᠯ ᠬᠢᠬᠦ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠱᠠᠯᠠᠪᠳᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠪᠠᠷᠢᠯᠭ᠎ᠠ ᠶᠢᠨ ᠠᠵᠢᠯ ᠤᠨ ᠱᠤᠤᠭᠢᠶᠠᠨ ᠠᠷᠠᠳ ᠢ ᠦᠢᠮᠡᠭᠦᠯᠬᠦ ᠠᠰᠠᠭᠤᠳᠠᠯ ᠢ ᠪᠦᠲᠦᠮᠵᠢᠲᠡᠢ ᠬᠤᠷᠢᠭᠯᠠᠵᠤ᠂ ᠨᠠᠮ ᠰᠡᠯᠡᠭᠦᠨ ᠡᠶ᠎ᠡ ᠨᠠᠶᠢᠷᠠᠮᠳᠠᠭᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号