︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 — 2030 ᠣᠨ︶︾ ︽ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 — 2030 ᠣᠨ︶︾᠎ ᠶᠢ ᠳᠠᠷᠤᠮᠠᠯᠯᠠᠨ ᠲᠠᠷᠬᠠᠭᠠᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2023/5/9
ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 — 2030 ᠣᠨ︶                      ᠡᠮᠦᠨᠡᠬᠢ ᠦᠭᠡ      ᠪᠠᠭᠠᠴᠤᠳ ᠬᠡᠦᠬᠡᠳ ᠪᠣᠯ ᠡᠬᠡ ᠤᠯᠤᠰ ᠤᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠮᠥᠨ᠃ ᠤᠳᠤ ᠦᠶ᠎ᠡ ᠶᠢᠨ ᠳᠤᠮᠳᠠᠳᠤ ᠤᠯᠤᠰ ᠤᠨ ᠪᠠᠭᠠᠴᠤᠳ ᠬᠡᠦᠬᠡᠳ ᠪᠣᠯ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠥᠩᠭᠡᠷᠡᠯᠲᠡ᠂ ᠭᠡᠷᠡᠴᠢᠯᠡᠭᠴᠢ ᠮᠥᠨ ᠪᠥᠭᠡᠳ ᠨᠡᠩ ᠴᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠢᠨ᠎ᠡ ᠬᠦᠴᠦᠨ ᠮᠥᠨ᠃ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠵᠤ᠂ ᠤᠯᠤᠰ ᠣᠷᠣᠨ ᠤ ᠦᠷᠭᠦᠯᠵᠢᠯᠬᠦᠶᠢᠴᠡ ᠬᠥᠭᠵᠢᠯᠲᠡ ᠳᠤ ᠡᠷᠬᠢᠮ ᠨᠠᠨᠳᠢᠨ ᠡᠬᠢ ᠪᠠᠶᠠᠯᠢᠭ ᠪᠠ ᠪᠠᠷᠠᠭᠳᠠᠰᠢ ᠦᠭᠡᠢ ᠬᠥᠳᠡᠯᠭᠡᠭᠦ ᠬᠦᠴᠦᠨ ᠢ ᠬᠠᠩᠭᠠᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾᠎ ᠶᠢ ᠨᠠᠮ ᠤᠨ ᠵᠠᠰᠠᠭ ᠶᠠᠪᠤᠭᠤᠯᠬᠤ ᠬᠥᠲᠥᠯᠪᠦᠷᠢ ᠳᠤ ᠪᠢᠴᠢᠨ ᠣᠷᠣᠭᠤᠯᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠡᠦᠬᠡᠳ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠡᠦᠬᠡᠳ ᠤᠨ ᠦᠢᠯᠡᠰ ᠤᠨ ᠬᠥᠭᠵᠢᠯᠲᠡ ᠳᠤ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠠᠢ᠃      ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠬᠤᠷᠢᠶ᠎ᠠ ᠠᠴᠠ ᠤᠳᠤᠷᠢᠳᠬᠤ᠂ ᠵᠠᠰᠠᠭ ᠤᠨ ᠣᠷᠳᠣᠨ ᠠᠴᠠ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ᠳᠣᠷᠣᠭᠰᠢ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠭᠡᠵᠦ ᠳᠥᠭᠦᠮᠴᠢᠯᠡᠨ᠎ᠡ︶᠎ ᠤᠨ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠬᠡᠦᠬᠡᠳ ᠤᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ᠂ ᠠᠵᠢᠯ ᠪᠠᠶᠢᠷᠢᠯᠠᠭᠤᠯᠬᠤ ᠳᠠᠭᠠᠨ ᠬᠡᠦᠬᠡᠳ ᠤᠨ ᠬᠥᠭᠵᠢᠯᠲᠡ ᠶᠢᠨ ᠡᠷᠬᠡ ᠠᠰᠢᠭ ᠢ ᠭᠦᠢᠴᠡᠳ ᠪᠠᠲᠤᠯᠠᠵᠤ᠂ ᠰᠢᠨ᠎ᠡ ᠴᠠᠭ ᠦᠶ᠎ᠡ ᠶᠢᠨ ᠬᠡᠦᠬᠡᠳ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠵᠠᠰᠠᠭ ᠤᠨ ᠣᠷᠳᠣᠨ ᠪᠤᠭᠤᠲᠤ ᠬᠤᠲᠠ ᠶᠢᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠲᠣᠰ ᠣᠷᠣᠨ ᠤ ᠪᠠᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠲᠤᠭᠤᠷᠢᠭ ᠤᠨ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ᠂ ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠬᠢᠷᠢ ᠲᠦᠪᠰᠢᠨ᠂ ᠬᠡᠦᠬᠡᠳ ᠤᠨ ᠠᠰᠠᠷᠠᠮᠵᠢ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠦᠬᠡᠳ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ᠂ ᠬᠡᠦᠬᠡᠳ ᠤᠨ ᠣᠷᠣᠰᠢᠨ ᠲᠣᠭᠲᠠᠨᠢᠵᠤ ᠬᠥᠭᠵᠢᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠲᠤ ᠨᠠᠩ ᠣᠯᠠᠨ ᠨᠡᠶᠢᠭᠡᠮ ᠤᠨ ᠬᠠᠯᠠᠮᠵᠢᠯᠠᠯ ᠪᠠ ᠠᠪᠤᠷᠠᠨ ᠲᠤᠰᠠᠯᠠᠯᠲᠠ ᠣᠯᠭᠤᠵᠤ᠂ ᠬᠡᠦᠬᠡᠳ ᠤᠨ ᠠᠵᠢᠯ ᠤᠨ ᠬᠠᠤᠯᠢ ᠳᠦᠷᠢᠮᠵᠢᠯᠲᠡ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠬᠡᠦᠬᠡᠳ ᠤᠨ ᠬᠥᠭᠵᠢᠯᠲᠡ ᠪᠠ ᠬᠡᠦᠬᠡᠳ ᠤᠨ ᠠᠵᠢᠯ ᠦᠢᠯᠡᠰ ᠲᠤ ᠢᠯᠡᠳᠲᠡ ᠠᠮᠵᠢᠯᠲᠠ ᠪᠦᠲᠦᠮᠵᠢ ᠣᠯᠪᠠ᠃      ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ᠂ ᠣᠳᠣᠬᠠᠨ ᠳᠤ ᠮᠠᠨ ᠤ  ᠲᠤᠭᠤᠷᠢᠭ ᠤᠨ ᠬᠡᠦᠬᠡᠳ ᠤᠨ ᠬᠥᠭᠵᠢᠯᠲᠡ ᠪᠠ ᠡᠷᠬᠡ ᠶᠢᠨ ᠬᠠᠮᠠᠭᠠᠯᠠᠯᠲᠠ ᠳᠤ ᠮᠥᠨ ᠬᠦ ᠵᠠᠷᠢᠮ ᠠᠰᠠᠭᠤᠳᠠᠯ ᠪᠠ ᠥᠷᠢᠰᠦᠯᠳᠦᠭᠡᠨ ᠲᠤᠯᠭᠠᠷᠠᠵᠤ᠂ ᠬᠡᠦᠬᠡᠳ ᠤᠨ ᠦᠢᠯᠡᠰ ᠤᠨ ᠬᠥᠭᠵᠢᠯᠲᠡ ᠳᠤ ᠮᠥᠨ ᠯᠡ ᠲᠡᠩᠴᠡᠭᠦᠷᠢ ᠦᠭᠡᠢ ᠭᠦᠢᠴᠡᠳ ᠦᠭᠡᠢ᠂ ᠰᠢᠨ᠎ᠡ ᠴᠠᠭ ᠦᠶ᠎ᠡ ᠶᠢᠨ ᠰᠢᠨ᠎ᠡ ᠬᠦᠰᠡᠯ ᠡᠷᠡᠮᠡᠯᠵᠡᠯ ᠪᠠ ᠰᠢᠨ᠎ᠡ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠬᠡᠦᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠲᠤᠤᠱᠯᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ᠂ ᠬᠡᠦᠬᠡᠳ ᠤᠨ ᠦᠵᠡᠯ ᠰᠠᠨᠠᠭ᠎ᠠ ᠪᠠᠷ ᠬᠥᠲᠥᠯᠥᠨ ᠵᠢᠯᠤᠭᠤᠳᠬᠤ ᠶᠢ ᠮᠥᠨ ᠯᠡ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠮᠥᠨ‌ᠯᠡ ᠦᠷᠭᠦᠯᠵᠢᠯᠡᠨ ᠲᠦᠯᠬᠢᠨ ᠠᠬᠢᠭᠤᠯᠬᠤ ᠴᠢᠬᠤᠯᠠᠲᠠᠢ ᠪᠠᠶᠢᠵᠤ᠂ ᠬᠡᠦᠬᠡᠳ ᠤᠨ ᠬᠥᠭᠵᠢᠯᠲᠡ ᠶᠢᠨ ᠬᠤᠳᠠ ᠬᠥᠳᠡᠭᠡ᠂ ᠣᠷᠣᠨ ᠪᠦᠰᠡ ᠪᠠ ᠬᠠᠮᠲᠤᠯᠢᠭ ᠤᠨ ᠵᠥᠷᠢᠶ᠎ᠡ ᠮᠥᠨ ᠯᠡ ᠣᠷᠣᠰᠢᠵᠤ᠂ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠲᠣᠭᠲᠠᠴᠠ ᠶᠢ ᠮᠥᠨ ᠯᠡ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠨᠢ ᠬᠡᠦᠬᠡᠳ ᠤᠨ ᠠᠵᠢᠯ ᠢ ᠰᠠᠶᠢᠲᠤᠷ ᠬᠢᠬᠦ ᠳᠤ ᠰᠢᠨ᠎ᠡ ᠥᠷᠢᠰᠦᠯᠳᠦᠭᠡᠨ ᠢ ᠠᠪᠴᠢᠷᠠᠬᠤ ᠴᠢᠬᠤᠯᠠᠲᠠᠢ ᠪᠠᠶᠢᠨ᠎ᠠ᠃      2021 ᠣᠨ ᠠᠴᠠ 2030 ᠣᠨ ᠪᠣᠯᠲᠠᠯ᠎ᠠ᠂ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠮᠥᠨ᠂ ᠮᠥᠨ ᠴᠦ ᠮᠠᠨ ᠤ  ᠲᠤᠭᠤᠷᠢᠭ ᠤᠨ ︽ᠭᠤᠷᠪᠠᠨ ᠰᠢᠰᠲ᠋ᠧᠮᠵᠢ︾᠎ ᠶᠢ ᠲᠡᠭᠦᠯᠳᠡᠷᠵᠢᠭᠦᠯᠬᠦ᠂ ︽ᠳᠥᠷᠪᠡᠨ ᠥᠨᠳᠥᠷ ᠭᠠᠵᠠᠷ︾᠎ ᠢ ᠪᠠᠶᠢᠭᠤᠯᠬᠤ᠂ ︽ᠲᠠᠪᠤᠨ ᠬᠤᠲᠠ ᠲᠣᠭᠤᠷᠢᠭ︾᠎ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ︽ᠲᠤᠯᠤᠭᠠᠨ ᠰᠢᠨ᠎ᠡ ᠴᠢᠩᠱᠠᠨ︾᠎ ᠶᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠂ ᠡᠨᠡ ᠨᠢ ᠪᠥᠬᠦ ᠲᠤᠭᠤᠷᠢᠭ ᠤᠨ ᠬᠡᠦᠬᠡᠳ ᠤᠨ ᠦᠢᠯᠡᠰ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠴᠢᠬᠤᠯᠠ ᠶᠡᠭᠡ ᠠᠵᠠ ᠲᠣᠬᠢᠶᠠᠯ ᠬᠠᠩᠭᠠᠵᠤ᠂ ᠰᠠᠶᠢᠨ ᠰᠠᠶᠢᠬᠠᠨ ᠠᠯᠤᠰ ᠢᠷᠡᠭᠡᠳᠦᠢ ᠶᠢ ᠵᠢᠷᠤᠭᠯᠠᠭᠰᠠᠨ ᠪᠠᠶᠢᠨ᠎ᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠡᠦᠬᠡᠳ ᠤᠨ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ᠂ ᠬᠠᠮᠠᠭᠠᠯᠠᠭᠳᠠᠬᠤ ᠡᠷᠬᠡ ᠪᠠ ᠣᠷᠤᠯᠴᠠᠬᠤ ᠡᠷᠬᠡ  ᠶᠢ ᠦᠨᠡᠨᠬᠦ ᠪᠠᠲᠤᠯᠠᠵᠤ᠂ ᠬᠡᠦᠬᠡᠳ ᠤᠨ ᠨᠥᠬᠦᠷᠰᠡᠭ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠂ ᠬᠡᠦᠬᠡᠳ ᠤᠨ ᠬᠠᠷᠠᠭ᠎ᠠ ᠶᠢ ᠢᠯᠡᠷᠡᠭᠦᠯᠵᠦ᠂ ᠬᠡᠦᠬᠡᠳ ᠤᠨ ᠣᠷᠤᠯᠴᠠᠬᠤ ᠶᠢ ᠴᠢᠬᠤᠯᠠᠴᠢᠯᠠᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ ᠪᠣᠶᠢᠵᠢᠭᠤᠯᠵᠤ᠂ ᠪᠥᠬᠦ ᠲᠤᠭᠤᠷᠢᠭ ᠤᠨ ᠥᠷᠭᠡᠨ ᠣᠯᠠᠨ ᠬᠡᠦᠬᠡᠳ ᠢ ᠬᠥᠲᠥᠯᠥᠨ ᠳᠠᠭᠠᠭᠤᠯᠵᠤ ᠪᠠᠶᠢᠭᠠᠳ ᠰᠢᠨ᠎ᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠭᠦᠯᠦᠨ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠤᠨ᠎ᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ︽ᠳᠤᠮᠳᠠᠳᠤ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 —2030 ᠣᠨ︶︾᠂ ︽ᠪᠤᠭᠤᠲᠤ ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 —2030 ᠣᠨ︶︾ ᠪᠠ ︽ᠴᠢᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠎ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠯᠦᠪᠵᠢᠭᠦᠯᠭᠡ ᠶᠢ ᠲᠣᠭᠲᠠᠭᠠᠪᠠ᠃      ᠨᠢᠭᠡᠳᠦᠭᠡᠷ ᠪᠦᠯᠦᠭ       ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ      ︵ᠨᠢᠭᠡ︶ ᠵᠢᠯᠤᠭᠤᠳᠬᠤ ᠦᠵᠡᠯ ᠰᠠᠨᠠᠭ᠎ᠠ      ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠡᠦᠬᠡᠳ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ ᠬᠡᠦᠬᠡᠳ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠦᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠦᠬᠡᠳ ᠤᠨ ᠣᠷᠣᠰᠢᠨ ᠲᠣᠭᠲᠠᠨᠢᠬᠤ᠂ ᠬᠥᠭᠵᠢᠬᠦ᠂ ᠬᠠᠮᠠᠭᠠᠯᠠᠭᠳᠠᠬᠤ ᠪᠠ ᠣᠷᠤᠯᠴᠠᠬᠤ ᠡᠷᠬᠡ ᠶᠢ ᠪᠠᠲᠤᠯᠠᠨ᠂ ᠴᠢᠩᠱᠠᠨ ᠲᠣᠭᠤᠷᠢᠭ ᠤᠨ ᠬᠡᠦᠬᠡᠳ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ ᠲᠠᠯᠪᠢᠨ᠎ᠠ᠃      ︵ᠬᠤᠶᠠᠷ︶ ᠦᠨᠳᠦᠰᠦᠨ ᠵᠠᠷᠴᠢᠮ      1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠬᠡᠦᠬᠡᠳ ᠤᠨ ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠠ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠡᠦᠬᠡᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨᠬᠦ ᠲᠤᠤᠱᠯᠠᠭᠤᠯᠤᠨ᠎ᠠ᠃      2᠂ ᠬᠡᠦᠬᠡᠳ ᠤᠨ ᠬᠥᠭᠵᠢᠯᠲᠡ ᠶᠢ ᠤᠷᠢᠳᠠᠪᠠᠷ ᠪᠠᠲᠤᠯᠠᠬᠤ ᠶᠢ ᠪᠠᠷᠢᠮᠲᠠᠯᠠᠨ᠎ᠠ᠃ ᠣᠷᠣᠨ ᠨᠤᠲᠤᠭ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ᠂ ᠲᠣᠬᠢᠷᠠᠭᠤᠯᠤᠨ ᠪᠠᠶᠢᠷᠢᠯᠠᠭᠤᠯᠬᠤ ᠠᠵᠢᠯ ᠤᠨ ᠳᠤᠮᠳᠠ ᠬᠡᠦᠬᠡᠳ ᠤᠨ ᠬᠠᠮᠤᠭ ᠤᠨ ᠶᠡᠭᠡ ᠠᠰᠢᠭ ᠲᠤᠰᠠ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠤᠳᠤᠯᠬᠢᠯᠠᠨ᠎ᠠ᠃ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠢᠴᠢ ᠲᠡᠭᠦᠨ ᠤ ᠬᠠᠷᠠᠯᠲᠠᠲᠤ ᠡᠭᠦᠷᠭᠡ ᠶᠢ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠰᠠᠯᠠᠭ᠎ᠠ ᠮᠥᠴᠢᠷ ᠤᠨ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ ᠢᠳᠡᠷᠡᠭᠦᠨ ᠢᠶᠠᠷ ᠦᠰᠦᠨ ᠪᠣᠶᠢᠵᠢᠬᠤ ᠳᠤ ᠠᠰᠢᠭᠲᠠᠢ ᠨᠥᠬᠦᠴᠡᠯ ᠢ ᠪᠤᠢ ᠪᠣᠯᠭᠠᠵᠤ᠂ ᠨᠡᠶᠢᠭᠡᠮ ᠳᠠᠶᠠᠭᠠᠷ ᠲᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃      3᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ ᠬᠥᠮᠥᠨ ᠤ ᠨᠡᠷ᠎ᠡ ᠬᠦᠨᠳᠦ ᠶᠢ ᠬᠦᠨᠳᠦᠳᠬᠡᠵᠦ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠬᠡᠦᠬᠡᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠡᠯ᠎ᠡ ᠲᠠᠯ᠎ᠠ ᠪᠠᠷ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃      4᠂ ᠬᠡᠦᠬᠡᠳ ᠤᠨ ᠡᠷᠬᠡ ᠲᠡᠭᠰᠢ ᠬᠥᠭᠵᠢᠯᠲᠡ ᠶᠢ ᠪᠠᠲᠤᠯᠠᠬᠤ ᠶᠢ ᠪᠠᠷᠢᠮᠲᠠᠯᠠᠨ᠎ᠠ᠃ ᠨᠡᠶᠢᠭᠡᠮ ᠤᠨ ᠡᠷᠬᠡ ᠲᠡᠭᠰᠢ ᠣᠷᠴᠢᠨ ᠲᠣᠭᠤᠷᠢᠨ ᠢ ᠡᠭᠦᠳᠴᠦ᠂ ᠬᠡᠦᠬᠡᠳ ᠲᠤ ᠬᠠᠨᠳᠤᠭᠤᠯᠤᠭᠰᠠᠨ ᠠᠯᠢᠪᠠ ᠬᠡᠯᠪᠡᠷᠢ ᠶᠢᠨ ᠭᠠᠳᠠᠭᠤᠷᠴᠢᠯᠠᠯ ᠢ ᠠᠷᠢᠯᠭᠠᠵᠤ᠂ ᠬᠤᠲᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠬᠡᠦᠬᠡᠳ ᠤᠨ ᠵᠡᠷᠭᠡ ᠪᠠᠷ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠶ ᠪᠦᠬᠦᠢ ᠬᠡᠦᠬᠡᠳ ᠤᠨ ᠬᠥᠭᠵᠢᠯᠲᠡ ᠶᠢᠨ ᠡᠷᠬᠡ ᠪᠠ ᠠᠵᠠ ᠲᠣᠬᠢᠶᠠᠯ ᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃      5᠂ ᠬᠡᠦᠬᠡᠳ ᠤᠨ ᠣᠷᠤᠯᠴᠠᠬᠤ ᠶᠢ ᠵᠣᠷᠢᠭᠵᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠦᠬᠡᠳ ᠤᠨ ᠭᠡᠷ ᠪᠦᠯᠢ᠂ ᠨᠡᠶᠢᠭᠡᠮ ᠪᠠ ᠰᠣᠶᠣᠯ ᠤᠨ ᠠᠮᠢᠳᠤᠷᠠᠯ ᠳᠤ ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠬᠡᠦᠬᠡᠳ ᠤᠨ ᠣᠷᠤᠯᠴᠠᠬᠤ ᠳᠤ ᠠᠰᠢᠭᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃      ᠬᠤᠶᠠᠳᠤᠭᠠᠷ ᠪᠦᠯᠦᠭ     ᠶᠡᠷᠦᠩᠬᠡᠢ ᠬᠠᠷᠠᠯᠲᠠ      2030 ᠣᠨ ᠪᠣᠯᠬᠤ ᠳᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠭᠦᠯᠵᠦ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠨᠠᠩ ᠲᠡᠭᠦᠯᠳᠡᠷᠵᠢᠭᠦᠯᠦᠨ᠂ ᠬᠡᠦᠬᠡᠳ ᠢ ᠤᠷᠢᠳᠠᠪᠠᠷ ᠪᠣᠳᠣᠯᠬᠢᠯᠠᠬᠤ ᠨᠡᠶᠢᠭᠡᠮ ᠤᠨ ᠬᠡᠪ ᠰᠤᠷᠲᠠᠯ ᠢ ᠪᠥᠬᠦ ᠲᠠᠯ᠎ᠠ ᠪᠠᠷ ᠪᠣᠶ ᠪᠣᠯᠭᠠᠵᠤ᠂ ᠬᠤᠲᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠬᠡᠦᠬᠡᠳ ᠤᠨ ᠬᠥᠭᠵᠢᠯᠲᠡ ᠶᠢᠨ ᠵᠥᠷᠢᠶ᠎ᠡ ᠶᠢ ᠢᠯᠡᠳᠲᠡ ᠪᠠᠭᠠᠰᠬᠠᠨ᠎ᠠ᠃ ᠬᠡᠦᠬᠡᠳ ᠲᠤ ᠨᠡᠩ ᠠᠳᠠᠯᠢ ᠲᠡᠭᠰᠢ᠂ ᠬᠦᠷᠴᠦ ᠪᠣᠯᠬᠤ ᠪᠠ ᠴᠢᠨᠠᠷ ᠰᠠᠶᠢᠲᠠᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠵᠦ᠂ ᠨᠡᠩ ᠲᠦᠭᠡᠮᠡᠯ ᠬᠠᠷᠠᠭᠠᠯᠵᠠᠯ ᠪᠠ ᠳᠠᠪᠠᠭᠤᠯᠢᠭ ᠠᠰᠠᠷᠠᠮᠵᠢ ᠶᠢᠨ ᠪᠠᠲᠤᠯᠠᠭ᠎ᠠ ᠶᠢ ᠡᠳ᠋ᠯᠡᠭᠦᠯᠵᠦ᠂ ᠨᠡᠩ ᠡᠶ᠎ᠡ ᠵᠣᠬᠢᠴᠠᠯ ᠲᠠᠢ ᠨᠥᠬᠦᠷᠰᠡᠭ ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠡᠳ᠋ᠯᠡᠭᠦᠯᠦᠨ᠎ᠡ᠃ ᠬᠡᠦᠬᠡᠳ ᠤᠨ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠭᠡᠷ ᠪᠦᠯᠢ᠂ ᠣᠷᠴᠢᠨ ᠲᠣᠭᠤᠷᠢᠨ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠡᠷᠬᠡ ᠠᠰᠢᠭ ᠢ ᠤᠯᠠᠮ ᠨᠢᠭᠡ ᠠᠯᠬᠤᠮ ᠪᠡᠶᠡᠯᠡᠭᠦᠯᠵᠦ᠂ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠪᠣᠯᠪᠠᠰᠤᠷᠠᠯ ᠪᠠ ᠪᠥᠬᠦ ᠲᠠᠯ᠎ᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠦᠨ᠎ᠡ᠃ ᠬᠡᠦᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠨᠡᠩ ᠢᠯᠡ ᠲᠣᠳᠣ ᠪᠣᠳᠠᠲᠤ ᠠᠬᠢᠴᠠ ᠲᠠᠢ ᠪᠣᠯᠵᠤ᠂ ᠥᠷᠭᠡᠨ ᠤᠯᠠᠨ ᠬᠡᠦᠬᠡᠳ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠵᠤ ᠬᠥᠮᠥᠵᠢᠭᠳᠡᠨ᠎ᠡ᠃      ᠭᠤᠷᠪᠠᠳᠤᠭᠠᠷ ᠪᠦᠯᠦᠭ    ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ      (ᠨᠢᠭᠡ) ᠬᠡᠦᠬᠡᠳ ᠬᠢᠭᠡᠳ ᠡᠷᠡᠭᠦᠯ ᠮᠡᠨᠳᠦ      ᠭᠤᠣᠯ ᠬᠠᠷᠠᠯᠲᠠ᠄      1᠂ ᠬᠤᠲᠠ ᠬᠥᠳᠡᠭᠡ ᠶᠢ ᠬᠠᠮᠤᠷᠤᠭᠰᠠᠨ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠨᠡᠮᠡᠭᠳᠡᠭᠦᠯᠦᠨ᠂ ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 3 ᠨᠠᠰᠤᠨ ᠎ ᠠᠴᠠ ᠳᠣᠷᠣᠭᠰᠢᠬᠢ ᠬᠡᠦᠬᠡᠳ ᠤᠨ ᠰᠢᠰᠲ᠋ᠧᠮᠲᠦ ᠬᠠᠮᠢᠶᠠᠷᠤᠯᠲᠠ ᠶᠢᠨ ᠨᠣᠷᠮ᠎ᠠ ᠪᠠ 7 ᠨᠠᠰᠤᠨ ᠠᠴᠠ ᠳᠣᠷᠣᠭᠰᠢᠬᠢ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ ᠴᠥᠮ 90% ᠎ ᠠᠴᠠ ᠳᠡᠭᠡᠭᠰᠢ ᠬᠦᠷᠦᠭᠦᠯᠦᠨ᠎ᠡ᠃ ᠮᠢᠩᠭᠠᠨ ᠬᠡᠦᠬᠡᠳ ᠨᠢᠭᠡᠪᠦᠷᠢ ᠳᠤ ᠬᠡᠦᠬᠡᠳ ᠤᠨ ᠰᠠᠯᠠᠭᠠᠨ ᠤ ᠠᠵᠢᠯ ᠡᠷᠭᠢᠯᠡᠬᠦ ︵ᠲᠤᠰᠠᠯᠠᠭᠴᠢ︶ ᠡᠮᠴᠢ 1.12 ᠪᠣᠯᠵᠤ᠂ ᠡᠪᠡᠳᠴᠢᠲᠡᠨ ᠤ ᠣᠷᠣ 3.17 ᠪᠣᠯᠵᠤ ᠨᠡᠮᠡᠭᠳᠡᠭᠦᠯᠦᠨ᠎ᠡ᠃      2᠂ ᠬᠡᠦᠬᠡᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠬᠡᠦᠬᠡᠳ ᠵᠢᠴᠢ ᠠᠰᠠᠷᠠᠨ ᠬᠠᠷᠠᠭᠠᠯᠵᠠᠭᠴᠢ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      3᠂ ᠨᠢᠷᠠᠢ ᠬᠡᠦᠬᠡᠳ᠂ ᠨᠢᠯᠬ᠎ᠠ ᠬᠡᠦᠬᠡᠳ ᠪᠠ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠶᠢ ᠲᠤᠰ ᠲᠤᠰ3.0‰᠂ 5.0‰ ᠪᠠ 6.0‰᠎ ᠠᠴᠠ ᠳᠣᠷᠣᠭᠰᠢ ᠪᠠᠶᠢᠯᠭᠠᠵᠤ᠂ ᠬᠤᠳᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃      4᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠰᠢᠰᠲ᠋ᠧᠮᠵᠢ ᠎ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠷᠡᠮᠳᠡᠭ ᠲᠦᠷᠦᠭᠦ ᠶᠢ ᠰᠡᠷᠭᠡᠶᠢᠯᠡᠬᠦ ᠪᠠ ᠬᠢᠵᠠᠭᠠᠷᠯᠠᠨ᠎ᠠ᠃ ᠨᠢᠷᠠᠢ ᠬᠡᠦᠬᠡᠳ ᠤᠨ ᠠᠶᠢᠯᠴᠢᠯᠠᠨ ᠦᠵᠡᠬᠦ ᠨᠣᠷᠮ᠎ᠠ ᠶᠢ 90%᠎ ᠠᠴᠠ ᠳᠡᠭᠡᠭᠰᠢ ᠪᠠᠶᠢᠯᠭᠠᠨ᠎ᠠ᠃      5᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠬᠤᠣᠷᠲᠤ ᠬᠠᠪᠤᠳᠠᠷ ᠵᠡᠷᠭᠡ ᠬᠡᠦᠬᠡᠳ ᠤᠨ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠲᠠᠢ ᠡᠪᠡᠳᠴᠢᠨ ᠡᠮᠭᠡᠭ ᠢ ᠪᠦᠲᠦᠮᠵᠢᠲᠡᠶ ᠰᠡᠷᠭᠡᠶᠢᠯᠡᠨ ᠵᠠᠰᠠᠨ᠎ᠠ᠃      6᠂ ᠰᠤᠷᠬᠤ ᠨᠠᠰᠤᠨ ᠤ ᠬᠡᠦᠬᠡᠳ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠰᠢᠶᠠᠩ ᠪᠠᠯᠭᠠᠰᠤ ᠵᠡᠭᠡᠯᠢ ᠭᠤᠳᠤᠮᠵᠢ ᠪᠠᠷ ᠨᠢᠭᠡᠴᠢ ᠪᠣᠯᠭᠠᠨ 90% ᠎ ᠠᠴᠠ ᠳᠡᠭᠡᠭᠰᠢ ᠳᠤ ᠪᠠᠶᠢᠯᠭᠠᠨ᠎ᠠ᠃      7᠂ ᠬᠤᠲᠠ ᠬᠥᠳᠡᠭᠡ ᠶᠢᠨ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠠᠬᠢᠭᠤᠯᠵᠤ᠂ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ ᠮᠡᠳᠡᠯᠭᠡ᠂ ᠠᠷᠭ᠎ᠠ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠦᠨ᠎ᠡ᠃      8᠂ ᠬᠦᠩᠭᠡᠵᠢᠭᠰᠡᠨ ᠤ ᠳᠠᠷᠠᠭ᠎ᠠ‌ᠨᠢᠷᠠᠢ ᠬᠡᠦᠬᠡᠳ ᠢ ᠡᠬᠡ ᠎ ᠲᠠᠢ ᠨᠢ ᠡᠷᠲᠡᠬᠡᠨ ᠬᠦᠷᠦᠯᠴᠡᠭᠦᠯᠵᠦ᠂ 6 ᠰᠠᠷ᠎ᠠ ᠶᠢᠨ ᠳᠣᠲᠣᠷ᠎ᠠ ᠬᠡᠦᠬᠡᠳ ᠤᠨ ᠡᠬᠡ ᠶᠢᠨ ᠰᠦ ᠪᠠᠷ ᠬᠥᠬᠦᠭᠦᠯᠬᠦ ᠨᠣᠷᠮ᠎ᠠ ᠶᠢ 50%᠎ ᠠᠴᠠ ᠳᠡᠭᠡᠭᠰᠢ ᠬᠦᠷᠭᠡᠨ᠎ᠡ᠃ 5 ᠨᠠᠰᠤᠨ ᠠᠴᠠ ᠳᠣᠷᠣᠭᠰᠢᠬᠢ ᠬᠡᠦᠬᠡᠳ ᠤᠨ ᠴᠢᠰᠤ ᠳᠤᠲᠠᠬᠤ ᠨᠣᠷᠮ᠎ᠠ ᠪᠠ ᠥᠰᠦᠯᠲᠡ ᠤᠳᠠᠭᠠᠰᠢᠷᠠᠬᠤ ᠨᠣᠷᠮ᠎ᠠ ᠶᠢ ᠲᠤᠰ ᠲᠤᠰ 10% ᠪᠠ 5%᠎ ᠠᠴᠠ ᠳᠣᠷᠣᠭᠰᠢ  ᠪᠠᠶᠢᠯᠭᠠᠨ᠎ᠠ᠃ ᠬᠡᠦᠬᠡᠳ ᠤᠨ ᠪᠡᠶ᠎ᠡ ᠶᠢᠨ ᠬᠦᠨᠳᠦ ᠶᠢᠨ ᠬᠢᠵᠠᠭᠠᠷᠯᠠᠯ᠂ ᠮᠠᠷᠢᠶᠠᠯᠠᠬᠤ ᠬᠠᠨᠳᠤᠰᠢ ᠶᠢ ᠪᠦᠲᠦᠮᠵᠢᠲᠡᠶ ᠪᠠᠷ  ᠬᠢᠵᠠᠭᠠᠷᠯᠠᠨ᠎ᠠ᠃      9᠂ ᠬᠡᠦᠬᠡᠳ ᠤᠨ ᠠᠮᠠᠨ ᠬᠥᠨᠳᠡᠢ ᠶᠢᠨ ᠡᠷᠡᠭᠦᠯᠵᠢᠯ ᠢ ᠴᠢᠩᠭᠠᠳᠬᠠᠵᠤ᠂ 12 ᠨᠠᠰᠤᠲᠠᠢ ᠬᠡᠦᠬᠡᠳ ᠤᠨ ᠰᠢᠳᠦ ᠬᠤᠷᠣᠬᠠᠶᠢᠲᠤᠬᠤ ᠨᠣᠷᠮ᠎ᠠ ᠶᠢ 25%᠎ ᠶᠢᠨ ᠳᠣᠲᠣᠷ᠎ᠠ ᠬᠢᠵᠠᠭᠠᠷᠯᠠᠵᠤ᠂ ᠬᠡᠦᠬᠡᠳ ᠤᠨ ᠰᠢᠳᠤᠨ ᠤ ᠨᠦᠬᠡᠨ ᠭᠤᠤ ᠶᠢ ᠪᠢᠲᠡᠭᠦᠮᠵᠢᠯᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃      10᠂ ᠬᠡᠦᠬᠡᠳ ᠤᠨ ᠣᠶᠢᠷ᠎ᠠ ᠬᠠᠷᠠᠭ᠎ᠠ ᠰᠢᠨ᠎ᠡ ᠪᠠᠷ ᠡᠭᠦᠰᠬᠦ ᠨᠣᠷᠮ᠎ᠠ ᠶᠢ ᠢᠯᠡᠳᠲᠡ ᠪᠠᠭᠤᠷᠠᠭᠤᠯᠵᠤ᠂ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 38% ᠎ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 60% ᠎ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠤᠶᠢᠷ᠎ᠠ ᠬᠠᠷᠠᠭᠠᠨ ᠤ ᠨᠤᠷᠮ᠎ᠠ ᠶᠢ 70%᠎ ᠠᠴᠠ ᠳᠤᠷᠤᠭᠰᠢ ᠪᠠᠭᠤᠷᠠᠭᠤᠯᠤᠨ᠎ᠠ᠃ 0—6 ᠨᠠᠰᠤᠨ ᠤ ᠬᠡᠦᠬᠡᠳ ᠤᠨ ᠨᠢᠳᠦᠨ ᠤ ᠡᠷᠡᠭᠦᠯᠵᠢᠯ ᠪᠠ ᠬᠠᠷᠠᠭᠠᠨ ᠤ ᠪᠠᠶᠢᠴᠠᠭᠠᠯᠲᠠ ᠶᠢᠨ ᠪᠦᠷᠬᠦᠴᠡ ᠶᠢ 90%᠎ ᠠᠴᠠ ᠳᠡᠭᠡᠭᠰᠢ ᠳᠤ ᠬᠦᠷᠦᠭᠦᠯᠦᠨ᠎ᠡ᠃      11᠂ ᠬᠡᠦᠬᠡᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠤᠯᠤᠰ ᠤᠨ ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠨᠣᠷᠮ᠎ᠠ ᠶᠢ 85% ᠎ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠰᠢᠯᠢᠳᠡᠭ ᠬᠢᠷᠢ ᠪᠦᠲᠦᠮᠵᠢ ᠶᠢ 60% ᠎ ᠠᠴᠠ ᠳᠡᠭᠡᠭᠰᠢ ᠬᠦᠷᠦᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠬᠢᠭᠡᠳ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100%᠎ ᠳᠤ ᠬᠦᠷᠦᠭᠦᠯᠦᠨ᠎ᠡ᠃      12᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠶᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠲᠣᠬᠢᠷᠠᠭᠤᠯᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠲᠠᠰᠤᠭ ᠭᠠᠷᠭᠠᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ ᠶᠢ ᠴᠥᠮ 100%᠎ ᠳᠤ ᠬᠦᠷᠦᠭᠦᠯᠦᠨ᠎ᠡ᠃      13᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠨᠡᠶᠢᠳᠡᠮ ᠳᠡᠭᠡᠨ ᠪᠡᠯᠭᠡ ᠶᠢᠨ ᠰᠤᠷᠭᠠᠨ ᠬᠥᠮᠦᠵᠢᠯ ᠬᠦᠷᠲᠡᠵᠦ᠂ ᠰᠤᠷᠭᠠᠭᠤᠯᠢ ᠨᠤᠭᠤᠳ ᠰᠤᠷᠭᠠᠭᠤᠯᠢ ᠶᠢᠨ ᠥᠪᠡᠷ ᠤᠨ ᠬᠢᠴᠢᠶᠡᠯ ᠪᠠ ᠭᠤᠣᠯ ᠰᠡᠳᠦᠪᠲᠦ ᠠᠩᠭᠢ ᠶᠢᠨ ᠬᠤᠷᠠᠯ ᠲᠠᠢ ᠤᠶᠠᠯᠳᠤᠭᠤᠯᠤᠨ ᠪᠡᠯᠭᠡ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠥᠷᠨᠢᠭᠦᠯᠵᠦ᠂ ᠬᠡᠦᠬᠡᠳ ᠤᠨ ᠪᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠣᠯᠬᠤᠶᠢᠴᠠ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃      ᠠᠷᠭ᠎ᠠ ᠪᠤᠳᠤᠯᠭ᠎ᠠ ᠠᠷᠭ᠎ᠠ ᠬᠡᠮᠵᠢᠶ᠎ᠡ᠄      1᠂ ᠬᠡᠤᠬᠡᠳ ᠤᠨ ᠡᠷᠡᠭᠦᠯ ᠮᠡᠨᠳᠦ ᠶᠢ ᠤᠷᠢᠳᠠᠪᠠᠷ ᠪᠠᠲᠤᠯᠠᠨ᠎ᠠ᠃ ᠬᠡᠤᠬᠡᠳ ᠎ ᠤᠨ ᠡᠷᠡᠭᠦᠯ ᠮᠡᠨᠳᠦ ᠶᠢᠨ ᠤᠨᠤᠯᠵᠢᠬᠤᠨ ᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠎ ᠲᠠᠢ ᠠᠭᠤᠰᠤᠯᠴᠠᠭᠤᠯᠵᠦ᠂ ᠬᠡᠤᠬᠡᠳ ᠤᠨ ᠡᠷᠡᠭᠦᠯ ᠮᠡᠨᠳᠦ ᠤᠨ ᠭᠤᠤᠯ ᠭᠦᠢᠴᠡᠳᠭᠡᠯ ᠲᠤᠭ᠎ᠠ ᠵᠠᠰᠠᠭ ᠤᠨ ᠤᠷᠳᠤᠨ ᠤ ᠬᠠᠷᠠᠯᠲᠠ ᠪᠠ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠤ ᠤᠷᠤᠭᠤᠯᠤᠨ᠎ᠠ᠃《ᠡᠷᠡᠭᠦᠯ ᠡᠩᠬᠡ ᠪᠤᠭᠤᠲᠦ ᠶᠢᠨ ᠠᠵᠢᠯᠯᠠᠭ᠎ᠠ》᠎ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠵᠦ᠂ ᠪᠦᠬᠦ ᠲᠤᠭᠤᠷᠢᠭ ᠤᠨ ᠬᠡᠤᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠬᠡᠤᠬᠡᠳ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠢ ᠬᠠᠮᠤᠷᠤᠭᠰᠠᠨ ᠳᠦᠷᠢᠮ ᠢ ᠲᠡᠭᠦᠯᠳᠡᠷᠵᠢᠭᠦᠯᠵᠦ᠂ ᠬᠡᠤᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠷᠦ ᠶᠢᠨ ᠪᠣᠳᠣᠯᠭ᠎ᠠ ᠲᠠᠢ ᠬᠤᠯᠪᠤᠯᠳᠠᠭᠤᠯᠤᠨ᠎ᠠ᠃ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠲᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾᠎ ᠶᠢᠨ ᠦᠢᠯᠡᠴᠢᠯᠡᠭᠡᠨ ᠤ ᠵᠠᠭᠪᠤᠷ ᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠡᠦᠬᠡᠳ ᠤᠨ ᠡᠷᠡᠭᠦᠯ ᠮᠡᠨᠳᠦ ᠶᠢᠨ ᠪᠥᠬᠦ ᠦᠶᠡᠯᠡᠯ ᠪᠥᠬᠦ ᠶᠠᠪᠤᠴᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃      2᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠬᠡᠦᠬᠡᠳ ᠤᠨ ᠡᠮᠨᠡᠯᠭᠡ ᠶᠢᠨ ᠬᠤᠷᠢᠶ᠎ᠠ ᠪᠠ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠰᠠᠯᠠᠭ᠎ᠠ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠳᠣᠲᠣᠷᠠᠬᠢ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠠᠷ ᠬᠥᠲᠥᠴᠢ ᠪᠣᠯᠭᠠᠭᠰᠠᠨ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠬᠦᠢᠰᠦ ᠪᠣᠯᠭᠠᠭᠰᠠᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠦᠨᠳᠦᠰᠦᠨ ᠱᠠᠲᠤᠨ ᠤ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢᠭᠡᠪᠦᠷᠢ ᠳᠤ ᠬᠡᠦᠬᠡᠳ ᠤᠨ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠵᠢᠷᠤᠮᠵᠢᠭᠤᠯᠬᠤ ᠶᠡᠷᠦᠩᠬᠡᠢ ᠰᠠᠯᠠᠭᠠᠨ ᠤ ᠡᠮᠴᠢ ᠵᠢᠴᠢ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠲᠤᠰᠬᠠᠶᠢᠯᠠᠨ ᠬᠢᠳᠡᠭ ᠡᠮᠴᠢ ᠶᠢ ᠲᠣᠬᠢᠷᠠᠭᠤᠯᠤᠨ᠎ᠠ᠃ ᠬᠡᠦᠬᠡᠳ ᠤᠨ ᠲᠦᠷᠭᠡᠨ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠡᠦᠬᠡᠳ ᠤᠨ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠲᠦᠷᠭᠡᠳᠬᠡᠵᠦ᠂ ᠶᠡᠷᠦᠩᠬᠡᠢ ᠰᠠᠯᠠᠭᠠᠨ ᠤ ᠡᠮᠴᠢ ᠶᠢᠨ ᠬᠡᠦᠬᠡᠳ ᠤᠨ ᠰᠠᠯᠠᠭ᠎ᠠ ᠪᠠ ᠬᠡᠦᠬᠡᠳ ᠤᠨ ᠡᠷᠡᠭᠦᠯᠵᠢᠯ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠬᠡᠦᠬᠡᠳ ᠤᠨ ᠰᠠᠯᠠᠭᠠᠨ ᠤ ᠡᠮᠨᠡᠯᠭᠡ ᠶᠢᠨ ᠠᠵᠢᠯᠲᠠᠨ ᠤ ᠬᠥᠯᠥᠰᠦ ᠤᠯᠭᠤᠮᠵᠢ ᠶᠢ ᠳᠡᠭᠡᠭᠰᠢᠯᠡᠭᠦᠯᠦᠨ᠎ᠡ᠃      3᠂ ᠬᠡᠦᠬᠡᠳ ᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠪᠣᠯ ᠬᠡᠦᠬᠡᠳ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠣᠨᠣᠯᠵᠢᠬᠤᠨ ᠢ ᠴᠢᠩᠭᠠᠷᠠᠭᠤᠯᠵᠤ᠂ ᠭᠡᠷ ᠪᠦᠯᠢ᠂ ᠨᠡᠶᠢᠭᠡᠮ ᠲᠣᠭᠤᠷᠢᠭ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ᠂ ᠡᠪᠡᠳᠴᠢᠨ ᠡᠮᠭᠡᠭ ᠢ ᠰᠡᠷᠭᠡᠶᠢᠯᠡᠬᠦ᠂ ᠴᠠᠭ ᠲᠤᠬᠠᠢ ᠳᠤᠨᠢ ᠡᠮᠨᠡᠭᠦᠯᠬᠦ᠂ ᠵᠦᠢ ᠵᠣᠬᠢᠰᠲᠠᠢ ᠪᠠᠷ ᠡᠮ ᠬᠡᠷᠡᠭᠯᠡᠬᠦ᠂ ᠵᠦᠢ ᠵᠣᠬᠢᠰᠲᠠᠢ ᠪᠠᠷ ᠬᠤᠭᠤᠯᠠ ᠤᠮᠳᠠ ᠢᠳᠡᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠎ ᠠᠴᠠ ᠵᠠᠶᠢᠯᠠᠬᠤ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠮᠡᠳᠡᠯᠭᠡ ᠪᠠ ᠮᠡᠷᠭᠡᠵᠢᠯ ᠴᠢᠳᠠᠪᠤᠷᠢ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠡᠦᠬᠡᠳ ᠤᠨ ᠡᠷᠡᠭᠦᠯ ᠮᠡᠨᠳᠦ ᠶᠢᠨ ᠦᠶᠯᠡ ᠠᠵᠢᠯᠯᠠᠭᠠᠨ ᠤ ᠳᠠᠳᠬᠠᠯ ᠲᠠᠢ ᠪᠣᠯᠬᠤ ᠶᠢ ᠠᠬᠢᠭᠤᠯᠤᠨ᠎ᠠ᠃ ᠬᠠᠮ ᠵᠠᠭᠤᠴᠢᠯᠠᠭᠤᠷ ᠤᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠶᠢᠨ ᠡᠬᠢ ᠪᠠᠶᠠᠯᠢᠭ ᠤᠨ ᠬᠥᠮᠥᠷᠭᠡ ᠶᠢᠨ ᠦᠢᠯᠡᠳᠦᠯ ᠢ ᠪᠠᠳᠠᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ︽ᠵᠢᠷᠮᠦᠰᠦᠨ ᠡᠮᠡᠭᠲᠡᠢ ᠶᠢᠨ ᠰᠤᠷᠭᠠᠭᠤᠯᠢ︾ ᠪᠠ ︽ᠭᠡᠷ ᠤᠨ ᠠᠬᠠᠮᠠᠳ ᠤᠨ ᠬᠢᠴᠢᠶᠡᠯ ᠤᠨ ᠲᠠᠩᠬᠢᠮ︾᠎ ᠢ ᠵᠢᠷᠤᠮᠵᠢᠭᠤᠯᠤᠨ ᠲᠣᠬᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠲᠤᠰᠬᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠬᠡᠦᠬᠡᠳ ᠤᠨ ᠲᠠᠮᠠᠬᠢ ᠲᠠᠲᠠᠬᠤ ︵ᠡᠯᠧᠺᠲᠷᠣᠨ ᠲᠠᠮᠠᠬᠢ ᠪᠠᠭᠲᠠᠨ᠎ᠠ︶᠂ ᠠᠷᠢᠬᠢᠨ ᠳᠤ ᠰᠣᠭᠲᠣᠬᠤ ᠶᠢ ᠰᠡᠷᠭᠡᠶᠢᠯᠡᠬᠦ ᠪᠠ ᠬᠤᠷᠢᠭᠯᠠᠵᠤ᠂ ᠬᠡᠦᠬᠡᠳ ᠢ ᠬᠠᠮᠠᠭᠠᠯᠠᠵᠦ ᠬᠤᠣᠷᠲᠤ ᠡᠳ᠋ ᠠᠴᠠ  ᠬᠤᠯᠠᠳᠠᠭᠤᠯᠤᠨ᠎ᠠ᠃ ᠬᠡᠦᠬᠡᠳ ᠲᠤ ᠲᠠᠮᠠᠬᠢ᠂ ᠠᠷᠢᠬᠢ᠂ ᠬᠤᠣᠷᠲᠤ ᠡᠳ᠋ ᠬᠤᠳᠠᠯᠳᠤᠨ ᠪᠣᠷᠣᠯᠠᠭᠤᠯᠬᠤ ᠬᠤᠪᠢ ᠬᠥᠮᠥᠨ ᠪᠠ ᠪᠠᠶᠢᠭᠤᠯᠤᠮᠵᠢ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠤᠨ᠎ᠠ᠃      4᠂ ᠨᠢᠷᠠᠢ ᠬᠡᠦᠬᠡᠳ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠨ᠎ᠠ᠃ ᠬᠦᠨᠳᠦ ᠲᠦᠭᠰᠢᠭᠦᠷᠢᠲᠡᠢ ᠡᠪᠡᠳᠴᠢᠨ ᠲᠠᠢ ᠨᠢᠷᠠᠢ ᠬᠡᠦᠬᠡᠳ ᠢ ᠰᠢᠭᠰᠢᠨ ᠪᠠᠶᠢᠴᠠᠭᠠᠬᠤ ᠪᠠ ᠦᠨᠡᠯᠡᠨ ᠵᠢᠱᠢᠬᠦ᠂ ᠠᠶᠤᠯ ᠶᠡᠬᠡᠲᠡᠢ ᠨᠢᠷᠠᠢ ᠬᠡᠦᠬᠡᠳ ᠢ ᠲᠤᠰᠬᠠᠢ ᠬᠡᠷᠡᠭ ᠢᠶᠠᠷ ᠬᠠᠮᠢᠶᠠᠷᠬᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ᠂ ᠨᠢᠷᠠᠢ ᠬᠡᠦᠬᠡᠳ ᠤᠨ ᠦᠬᠦᠭᠰᠡᠨ ᠢ ᠬᠢᠨᠠᠨ ᠲᠣᠭᠲᠠᠭᠠᠬᠤ ᠵᠡᠷᠭᠡ ᠳᠦᠷᠢᠮ ᠢ ᠭᠦᠨᠵᠡᠭᠡᠢ ᠬᠡᠷᠡᠭᠵᠢᠭᠦᠯᠦᠨ᠎ᠡ᠃ ᠨᠢᠷᠠᠢ ᠬᠡᠦᠬᠡᠳ ᠢ ᠵᠢᠷᠤᠮᠵᠢᠭᠤᠯᠤᠨ ᠰᠤᠷᠪᠤᠯᠵᠢᠯᠠᠵᠤ ᠦᠵᠡᠬᠦ ᠠᠵᠢᠯ ᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠥᠩᠭᠡᠵᠢᠭᠦᠯᠬᠦ ᠰᠠᠯᠠᠭ᠎ᠠ᠂ ᠨᠢᠷᠠᠢ ᠬᠡᠦᠬᠡᠳ ᠤᠨ ᠰᠠᠯᠠᠭ᠎ᠠ ᠶᠢᠨ ᠶᠠᠰᠤ ᠴᠢᠨᠠᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠢᠷᠠᠢ ᠬᠡᠦᠬᠡᠳ ᠤᠨ ᠡᠷᠡᠭᠦᠯᠵᠢᠯ ᠤᠨ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠲᠡ ᠬᠥᠩᠭᠡᠵᠢᠭᠰᠡᠨ ᠬᠡᠦᠬᠡᠳ ᠤᠨ ᠢᠮᠵᠢ ᠮᠠᠶ᠋ᠢᠭ ᠤᠨ ᠰᠤᠪᠢᠯᠠᠯᠲᠠ ᠵᠡᠷᠭᠡ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠦᠨ᠎ᠡ᠃ ᠣᠲᠣ ᠶᠢᠨ ᠪᠠᠶᠢᠭ᠎ᠠ ᠪᠠᠶᠢᠭᠤᠯᠤᠮᠵᠢ ᠳᠤ ᠲᠦᠰᠢᠭᠯᠡᠨ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠨᠢᠷᠠᠢ ᠬᠡᠦᠬᠡᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠪᠦᠷᠬᠦᠭᠰᠡᠨ ᠨᠤᠷᠮ᠎ᠠ ᠶᠢ ᠳᠡᠭᠡᠭᠰᠢᠯᠡᠭᠦᠯᠦᠨ᠎ᠡ᠃      5᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠵᠡᠷᠡᠮᠳᠡᠭ ᠲᠦᠷᠦᠭᠦ ᠶᠢ ᠭᠤᠷᠪᠠᠨ ᠱᠠᠲᠤ ᠪᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠡᠳᠡᠯᠭᠡ ᠶᠢ ᠲᠦᠭᠡᠮᠡᠯᠵᠢᠭᠦᠯᠬᠦ ᠪᠠ ᠵᠡᠷᠡᠮᠳᠡᠭ ᠲᠦᠷᠦᠭᠦ ᠶᠢ ᠰᠡᠷᠭᠡᠶᠢᠯᠡᠨ ᠡᠵᠡᠮᠳᠡᠬᠦ ᠯᠠᠪᠯᠠᠯᠭ᠎ᠠ ᠶᠢ ᠴᠢᠩᠭᠠᠳᠬᠠᠵᠤ᠂ ᠣᠷᠤᠭ ᠤᠨ ᠳᠠᠩᠰᠠᠯᠠᠯᠲᠠ᠂ ᠣᠷᠤᠭ ᠬᠤᠷᠢᠮ ᠦᠷᠡᠵᠢᠯ ᠤᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠦᠷᠡᠵᠢᠯ ᠤᠨ ᠵᠢᠯᠣᠭᠤᠳᠤᠯᠭ᠎ᠠ ᠶᠢᠨ ︽ᠨᠢᠭᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠶᠢ ᠳᠡᠯᠭᠡᠷᠡᠭᠦᠯᠦᠨ᠎ᠡ᠃ ᠤᠷᠤᠭᠯᠠᠬᠤ ᠠᠴᠠ ᠡᠮᠦᠨᠡᠬᠢ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠶᠢ ᠴᠢᠩᠭᠠᠳᠬᠠᠵᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠣᠨᠣᠰᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠵᠢᠷᠮᠦᠰᠦᠯᠡᠬᠦ ᠬᠤᠭᠤᠴᠠᠭ᠎ᠠ᠂ ᠬᠥᠩᠭᠡᠵᠢᠬᠦ ᠠᠴᠠ ᠡᠮᠦᠨᠡᠬᠢ ᠪᠠ ᠬᠥᠩᠭᠡᠵᠢᠭᠰᠡᠨ ᠤ ᠳᠠᠷᠠᠭᠠᠬᠢ ᠨᠢᠭᠡ ᠴᠣᠭᠴᠠᠵᠢᠯᠲᠠ ᠪᠠ ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠬᠦ ᠬᠠᠮᠵᠢᠯᠴᠠᠭ᠎ᠠ ᠶᠢ ᠠᠬᠢᠭᠤᠯᠵᠤ᠂ ᠦᠢᠯᠡᠴᠢᠯᠡᠭᠡ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠢᠭᠰᠢᠨ ᠪᠠᠶᠢᠴᠠᠭᠠᠬᠤ᠂ ᠠᠷᠭ᠎ᠠ ᠶᠢᠨ ᠴᠢᠨᠠᠷᠲᠠᠢ ᠡᠪᠡᠳᠴᠢᠨ ᠤ ᠵᠢᠱᠢᠶ᠎ᠡ ᠶᠢ ᠡᠭᠡᠭᠦᠯᠦᠨ ᠠᠪᠴᠢᠷᠠᠬᠤ᠂ ᠣᠨᠣᠰᠢᠯᠠᠬᠤ᠂ ᠡᠮᠨᠡᠨ ᠵᠠᠰᠠᠬᠤ ᠪᠠ ᠳᠠᠭᠠᠵᠤ ᠰᠤᠷᠪᠤᠯᠵᠢᠯᠠᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠡᠷᠲᠡ ᠰᠢᠭᠰᠢᠵᠦ ᠡᠷᠲᠡ ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠵᠡᠷᠡᠮᠳᠡᠭ ᠲᠦᠷᠦᠭᠦ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠎ᠠ᠃      6᠂ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ ᠤᠨ ᠡᠷᠡᠭᠦᠯᠵᠢᠯ ᠤᠨ ᠡᠭᠦᠳᠡᠨ ᠡᠮᠨᠡᠯᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ  0 —6 ᠨᠠᠰᠤᠨ ᠤ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 0 —6 ᠨᠠᠰᠤᠨ ᠤ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ ᠶᠢ ᠠᠬᠢᠭᠤᠯᠤᠨ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ᠂ ᠲᠡᠩᠬᠡᠷᠡᠭᠦᠯᠦᠨ ᠲᠤᠰᠠᠯᠠᠬᠤ ᠶᠢ ᠬᠠᠷᠢᠯᠴᠠᠨ ᠵᠣᠯᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠴᠢᠳᠠᠪᠤᠷᠢ ᠶᠢ ᠴᠢᠩᠭᠠᠳᠬᠠᠵᠤ᠂ ᠰᠤᠷᠭᠠᠭᠤᠯᠢ ᠶᠢᠨ ᠡᠮᠴᠢ᠂ ᠬᠡᠦᠬᠡᠳ ᠤᠨ ᠴᠡᠴᠡᠷᠯᠢᠭ ᠵᠢᠴᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯᠲᠠᠨ ᠪᠠ ᠴᠢᠬᠤᠯᠠ ᠪᠦᠬᠦᠢ ᠡᠷᠡᠭᠦᠯᠵᠢᠯ ᠤᠨ ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ  ᠲᠤᠬᠢᠷᠠᠭᠤᠯᠤᠨ᠎ᠠ᠃ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      7᠂ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠡᠷᠲᠡ ᠬᠥᠩᠭᠡᠵᠢᠭᠰᠡᠨ᠂ ᠪᠡᠶ᠎ᠡ ᠶᠢᠨ ᠬᠦᠨᠳᠦ ᠨᠢ ᠳᠣᠣᠷ᠎ᠠ᠂ ᠴᠢᠰᠤ ᠳᠤᠲᠠᠬᠤ᠂ ᠠᠭᠤᠰᠬᠢᠨ ᠦᠷᠪᠢᠰᠦᠯ᠂ ᠮᠠᠷᠢᠶᠠᠯᠠᠬᠤ᠂ ᠰᠠᠭᠤᠯᠭᠠᠬᠤ᠂ ᠰᠡᠳᠬᠢᠴᠡ ᠶᠢᠨ ᠦᠶᠯᠡ ᠠᠵᠢᠯᠯᠠᠭ᠎ᠠ ᠬᠡᠪ ᠤᠨ ᠪᠤᠰᠤ᠂ ᠬᠠᠷᠠᠭ᠎ᠠ ᠮᠠᠭᠤᠳᠠᠬᠤ᠂ ᠰᠢᠳᠦ ᠬᠤᠷᠣᠬᠠᠶᠢᠲᠤᠬᠤ ᠵᠡᠷᠭᠡ ᠬᠡᠦᠬᠡᠳ ᠤᠨ ᠡᠷᠡᠭᠦᠯ ᠮᠡᠨᠳᠦ ᠶᠢᠨ ᠠᠰᠠᠭᠤᠳᠠᠯ ᠢᠶᠠᠷ ᠭᠤᠣᠯᠳᠠᠯᠭ᠎ᠠ ᠪᠣᠯᠭᠠᠨ᠂ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤ ᠲᠣᠬᠢᠷᠠᠬᠤ ᠮᠡᠷᠭᠡᠵᠢᠯ ᠢ ᠳᠡᠯᠭᠡᠷᠡᠭᠦᠯᠵᠦ᠂ ᠠᠩᠬᠠᠨ ᠤ ᠬᠤᠭᠤᠴᠠᠭᠠᠨ ᠤ ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠬᠠᠮᠢᠶᠠᠷᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠬᠡᠦᠬᠡᠳ ᠤᠨ ᠠᠮᠠᠨ ᠬᠥᠨᠳᠡᠢ ᠶᠢᠨ ᠡᠷᠡᠭᠦᠯ ᠮᠡᠨᠳᠦ ᠶᠢ ᠴᠢᠩᠭᠠᠳᠬᠠᠨ᠎ᠠ᠃ ᠬᠡᠦᠬᠡᠳ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ᠂ ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠵᠢᠴᠢ ᠠᠶᠢᠽ ᠡᠪᠡᠳᠴᠢᠨ᠂ ᠲᠡᠮᠪᠦᠦ᠂ ᠡᠯᠢᠭᠡᠨ ᠤB ᠦᠷᠪᠢᠰᠦᠯ ᠤᠨ ᠡᠬᠡ ᠨᠢᠯᠬᠠᠰ ᠢ ᠬᠤᠷᠢᠭᠯᠠᠨ ᠲᠠᠰᠤᠯᠬᠤ ᠠᠵᠢᠯ ᠢ ᠴᠢᠩᠭᠠᠳᠬᠠᠨ᠎ᠠ᠃ ᠬᠡᠦᠬᠡᠳ ᠤᠨ ᠴᠢᠰᠤᠨ ᠡᠪᠡᠳᠴᠢᠨ᠂ ᠬᠤᠣᠷᠲᠤ ᠬᠠᠪᠤᠳᠠᠷ ᠵᠡᠷᠭᠡ ᠬᠦᠨᠳᠦ ᠡᠪᠡᠳᠴᠢᠨ ᠢ ᠣᠨᠣᠰᠢᠯᠠᠨ ᠡᠮᠨᠡᠬᠦ ᠰᠢᠰᠲ᠋ᠧᠮ᠂ ᠡᠮ ᠤᠨ ᠵᠦᠢᠯ ᠤᠨ ᠬᠠᠩᠭᠠᠯᠭ᠎ᠠ ᠶᠢᠨ ᠳᠦᠷᠢᠮ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠤᠣᠷᠲᠤ ᠬᠠᠪᠤᠳᠠᠷ ᠵᠡᠷᠭᠡ ᠡᠪᠡᠳᠴᠢᠨ ᠢ ᠡᠮᠨᠡᠨ ᠵᠠᠰᠠᠬᠤ ᠣᠨᠴᠠ ᠦᠢᠯᠡᠳᠦᠯ ᠲᠠᠢ ᠡᠮ ᠢ ᠨᠡᠭᠡᠭᠡᠨ ᠬᠥᠭᠵᠢᠭᠦᠯᠦᠨ᠎ᠡ᠃ ᠬᠤᠪᠣᠷ ᠲᠣᠬᠢᠶᠠᠯᠳᠤᠬᠤ ᠡᠪᠡᠳᠴᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠢᠲᠠᠳ ︵ᠮᠣᠩᠭᠤᠯ︶ ᠡᠮᠴᠢᠯᠡᠭᠡᠨ ᠤ ᠬᠡᠦᠬᠡᠳ ᠤᠨ ᠰᠠᠯᠠᠭᠠᠨ ᠤ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃      8᠂ ᠬᠡᠦᠬᠡᠳ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠬᠠᠮᠢᠶᠠᠷᠤᠯᠲᠠ ᠪᠠ ᠰᠡᠷᠭᠡᠶᠢᠯᠡᠬᠦ ᠲᠠᠷᠢᠯᠭ᠎ᠠ ᠶᠢ ᠴᠢᠩᠭᠠᠳᠬᠠᠨ᠎ᠠ᠃ ᠨᠡᠯᠢᠶᠡᠳ ᠥᠨᠳᠥᠷ ᠬᠢᠷᠢ ᠲᠦᠪᠰᠢᠨ ᠪᠦᠬᠦᠢ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠪᠠᠷᠢᠮᠲᠠᠯᠠᠨ᠎ᠠ᠃ ᠸᠠᠺᠼᠢᠨ ᠤ ᠶᠠᠰᠤ ᠴᠢᠨᠠᠷ᠂ ᠬᠦᠢᠲᠡᠨ ᠬᠡᠯᠬᠢᠶᠡᠲᠦ ᠬᠠᠳᠠᠭᠠᠯᠠᠵᠤ ᠵᠥᠭᠡᠭᠡᠪᠦᠷᠢᠯᠡᠬᠦ᠂ ᠡᠭᠡᠯᠢᠯᠡᠭᠡ ᠶᠢᠨ ᠲᠥᠯᠦᠪᠵᠢᠭᠦᠯᠭᠡ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ᠂ ᠰᠡᠷᠭᠡᠶᠢᠯᠡᠬᠦ ᠲᠠᠷᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠸᠠᠺᠼᠢᠨ ᠤ ᠬᠡᠪ ᠤᠨ ᠪᠤᠰᠤ ᠤᠷᠪᠠᠯ ᠤᠨ ᠨᠥᠬᠦᠪᠦᠷᠢ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠵᠦ᠂ ᠨᠥᠬᠦᠪᠦᠷᠢ ᠶᠢᠨ ᠭᠠᠷᠴᠠᠭ ᠤᠨ ᠬᠡᠪᠴᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠤᠷᠪᠠᠯ ᠤᠨ ᠨᠥᠬᠦᠪᠦᠷᠢ ᠶᠢᠨ ᠳᠠᠭᠠᠳᠬᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      9᠂ ᠬᠡᠦᠬᠡᠳ ᠤᠨ ᠠᠩᠬᠠᠨ ᠤ ᠬᠥᠭᠵᠢᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠯᠠᠨ ᠰᠠᠯᠠᠭ᠎ᠠ ᠮᠥᠴᠢᠷ ᠬᠠᠮᠵᠢᠯᠴᠠᠭᠰᠠᠨ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠣᠨᠣᠯᠵᠢᠬᠤᠨ ᠤ ᠮᠡᠳᠡᠯᠭᠡ ᠶᠢ ᠢᠳᠡᠪᠬᠢᠲᠡᠢ ᠪᠠᠷ ᠤᠯᠠᠮᠵᠢᠯᠠᠨ ᠳᠡᠯᠭᠡᠷᠡᠭᠦᠯᠵᠦ᠂ ᠭᠡᠷ ᠤᠨ ᠠᠬᠠᠮᠠᠳ ᠵᠢᠴᠢ ᠠᠰᠠᠷᠠᠨ ᠬᠠᠷᠠᠭᠠᠯᠵᠠᠭᠴᠢᠳ ᠢ ᠬᠠᠪᠰᠤᠷᠤᠨ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠵᠥᠪ ᠤᠶᠢᠯᠭᠠᠭᠳᠠᠬᠤᠨ ᠢ ᠪᠠᠶᠢᠭᠤᠯᠤᠨ᠎ᠠ᠃ 0 —3 ᠨᠠᠰᠤᠨ ᠤ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠪᠠ ᠬᠠᠷᠠᠭᠠᠯᠵᠠᠨ ᠠᠰᠠᠷᠠᠬᠤ ᠮᠡᠳᠡᠯᠭᠡ ᠶᠢ ᠲᠦᠭᠡᠮᠡᠯᠵᠢᠭᠦᠯᠵᠦ᠂ ᠬᠠᠷᠠᠭᠠᠯᠵᠠᠨ ᠠᠰᠠᠷᠠᠬᠤ ᠵᠢᠭᠠᠨ ᠰᠤᠷᠭᠠᠬᠤ ᠪᠠᠭᠠᠵᠢ ᠬᠡᠷᠡᠭᠰᠡᠯ ︵ᠬᠠᠷ᠎ᠠ ᠴᠠᠭᠠᠨ ᠺᠠᠷᠲ᠂ ᠳᠤᠷ᠎ᠠ ᠬᠦᠰᠡᠯ ᠤᠨ ᠬᠤᠭᠤᠴᠠᠭᠠᠨ ᠤ ᠲᠣᠭᠯᠠᠭᠠᠮ᠂ ᠰᠠᠭᠤᠷᠢ ᠵᠢᠷᠤᠭᠲᠤ ᠳᠡᠪᠲᠡᠷ ᠵᠡᠷᠭᠡ︶᠂ ᠬᠠᠷᠠᠭᠠᠨ ᠳᠠᠪᠲᠠᠮᠵᠢ ᠶᠢᠨ ᠬᠢᠴᠢᠶᠡᠯ ᠪᠠ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠵᠡᠷᠭᠡ ᠦᠢᠯᠡᠴᠢᠯᠡᠭᠡᠨ ᠤ ᠬᠠᠩᠭᠠᠯᠭ᠎ᠠ ᠲᠠᠢ ᠬᠠᠮᠵᠢᠯᠴᠠᠨ᠂ ᠬᠠᠷᠠᠭᠠᠯᠵᠠᠨ ᠠᠰᠠᠷᠠᠭᠴᠢ ᠶᠢ ᠬᠠᠪᠰᠤᠷᠤᠨ ᠬᠡᠦᠬᠡᠳ ᠤᠨ ᠰᠡᠷᠭᠡᠭ ᠬᠤᠭᠤᠴᠠᠭᠠᠨ ᠤ ᠬᠥᠭᠵᠢᠯᠲᠡ ᠶᠢᠨ ᠥᠩᠭᠡᠷᠡᠯᠲᠡ ᠶᠢ ᠣᠶᠢᠯᠠᠭᠠᠭᠤᠯᠵᠤ᠂ ᠬᠡᠦᠬᠡᠳ ᠤᠨ ᠮᠡᠳᠡᠷᠡᠬᠦᠢ᠂ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ᠂ ᠬᠥᠳᠡᠯᠭᠡᠭᠡᠨ ᠤ ᠴᠢᠳᠠᠪᠤᠷᠢ᠂ ᠦᠭᠡ ᠬᠡᠯᠡᠨ ᠤ ᠴᠢᠳᠠᠪᠤᠷᠢ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ᠂ ᠤᠷᠮ᠎ᠠ ᠰᠡᠳᠬᠢᠯᠭᠡ ᠪᠠᠨ ᠵᠣᠬᠢᠴᠠᠭᠤᠯᠬᠤ ᠴᠢᠳᠠᠪᠤᠷᠢ ᠵᠡᠷᠭᠡ ᠶᠢᠨ ᠲᠣᠭᠤᠷᠢᠨ ᠳᠤ ᠡᠷᠲᠡ ᠦᠶ᠎ᠡ ᠶᠢᠨ ᠰᠤᠷᠭᠠᠨ ᠬᠥᠮᠦᠵᠢᠯ ᠢ ᠡᠷᠲᠡᠬᠡᠨ ᠥᠷᠨᠢᠭᠦᠯᠦᠨ᠎ᠡ᠃ ᠰᠠᠶᠢᠨ ᠰᠠᠶᠢᠬᠠᠨ ᠡᠷᠡᠭᠦᠯ ᠮᠡᠨᠳᠦ᠂ ᠭᠦᠢᠴᠡᠳ ᠰᠢᠮ᠎ᠡ ᠲᠡᠵᠢᠭᠡᠯ᠂ ᠬᠠᠷᠢᠭᠤ ᠲᠤᠰᠬᠠᠯ ᠤᠨ ᠴᠢᠨᠠᠷᠲᠠᠢ ᠬᠠᠷᠠᠭᠠᠯᠵᠠᠯ᠂ ᠠᠩᠬᠠᠨ ᠤ ᠬᠤᠭᠤᠴᠠᠭᠠᠨ ᠤ ᠰᠤᠷᠤᠯᠴᠠᠯᠭ᠎ᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠣᠯᠠᠨ ᠲᠠᠯ᠎ᠠ ᠶᠢ ᠬᠠᠮᠤᠷᠤᠭᠰᠠᠨ ᠬᠡᠦᠬᠡᠳ ᠤᠨ ᠠᠩᠬᠠᠨ ᠤ ᠬᠤᠭᠤᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡ ᠶᠢ ᠥᠷᠭᠡᠳᠬᠡᠨ᠎ᠡ᠃ ᠭᠡᠷ ᠪᠦᠯᠢ ᠶᠢᠨ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠳᠡᠮᠵᠢᠯᠭᠡ ᠪᠠ ᠦᠢᠯᠡᠴᠢᠯᠡᠭᠡ ᠶᠢ ᠴᠢᠩᠭᠠᠳᠬᠠᠵᠤ᠂ ᠭᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠤ ᠬᠦᠷᠭᠡᠬᠦ᠂ ᠨᠡᠶᠢᠭᠡᠮ ᠲᠣᠭᠤᠷᠢᠭ ᠲᠤ ᠬᠦᠷᠭᠡᠬᠦ᠂ ᠭᠡᠷ ᠪᠦᠯᠢ ᠳᠤ ᠬᠦᠷᠭᠡᠬᠦ ᠶᠢ ᠠᠬᠢᠭᠤᠯᠵᠤ᠂ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠡᠷᠦᠬᠡ ᠳᠤ ᠬᠦᠷᠴᠦ ᠠᠶᠢᠯᠴᠢᠯᠠᠨ ᠵᠢᠭᠠᠨ ᠵᠢᠯᠤᠭᠤᠳᠬᠤ ᠵᠡᠷᠭᠡ ᠬᠥᠳᠡᠭᠡ ᠲᠣᠰᠬᠤᠨ ᠤ ᠬᠡᠦᠬᠡᠳ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠲᠤ ᠲᠣᠬᠢᠷᠠᠬᠤ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠳᠡᠯᠭᠡᠷᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠤ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡᠨ ᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      10᠂ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠤᠨ᠎ᠠ᠃ ᠬᠡᠦᠬᠡᠳ ᠤᠨ ᠠᠮᠢ ᠨᠠᠰᠤᠨ ᠤ ᠡᠬᠢᠨ ᠤ ᠦᠶ᠎ᠡ ᠶᠢᠨ 1000 ᠡᠳᠦᠷ ᠤᠨ ᠰᠢᠮ᠎ᠡ ᠲᠡᠵᠢᠭᠡᠯ ᠢ ᠠᠩᠬᠠᠷᠴᠤ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠯᠡᠵᠦ ᠬᠥᠩᠭᠡᠵᠢᠬᠦ ᠬᠤᠭᠤᠴᠠᠭᠠᠨ ᠳᠠᠬᠢ ᠰᠢᠮ᠎ᠡ ᠲᠡᠵᠢᠭᠡᠯ ᠬᠢᠭᠡᠳ ᠢᠳᠡᠰᠢ ᠶᠢᠨ ᠦᠨᠡᠯᠡᠯᠲᠡ ᠵᠢᠯᠣᠭᠤᠳᠤᠯᠭ᠎ᠠ ᠶᠢ ᠥᠷᠨᠢᠭᠦᠯᠦᠨ᠎ᠡ᠃ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢ ᠠᠬᠢᠭᠤᠯᠬᠤ ᠪᠠ ᠳᠡᠮᠵᠢᠵᠦ᠂ 6 ᠰᠠᠷ᠎ᠠ ᠎ ᠠᠴᠠ ᠳᠡᠭᠡᠭᠰᠢᠬᠢ ᠬᠡᠦᠬᠡᠳ ᠲᠤ ᠲᠤᠰᠠᠯᠠᠬᠤ ᠢᠳᠡᠭᠡᠨ ᠵᠦᠢ ᠵᠣᠬᠢᠰᠲᠠᠢ ᠨᠡᠮᠡᠬᠦ ᠮᠡᠳᠡᠯᠭᠡ ᠴᠢᠳᠠᠪᠤᠷᠢ ᠶᠢ ᠲᠦᠭᠡᠮᠡᠯᠵᠢᠭᠦᠯᠦᠨ᠎ᠡ᠃ ᠨᠢᠯᠬ᠎ᠠ ᠬᠡᠦᠬᠡᠳ ᠢᠶᠠᠨ ᠬᠠᠶᠢᠷᠠᠯᠠᠬᠤ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠠᠵᠢᠯᠯᠠᠬᠤ ᠲᠠᠯᠠᠪᠤᠷ ᠲᠠᠬᠢ ᠡᠬᠡ ᠨᠢᠯᠬᠠᠰ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠦᠬᠡᠳ ᠤᠨ ᠥᠰᠦᠯᠲᠡ ᠪᠤᠶᠢᠵᠢᠯᠲᠠ ᠶᠢᠨ ᠬᠢᠨᠠᠨ ᠬᠡᠮᠵᠢᠯᠲᠡ ᠪᠠ ᠦᠨᠡᠯᠡᠯᠲᠡ ᠶᠢ ᠥᠷᠨᠢᠭᠦᠯᠵᠦ᠂ ᠥᠪᠡᠷᠮᠢᠴᠡ ᠰᠢᠮ᠎ᠡ ᠲᠡᠵᠢᠭᠡᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠬᠡᠦᠬᠡᠳ ᠤᠨ ᠰᠢᠮ᠎ᠡ ᠲᠡᠵᠢᠭᠡᠯ ᠭᠦᠢᠴᠡᠳ ᠪᠠᠶᠢᠬᠤ ᠶᠢ ᠪᠠᠲᠤᠯᠠᠨ᠎ᠠ᠃ ᠢᠳᠡᠭᠡᠨ ᠤ ᠪᠤᠶᠢᠵᠢᠯᠲᠠ ᠶᠢᠨ ᠬᠥᠮᠦᠵᠢᠯ ᠢ ᠴᠢᠩᠭᠠᠳᠬᠠᠵᠤ᠂ ᠢᠳᠡᠭᠡᠨ ᠤᠮᠳᠠᠭᠠᠨ ᠢ ᠰᠢᠨᠵᠢᠯᠡᠬᠦ ᠤᠬᠠᠭᠠᠨᠴᠢ ᠪᠠᠷ ᠲᠡᠩᠴᠡᠭᠦᠷᠢᠲᠡᠢ ᠪᠠᠶᠢᠯᠭᠠᠬᠤ᠂ ᠢᠳᠡᠭᠡᠨ ᠤᠮᠳᠠᠭᠠᠨ ᠢ ᠲᠡᠩᠴᠡᠭᠦᠷᠢ ᠲᠠᠢ ᠪᠠᠶᠢᠯᠭᠠᠬᠤ ᠶᠢ ᠬᠥᠲᠥᠯᠥᠨ ᠵᠢᠯᠤᠭᠤᠳᠴᠤ᠂ ᠬᠡᠦᠬᠡᠳ ᠤᠨ ᠬᠦᠨᠳᠦᠴᠡ ᠬᠡᠲᠦᠷᠡᠬᠦ ᠪᠠ ᠮᠠᠷᠢᠶᠠᠯᠠᠬᠤ ᠶᠢ ᠰᠡᠷᠭᠡᠶᠢᠯᠡᠨ ᠬᠢᠵᠠᠭᠠᠷᠯᠠᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠡᠷ ᠤᠨ ᠠᠬᠠᠮᠠᠳ ᠬᠡᠦᠬᠡᠳ ᠤᠨ ᠢᠳᠡᠭᠡᠨ ᠤᠮᠳᠠᠭᠠᠨ ᠤ ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠢᠳᠡᠭᠡᠨ ᠤᠮᠳᠠᠭᠠᠨ ᠤ ᠳᠤᠮᠳᠠᠬᠢ ᠡᠷᠡᠭᠦᠯ ᠮᠡᠨᠳᠦ ᠳᠤ ᠠᠰᠢᠭ ᠦᠭᠡᠢ ᠬᠦᠴᠦᠨ ᠵᠦᠢᠯ ᠢ ᠬᠢᠵᠠᠭᠠᠷᠯᠠᠨ᠂ ᠢᠳᠡᠭᠡᠨ ᠤ ᠢᠷᠡᠯᠲᠡ ᠶᠢ ᠡᠷᠢᠬᠦ ᠲᠣᠭᠲᠠᠴᠠ ᠪᠠ ᠱᠣᠰᠢᠭ᠎ᠠ ᠲᠡᠮᠳᠡᠭ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃      11᠂ ᠬᠡᠦᠬᠡᠳ ᠤᠨ ᠣᠶᠢᠷ᠎ᠠ ᠬᠠᠷᠠᠭ᠎ᠠ ᠶᠢ ᠪᠦᠲᠦᠮᠵᠢᠲᠡᠶ ᠬᠢᠵᠠᠭᠠᠷᠯᠠᠨ᠎ᠠ᠃ ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ 0 —6 ᠨᠠᠰᠤᠨ ᠤ ᠬᠡᠦᠬᠡᠳ ᠤᠨ ᠨᠢᠳᠦᠨ ᠤ ᠡᠷᠡᠭᠦᠯᠵᠢᠯ ᠪᠠ ᠬᠠᠷᠠᠭᠠᠨ ᠤ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠬᠡᠦᠬᠡᠳ ᠤᠨ ᠬᠠᠷᠠᠭᠠᠨ ᠤ ᠡᠯᠧᠺᠲᠷᠣᠨ ᠲᠠᠩᠰᠠ ᠡᠪᠬᠡᠮᠡᠯ ᠪᠠᠶᠢᠭᠤᠯᠬᠤ ᠶᠢ ᠠᠬᠢᠭᠤᠯᠤᠨ᠎ᠠ᠃ ᠪᠤᠭᠤᠲᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠤᠨ ᠨᠢᠳᠦᠨ ᠤ ᠡᠷᠡᠭᠦᠯᠵᠢᠯ ᠤᠨ ᠲᠠᠮᠢᠷ ᠢ ᠰᠠᠶᠢᠲᠤᠷ ᠬᠢᠬᠦ ᠳᠤ ᠬᠢᠨᠠᠯᠲᠠ ᠲᠠᠯᠪᠢᠵᠤ᠂ ᠮᠠᠭᠤ ᠤᠩᠰᠢᠵᠤ ᠪᠢᠴᠢᠬᠦ ᠬᠡᠯᠪᠡᠷᠢ ᠶᠢ ᠵᠠᠯᠠᠷᠠᠭᠤᠯᠤᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠭᠡᠷ ᠳᠣᠲᠣᠷᠠᠬᠢ ᠬᠡᠷᠡᠯ ᠲᠤᠰᠬᠠᠬᠤ᠂ ᠭᠡᠷᠡᠯᠲᠦᠭᠦᠯᠬᠦ ᠪᠠ ᠬᠢᠴᠢᠶᠡᠯ ᠤᠨ ᠰᠢᠷᠡᠭᠡ ᠰᠠᠨᠳᠠᠯᠢ᠂ ᠰᠠᠮᠪᠠᠷ᠎ᠠ ᠵᠡᠷᠭᠡ ᠶᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠠᠮᠠᠭᠠᠯᠠᠬᠤ ᠮᠡᠳᠡᠯᠭᠡ ᠶᠢ ᠡᠵᠡᠮᠰᠢᠬᠦ ᠶᠢ ᠵᠢᠯᠤᠭᠤᠳᠴᠤ᠂ ᠬᠡᠦᠬᠡᠳ ᠤᠨ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠠᠮᠠᠭᠠᠯᠠᠬᠤ ᠮᠡᠳᠡᠯᠭᠡ ᠶᠢ ᠡᠵᠡᠮᠰᠢᠬᠦ ᠶᠢ ᠵᠢᠯᠤᠭᠤᠳᠴᠤ᠂ ᠬᠡᠦᠬᠡᠳ ᠢ ᠣᠷᠣ ᠳᠡᠭᠡᠷ᠎ᠡ ᠪᠠᠨ ᠬᠡᠪᠲᠡᠵᠦ᠂ ᠭᠡᠷᠡᠯ ᠮᠠᠭᠤ ᠵᠡᠷᠭᠡ ᠪᠠᠶᠢᠳᠠᠯ ᠳᠣᠣᠷ᠎ᠠ ᠨᠣᠮ ᠦᠵᠡᠬᠦ ᠪᠤᠶᠤ ᠬᠠᠷᠠᠭᠠᠨ ᠳᠡᠯᠭᠡᠴᠡ ᠳᠤ ᠦᠵᠡᠭᠦᠯᠬᠦ ᠦᠭᠡᠢ ᠪᠠᠶᠢᠬᠤ ᠶᠢ ᠬᠥᠲᠥᠯᠥᠨ ᠵᠢᠯᠤᠭᠤᠳᠴᠤ᠂ ᠬᠡᠦᠬᠡᠳ ᠢ ᠬᠡᠷᠡᠭᠴᠡᠭᠡ ᠶᠣᠰᠣᠭᠠᠷ ᠡᠯᠧᠺᠲᠷᠣᠨ ᠦᠢᠯᠡᠳᠬᠦᠨ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠵᠦᠢ ᠵᠣᠬᠢᠰᠲᠠᠢ ᠪᠠᠷ ᠬᠡᠷᠡᠭᠯᠡᠬᠦ ᠶᠢ ᠰᠤᠷᠭᠠᠨ ᠬᠥᠮᠥᠵᠢᠭᠦᠯᠵᠦ᠂ ᠬᠡᠦᠬᠡᠳ ᠤᠨ ᠡᠳᠦᠷ ᠪᠦᠷᠢ ᠭᠡᠷ ᠤᠨ ᠭᠠᠳᠠᠨᠠᠬᠢ ᠪᠠᠶᠢᠭᠠᠯᠢ ᠶᠢᠨ ᠭᠡᠷᠡᠯ ᠳᠤ 2 ᠴᠠᠭ ᠠᠴᠠ ᠳᠡᠭᠡᠭᠰᠢ ᠣᠶᠢᠷᠠᠳᠬᠤ ᠶᠢ ᠪᠠᠲᠤᠯᠠᠨ᠎ᠠ᠃      12᠂ ᠬᠡᠦᠬᠡᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠪᠥᠬᠦ ᠨᠡᠶᠢᠭᠡᠮ ᠢᠶᠠᠷ ᠢᠶᠠᠨ ᠰᠠᠶᠢᠨ ᠰᠠᠶᠢᠬᠠᠨ ᠬᠡᠦᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠣᠶ ᠪᠣᠯᠭᠠᠬᠤ ᠣᠶᠢᠯᠠᠭᠠᠭᠳᠠᠬᠤᠨ ᠪᠠ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠰᠤᠷᠭᠠᠭᠤᠯᠢ ᠨᠢ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠢ ᠭᠦᠢᠴᠡᠳ ᠪᠥᠭᠡᠳ ᠪᠦᠷᠢᠨ ᠭᠦᠢᠴᠡᠳ ᠨᠡᠭᠡᠭᠡᠵᠦ᠂ ᠬᠡᠦᠬᠡᠳ ᠤᠨ ᠡᠳᠦᠷ ᠪᠦᠷᠢ ᠨᠠᠭᠠᠲᠤ ᠵᠠᠬ᠎ᠠ ᠳᠠᠭᠠᠨ 1 ᠴᠠᠭ ᠨᠡᠷᠡᠨ ᠬᠡᠷᠡᠯᠳᠦ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠠᠲᠤᠯᠠᠵᠤ᠂ ᠬᠡᠦᠬᠡᠳ ᠤᠨ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠳᠠᠳᠬᠠᠯ ᠢ ᠬᠥᠮᠥᠵᠢᠭᠦᠯᠦᠨ᠎ᠡ᠃ ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢᠨ ᠪᠠᠷᠢᠮᠵᠢᠶ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢᠳ ᠤᠨ ᠡᠷᠡᠭᠦᠯ ᠮᠡᠨᠳᠤ ᠶᠢᠨ ᠪᠠᠶᠢᠴᠠᠭᠠᠯᠲᠠ ᠪᠠ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠵᠢᠨ‌‍ᠲ᠋ᠦ᠋ᠷᠢᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠡᠷᠬᠢᠨ ᠲᠣᠭᠤᠷᠢᠨ ᠤ ᠰᠤᠷᠭᠠᠭᠤᠯᠢ ᠪᠠ ᠬᠡᠦᠬᠡᠳ ᠲᠤ ᠴᠢᠯᠦᠭᠡᠲᠡᠢ ᠨᠡᠭᠡᠭᠡᠬᠦ ᠶᠢ ᠵᠣᠷᠢᠭᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢᠨ ᠪᠡᠯᠡᠳᠬᠡᠮᠵᠢ ᠶᠢ ᠬᠢᠴᠢᠶᠡᠯ ᠤᠨ ᠭᠠᠳᠠᠨᠠᠬᠢ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠰᠤᠷᠤᠭᠴᠢᠳ ᠲᠤ ᠴᠢᠯᠦᠭᠡᠲᠡᠢ ᠨᠡᠭᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠎ ᠠᠴᠠ ᠬᠢᠴᠢᠶᠡᠯ ‍ᠦᠨ‌‍ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠢᠵᠢ ᠪᠦᠷᠢᠳᠦᠭᠰᠡᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠠᠶᠢᠭᠤᠯᠤᠨ᠎ᠠ᠃ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ ᠲᠣᠭᠤᠷᠢᠭ ᠤᠨ ᠬᠥᠯ ᠪᠥᠮᠪᠦᠭᠡ ᠶᠢᠨ ᠲᠠᠯᠠᠪᠤᠷ ᠲᠤ ᠭᠠᠵᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠡᠦᠬᠡᠳ ᠤᠨ ᠠᠵᠢᠯᠯᠠᠵᠤ ᠠᠮᠠᠷᠠᠬᠤ ᠶᠢ ᠵᠦᠢ ᠵᠣᠬᠢᠰᠲᠠᠢ ᠲᠣᠬᠢᠷᠠᠭᠤᠯᠵᠤ᠂ ᠡᠳᠦᠷ ᠪᠦᠷᠢ ᠪᠠᠭ᠎ᠠ ᠰᠤᠷᠭᠠᠭᠤᠯᠢ ᠶᠢᠨ ᠰᠤᠷᠤᠭᠴᠢᠳ ᠤᠨ 10 ᠴᠠᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ 8 ᠴᠠᠭ ᠤᠨᠲᠠᠬᠤ ᠶᠢ ᠪᠠᠲᠤᠯᠠᠨ᠎ᠠ᠃      13᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠠᠰᠠᠭᠤᠨ ᠯᠠᠪᠯᠠᠬᠤ ᠦᠢᠯᠡᠴᠢᠯᠡᠭᠡ᠂ ᠦᠨᠡᠯᠡᠨ ᠵᠢᠱᠢᠵᠦ ᠡᠮᠨᠡᠨ ᠵᠠᠰᠠᠬᠤ᠂ ᠬᠢᠮᠤᠷᠠᠯ ᠳᠤ ᠭᠠᠷ ᠲᠦᠷᠦᠭᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠴᠢᠷᠮᠠᠶᠢᠨ ᠪᠠᠶᠢᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠬᠡᠦᠬᠡᠳ ᠤᠨ ᠰᠡᠳᠬᠢᠴᠡ ᠶᠢᠨ ᠯᠠᠪᠯᠠᠯᠭ᠎ᠠ ᠵᠢᠴᠢ ᠲᠤᠰᠬᠠᠢ ᠰᠠᠯᠠᠭᠠᠨ ᠤ ᠡᠭᠦᠳᠡᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠵᠢᠯᠤᠭᠤᠳᠬᠤ ᠲᠥᠪ ︵ᠥᠷᠲᠡᠭᠡ︶᠎ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠲᠤᠰᠬᠠᠢ ᠠᠵᠢᠯᠲᠠᠨ ᠤ ᠬᠡᠦᠬᠡᠳ ᠵᠢᠴᠢ ᠲᠡᠲᠡᠨᠤᠰ ᠤᠨ ᠬᠢᠨᠠᠨ ᠬᠠᠮᠠᠭᠠᠯᠠᠭᠴᠢ ᠳᠤ ᠬᠠᠨᠳᠤᠭᠤᠯᠤᠨ ᠰᠡᠳᠬᠢᠴᠡ ᠶᠢᠨ ᠡᠷᠡᠭᠦᠯ ᠮᠡᠨᠳᠦ ᠵᠡᠷᠭᠡ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠲᠣᠬᠢᠷᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠲᠠᠰᠤᠭ ᠭᠠᠷᠭᠠᠵᠤ᠂ ᠰᠡᠳᠬᠢᠴᠡ ᠶᠢᠨ ᠵᠦᠢ᠂ ᠨᠡᠶᠢᠭᠡᠮ ᠤᠨ ᠠᠵᠢᠯ ᠵᠡᠷᠭᠡ ᠲᠤᠰᠬᠠᠢ ᠮᠡᠷᠭᠡᠵᠢᠯ ᠢ ᠪᠠᠭᠲᠠᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ ᠶᠢ ᠲᠣᠬᠢᠷᠠᠭᠤᠯᠤᠨ᠎ᠠ᠃ ᠠᠮᠢ ᠨᠠᠰᠤᠨ ᠤ ᠬᠥᠮᠦᠵᠢᠯ ᠪᠠ ᠨᠤᠭᠤᠷᠠᠯ ᠪᠦᠳᠦᠷᠢᠯ ᠤᠨ ᠬᠥᠮᠦᠵᠢᠯ ᠢ ᠢᠳᠡᠪᠬᠢᠲᠡᠢ ᠥᠷᠨᠢᠭᠦᠯᠵᠦ᠂ ᠬᠡᠦᠬᠡᠳ ᠤᠨ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ ᠦᠵᠡᠯ ᠤᠬᠠᠮᠰᠠᠷ ᠪᠠ ᠥᠪᠡᠷ ᠤᠨ ᠤᠷᠮ᠎ᠠ ᠰᠡᠳᠬᠢᠯᠭᠡ ᠪᠠᠨ ᠵᠣᠬᠢᠴᠠᠭᠤᠯᠬᠤ ᠴᠢᠳᠠᠪᠤᠷᠢ ᠶᠢ ᠬᠥᠮᠥᠵᠢᠭᠦᠯᠦᠨ᠎ᠡ᠃ ᠬᠡᠦᠬᠡᠳ ᠤᠨ ᠠᠮᠤᠷ ᠲᠦᠪᠰᠢᠨ ᠤ ᠰᠡᠳᠬᠢᠭᠳᠡᠯ ᠢ ᠡᠭᠦᠳᠦᠨ ᠪᠠᠶᠢᠭᠤᠯᠬᠤ ᠪᠠ ᠬᠠᠮᠠᠭᠠᠯᠠᠵᠤ᠂ ᠥᠪᠡᠷ ᠢ ᠪᠠᠨ ᠲᠠᠨᠢᠨ ᠮᠡᠳᠡᠬᠦᠢ ᠶᠢᠨ ᠬᠥᠮᠦᠵᠢᠯ ᠢ ᠪᠠᠶᠢᠭᠤᠯᠵᠤ᠂ ᠡᠷᠡᠭᠦᠯ ᠴᠢᠭᠢᠷᠠᠭ ᠵᠠᠩ ᠠᠷᠠᠨᠰᠢᠨ ᠢ ᠪᠠᠶᠢᠭᠤᠯᠵᠤ᠂ ᠥᠪᠡᠷ ᠢ ᠪᠠᠨ ᠡᠵᠡᠮᠳᠡᠬᠦ ᠪᠠ ᠨᠤᠭᠤᠷᠠᠯ ᠪᠦᠳᠦᠷᠢᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠬᠡᠦᠬᠡᠳ ᠤᠨ ᠰᠡᠳᠬᠢᠴᠡ ᠶᠢᠨ ᠤᠶᠠᠨ ᠬᠠᠳᠠᠨ ᠴᠢᠨᠠᠷ ᠢ ᠪᠦᠷᠢᠯᠳᠦᠭᠦᠯᠦᠨ᠎ᠡ᠃ ᠪᠠᠭᠰᠢ᠂ ᠭᠡᠷ ᠤᠨ ᠠᠬᠠᠮᠠᠳ ᠤᠨ ᠬᠡᠦᠬᠡᠳ ᠤᠨ ᠰᠡᠳᠬᠢᠴᠡ ᠶᠢᠨ ᠠᠵᠢᠯᠯᠠᠭ᠎ᠠ ᠶᠢᠨ ᠬᠡᠪ ᠤᠨ ᠪᠤᠰᠤ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠦᠷᠢᠲᠠᠨ ᠢ ᠬᠦᠴᠦᠯᠡᠨ ᠪᠤᠯᠪᠠᠰᠤᠷᠠᠭᠤᠯᠤᠨ᠎ᠠ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠰᠡᠳᠬᠢᠴᠡ ᠶᠢᠨ ᠬᠥᠭᠵᠢᠯᠲᠡ ᠶᠢᠨ ᠬᠡᠷᠡᠭᠴᠡᠭᠡ ᠶᠢ ᠠᠩᠬᠠᠷᠤᠨ ᠬᠠᠩᠭᠠᠨ᠎ᠠ᠃      14᠂ ᠬᠡᠦᠬᠡᠳ ᠲᠤ ᠪᠡᠯᠭᠡ ᠶᠢᠨ ᠬᠥᠮᠦᠵᠢᠯ ᠪᠠ ᠪᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠴᠢᠨᠠᠷ ᠤᠨ ᠢᠯᠭᠠᠯ ᠤᠨ ᠦᠵᠡᠯᠲᠡ ᠪᠠ ᠶᠣᠰᠣ ᠮᠣᠷᠠᠯ ᠤᠨ ᠦᠵᠡᠯᠲᠡ ᠲᠠᠢ ᠪᠣᠯᠭᠠᠵᠤ᠂ ᠡᠷ᠎ᠡ ᠡᠮ᠎ᠡ ᠶᠢᠨ ᠬᠠᠷᠢᠴᠠᠭ᠎ᠠ ᠶᠢ ᠵᠥᠪ ᠢᠶᠠᠷ ᠲᠠᠨᠢᠯᠴᠠᠭᠤᠯᠤᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠤᠨ ᠨᠠᠰᠤᠨ ᠤ ᠱᠠᠲᠤ ᠦᠶ᠎ᠡ ᠪᠠ ᠬᠥᠭᠵᠢᠯᠲᠡ ᠶᠢᠨ ᠣᠨᠴᠠᠯᠢᠭ ᠢ ᠦᠨᠳᠦᠰᠦᠯᠡᠨ ᠪᠡᠯᠭᠡ ᠶᠢᠨ ᠬᠥᠮᠦᠵᠢᠯ ᠥᠷᠨᠢᠭᠦᠯᠵᠦ᠂ ᠪᠡᠯᠭᠡ ᠬᠠᠯᠳᠠᠯᠭ᠎ᠠ ᠶᠢᠨ ᠬᠥᠮᠦᠵᠢᠯ ᠢ ᠰᠡᠷᠭᠡᠶᠢᠯᠡᠨ ᠴᠢᠩᠭᠠᠳᠬᠠᠨ᠂ ᠬᠡᠦᠬᠡᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠬᠢᠭᠡᠳ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠠᠵᠢᠯ ᠤᠨ ᠲᠤᠰᠬᠠᠢ ᠪᠠᠶᠢᠭᠤᠯᠤᠮᠵᠢ ᠶᠢᠨ ᠨᠢᠭᠲᠠ ᠬᠠᠮᠵᠢᠯᠴᠠᠬᠤ ᠶᠢ ᠠᠬᠢᠭᠤᠯᠵᠤ᠂ ᠬᠡᠦᠬᠡᠳ ᠲᠤ ᠲᠣᠬᠢᠷᠠᠬᠤ ᠪᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠡᠮᠨᠡᠭᠦᠯᠦᠭᠰᠡᠨ ᠬᠡᠦᠬᠡᠳ ᠤᠨ ᠬᠤᠪᠢ ᠶᠢᠨ ᠨᠢᠭᠤᠴᠠ ᠶᠢ ᠬᠠᠮᠠᠭᠠᠯᠠᠨ᠎ᠠ᠃      15᠂ ᠬᠡᠦᠬᠡᠳ ᠤᠨ ᠡᠷᠡᠭᠦᠯ ᠮᠡᠨᠳᠦ ᠶᠢᠨ ᠬᠦᠷᠢᠶᠡᠨ ᠳᠠᠬᠢ ᠡᠮ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ ᠤᠨ ᠡᠮᠴᠢᠯᠡᠭᠡᠨ ᠳᠤ ᠬᠡᠷᠡᠭᠯᠡᠬᠦ ᠡᠮ ᠤᠨ ᠵᠢᠷᠤᠮᠵᠢᠯ ᠢ ᠴᠢᠩᠭ᠎ᠠ ᠵᠢᠷᠤᠮᠯᠠᠵᠤ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠮᠠᠭᠤ ᠤᠷᠪᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠨ᠂ ᠲᠤᠰᠬᠠᠢ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠦᠬᠡᠳ ᠤᠨ ᠬᠡᠷᠡᠭᠯᠡᠬᠦ ᠡᠮ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ︵ᠬᠤᠶᠠᠷ︶ ᠬᠡᠦᠬᠡᠳ ᠬᠢᠭᠡᠳ ᠠᠮᠤᠷ ᠲᠦᠪᠰᠢᠨ      ᠭᠤᠣᠯ ᠬᠠᠷᠠᠯᠲᠠ᠄      1᠂ ᠬᠡᠦᠬᠡᠳ ᠤᠨ ᠭᠡᠮᠲᠦᠯ ᠠᠴᠠ ᠪᠣᠯᠵᠤ ᠦᠬᠦᠬᠦ ᠪᠠ ᠵᠡᠮᠳᠡᠭ ᠪᠣᠯᠬᠤ ᠶᠢ ᠪᠠᠭᠠᠰᠬᠠᠨ᠎ᠠ᠃ ᠬᠡᠦᠬᠡᠳ ᠤᠨ ᠭᠡᠮᠲᠦᠯ ᠤᠨ ᠦᠬᠦᠯᠲᠡ ᠶᠢᠨ ᠨᠤᠷᠮ᠎ᠠ ᠶᠢ 2020 ᠣᠨ ᠤ ᠲᠤᠭ᠎ᠠ ᠪᠠᠷᠢᠮᠲᠠ ᠪᠠᠷ ᠰᠠᠭᠤᠷᠢ ᠲᠤᠭ᠎ᠠ ᠪᠣᠯᠭᠠᠵᠤ 20%᠎ ᠪᠠᠷ ᠪᠠᠭᠤᠷᠠᠭᠤᠯᠤᠨ᠎ᠠ᠃      2᠂ ᠤᠰᠤᠨ ᠳᠤ ᠵᠢᠪᠬᠦ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠵᠤ᠂ ᠬᠡᠦᠬᠡᠳ ᠤᠨ ᠤᠰᠤᠨ ᠳᠤ ᠵᠢᠪᠴᠦ ᠦᠬᠦᠬᠦ ᠨᠣᠷᠮ᠎ᠠ ᠶᠢ ᠪᠠᠭᠤᠷᠠᠭᠤᠯᠤᠨ᠎ᠠ᠃      3᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠬᠡᠦᠬᠡᠳ ᠤᠨ ᠠᠮᠤᠷ ᠲᠦᠪᠰᠢᠨ ᠤ ᠰᠠᠭᠤᠳᠠᠯ᠂ ᠠᠶᠦᠯᠭᠦᠢ ᠳᠤᠭᠤᠯᠠᠭ᠎ᠠ ᠶᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠬᠡᠦᠬᠡᠳ ᠤᠨ ᠵᠠᠮ ᠬᠠᠷᠢᠯᠴᠠᠭᠠᠨ ᠤ ᠠᠳᠡᠯ ᠠᠴᠠ ᠭᠡᠮᠲᠦᠵᠦ ᠦᠬᠦᠬᠦ ᠶᠢ ᠪᠠᠭᠠᠰᠬᠠᠨ᠎ᠠ᠃      4᠂ ᠬᠡᠦᠬᠡᠳ ᠤᠨ ᠣᠶᠢᠴᠢᠬᠤ᠂ ᠬᠠᠯᠠᠵᠤ ᠰᠢᠷᠬᠠᠲᠤᠬᠤ ᠪᠠ ᠬᠤᠣᠷᠳᠠᠭᠳᠠᠬᠤ ᠵᠡᠷᠭᠡ ᠰᠢᠷᠬᠠᠲᠤᠯ ᠡᠭᠦᠰᠬᠦ᠂ ᠵᠡᠮᠳᠡᠭ ᠪᠣᠯᠬᠤ ᠪᠠ ᠦᠬᠦᠬᠦ ᠶᠢ ᠪᠠᠭᠠᠰᠬᠠᠨ᠎ᠠ᠃      5᠂ ᠬᠡᠦᠬᠡᠳ ᠤᠨ ᠢᠳᠡᠭᠡᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ᠃      6᠂ ᠬᠡᠦᠬᠡᠳ  ᠤᠨ ᠬᠡᠷᠡᠭᠰᠡᠯ ᠤᠨ ᠶᠠᠰᠤ ᠴᠢᠨᠠᠷ ᠤᠨ ᠠᠮᠦᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      7᠂ ᠬᠡᠦᠬᠡᠳ ᠲᠤ ᠴᠢᠭᠯᠡᠭᠦᠯᠦᠭᠰᠡᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠨ ᠵᠣᠭᠰᠣᠭᠠᠨ᠎ᠠ᠃      8᠂ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠪᠠ ᠪᠦᠲᠦᠮᠵᠢᠲᠡᠶ ᠪᠠᠷ ᠰᠢᠢᠳᠪᠦᠷᠢᠯᠡᠨ᠎ᠡ᠃      9᠂ ᠬᠡᠦᠬᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠪᠠ ᠲᠡᠭᠦᠨ ᠳᠤ ᠭᠠᠷ ᠲᠦᠷᠦᠭᠦ᠂ ᠡᠷᠡᠭᠦᠯ ᠪᠤᠰᠤ ᠮᠡᠳᠡᠭᠡ ᠵᠠᠩᠭᠢ᠂ ᠬᠤᠪᠢ ᠶᠢᠨ ᠨᠢᠭᠤᠴᠠ ᠶᠢ ᠵᠠᠳᠠᠷᠠᠭᠤᠯᠬᠤ ᠵᠡᠷᠭᠡ ᠠᠰᠠᠭᠤᠳᠠᠯ ᠢ ᠪᠦᠲᠦᠮᠵᠢᠲᠡᠶ ᠵᠠᠰᠠᠨ᠎ᠠ᠃      10᠂ ᠬᠡᠦᠬᠡᠳ ᠤᠨ ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠨ ᠢ ᠬᠢᠨᠠᠨ ᠬᠡᠮᠵᠢᠵᠦ ᠮᠡᠳᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠬᠡᠦᠬᠡᠳ ᠤᠨ ᠠᠮᠤᠷ ᠲᠦᠪᠰᠢᠨ ᠬᠠᠷᠰᠢ ᠰᠠᠭᠠᠳ ᠦᠭᠡᠢ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠤᠬᠠᠭᠤᠯᠤᠨ ᠬᠥᠮᠥᠵᠢᠭᠦᠯᠬᠦ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ᠂ ᠠᠮᠤᠷ ᠲᠦᠪᠰᠢᠨ ᠤ ᠦᠢᠯᠡᠳᠬᠦᠨ ᠢ ᠬᠡᠷᠡᠭᠯᠡᠬᠦ᠂ ᠦᠨᠡᠯᠡᠨ ᠵᠢᠱᠢᠬᠦ ᠵᠡᠷᠭᠡ ᠠᠷᠭ᠎ᠠ ᠪᠣᠳᠣᠯᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠤᠨ ᠦᠰᠦᠨ ᠪᠤᠶᠢᠵᠢᠯᠲᠠ ᠳᠤ ᠠᠰᠢᠭᠲᠠᠢ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠲᠤ ᠲᠦᠰᠢᠭᠯᠡᠨ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠬᠥᠮᠦᠵᠢᠯ ᠢ ᠥᠷᠨᠢᠭᠦᠯᠵᠦ᠂ ᠢᠯᠠᠩᠭᠤᠶ᠎ᠠ ᠡᠯ᠎ᠡ ᠵᠦᠢᠯ ᠤᠨ ᠪᠠᠶᠢᠭᠠᠯᠢ ᠶᠢᠨ ᠭᠠᠢ ᠭᠠᠮᠰᠢᠭ ᠤᠨ ᠤᠭ ᠶᠤᠰᠦ ᠵᠢᠴᠢ ᠬᠤᠣᠷ ᠬᠥᠨᠥᠭᠡᠯ ᠢ ᠲᠠᠨᠢᠵᠤ᠂ ᠭᠠᠢ ᠭᠠᠮᠰᠢᠭ ᠡᠭᠦᠰᠬᠦ ᠠᠴᠠ ᠡᠮᠦᠨᠡᠬᠢ ᠪᠡᠯᠭᠡ ᠲᠡᠮᠳᠡᠭ ᠢ ᠢᠯᠭᠠᠨ ᠲᠠᠨᠢᠵᠤ᠂ ᠭᠠᠵᠠᠷ ᠬᠥᠳᠡᠯᠦᠯᠲᠡ᠂ ᠦᠶᠡᠷ ᠵᠡᠷᠭᠡ ᠭᠠᠢ ᠭᠠᠮᠰᠢᠭ ᠤᠨ ᠠᠮᠢ ᠵᠢᠭᠤᠲᠠᠬᠤ ᠶᠡᠷᠦ ᠶᠢᠨ ᠮᠡᠳᠡᠯᠭᠡ ᠶᠢ ᠡᠵᠡᠮᠰᠢᠯᠡᠭᠦᠯᠦᠨ᠎ᠡ᠃ ᠬᠡᠦᠬᠡᠳ ᠵᠢᠴᠢ ᠬᠠᠷᠠᠵᠤ ᠬᠠᠮᠠᠭᠠᠯᠠᠭᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠡᠲᠡᠨᠤᠰ ᠢ ᠬᠠᠪᠰᠤᠷᠤᠨ ᠠᠮᠤᠷ ᠲᠦᠪᠰᠢᠨ ᠤ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ ᠬᠡᠦᠬᠡᠳ ᠤᠨ ᠠᠮᠤᠷ ᠲᠦᠪᠰᠢᠨ ᠤ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠣᠯᠠᠨ ᠨᠡᠶᠢᠲᠡ ᠶᠢᠨ ᠲᠠᠯᠠᠪᠤᠷ ᠤᠨ ᠭᠠᠯ ᠤᠨ ᠭᠠᠮᠰᠢᠭ ᠠᠴᠠ ᠠᠮᠢ ᠵᠢᠭᠤᠲᠠᠬᠤ ᠤᠷ᠎ᠠ ᠴᠢᠳᠠᠪᠤᠷᠢ᠂ ᠬᠠᠮᠲᠤᠯᠢᠭ ᠤᠨ ᠴᠢᠨᠠᠷᠲᠠᠢ ᠬᠡᠷᠡᠭ ᠢ ᠠᠷᠭᠠᠴᠠᠬᠤ ᠤᠷ᠎ᠠ ᠮᠡᠷᠭᠡᠵᠢᠯ᠂ ᠬᠤᠪᠢ ᠬᠥᠮᠥᠨ ᠤ ᠬᠠᠮᠠᠭᠠᠯᠠᠯᠲᠠ ᠶᠢᠨ ᠦᠨᠳᠦᠰᠦᠨ ᠶᠡᠷᠦ ᠶᠢᠨ ᠮᠡᠳᠡᠯᠭᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ᠂ ᠠᠶᠤᠯᠲᠠᠢ ᠪᠣᠳᠠᠰ ᠵᠢᠴᠢ ᠦᠶᠯᠡ ᠠᠵᠢᠯᠯᠠᠭ᠎ᠠ ᠶᠢ ᠢᠯᠭᠠᠨ ᠲᠠᠨᠢᠬᠤ ︽ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ︾ ᠬᠡᠦᠬᠡᠳ ᠤᠨ ︽ᠣᠯᠠᠨ ᠨᠡᠶᠢᠲᠡ ᠶᠢᠨ ᠠᠮᠤᠷ ᠲᠦᠪᠰᠢᠨ︾᠎ ᠤ ᠬᠢᠴᠢᠶᠡᠯ ᠢ  ᠦᠷᠨᠢᠭᠦᠯᠵᠦ᠂ ᠬᠠᠭᠤᠷᠤᠨ ᠮᠡᠬᠡᠯᠡᠬᠦ ᠶᠢ ᠡᠰᠡᠷᠭᠦᠴᠡᠬᠦ᠂ ᠬᠤᠣᠷ ᠴᠠᠭᠠᠵᠠᠯᠠᠬᠤ᠂ ᠠᠶᠢᠽ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠰᠣᠷᠢᠯᠲᠠ ᠶᠢ ᠪᠠᠶᠢᠩᠭᠤᠵᠢᠭᠤᠯᠤᠨ᠂ ᠬᠡᠦᠬᠡᠳ ᠤᠨ ᠣᠯᠠᠨ ᠨᠡᠶᠢᠲᠡ ᠶᠢᠨ ᠲᠠᠯᠠᠪᠤᠷ ᠲᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠬᠥᠮᠥᠵᠢᠭᠦᠯᠵᠦ᠂ ᠬᠡᠦᠬᠡᠳ ᠢ ᠬᠠᠪᠰᠤᠷᠤᠨ ᠠᠶᠤᠯ ᠲᠦᠭᠰᠢᠭᠦᠷᠢ ᠡᠭᠦᠰᠬᠦ ᠦᠶ᠎ᠡ ᠳᠤ ᠵᠥᠪ ᠢᠶᠠᠷ ᠢᠯᠭᠠᠨ ᠲᠠᠨᠢᠬᠤ᠂ ᠵᠠᠶᠢᠯᠠᠭᠤᠯᠬᠤ᠂ ᠠᠪᠤᠷᠠᠯ ᠭᠤᠶᠤᠬᠤ ᠪᠠ ᠥᠪᠡᠷ ᠢ ᠪᠠᠨ ᠠᠪᠤᠷᠠᠵᠦ ᠴᠢᠳᠠᠬᠤ ᠪᠤᠯᠤᠨ᠎ᠠ᠃ ᠠᠮᠤᠷ ᠲᠦᠪᠰᠢᠨ ᠤ ᠬᠥᠮᠦᠵᠢᠯ ᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠠᠰᠠᠷᠠᠨ ᠬᠥᠮᠥᠵᠢᠭᠦᠯᠬᠦ ᠬᠠᠮᠢᠶᠠᠷᠤᠯᠲᠠ ᠶᠢᠨ ᠪᠥᠬᠦ ᠶᠠᠪᠤᠴᠠ ᠳᠤ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃ ᠨᠠᠰᠤᠨ ᠳᠤ ᠥᠯᠥ ᠭᠦᠷᠦᠭᠰᠡᠳ ᠤᠨ ᠲᠥᠪᠯᠡᠷᠡᠨ ᠠᠵᠢᠯᠯᠠᠭ᠎ᠠ ᠬᠢᠵᠦ ᠪᠠᠶᠢᠭ᠎ᠠ ᠣᠯᠠᠨ ᠨᠡᠶᠢᠲᠡ ᠶᠢᠨ ᠲᠠᠯᠠᠪᠤᠷ ᠭᠠᠵᠠᠷ ᠵᠢᠴᠢ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ ᠲᠤ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠵᠢᠴᠢ ᠵᠣᠬᠢᠶᠠᠨ ᠪᠠᠶᠢᠭᠤᠯᠤᠯᠲᠠ ᠨᠤᠭᠤᠳ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠲᠠᠪᠦᠷᠢᠵᠢᠭᠤᠯᠤᠨ᠎ᠠ᠃      2᠂ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠬᠦᠷᠢᠶᠡᠨ ᠳᠠᠬᠢ ᠣᠷᠣᠨ ᠨᠤᠲᠤᠭ ᠤᠨ ᠬᠠᠤᠯᠢ ᠲᠣᠭᠲᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠭᠡᠮᠲᠦᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠬᠦᠴᠦᠨ ᠤ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠵᠤ᠂ ᠬᠤᠲᠠ᠂ ᠲᠣᠭᠤᠷᠢᠭ᠂ ᠰᠤᠷᠭᠠᠭᠤᠯᠢ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠨ ᠤ ᠰᠢᠰᠲ᠋ᠧᠮ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢ ᠬᠤᠯᠪᠣᠭᠰᠠᠨ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ ᠮᠡᠳᠡᠭᠡᠯᠡᠬᠦ ᠰᠢᠰᠲ᠋ᠧᠮ ᠢ ᠬᠡᠷᠡᠭᠯᠡᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠤᠨ ᠨᠠᠷᠢᠨ ᠬᠠᠭᠤᠳᠠᠰᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃ ᠭᠡᠷ ᠪᠦᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠬᠡᠦᠬᠡᠳ ᠤᠨ ᠲᠤᠰᠠᠭᠠᠷ ᠭᠡᠷ ᠲᠡᠭᠡᠨ ᠠᠮᠤᠷ ᠲᠦᠪᠰᠢᠨ ᠪᠠᠶᠢᠬᠤ᠂ ᠭᠡᠷ ᠪᠦᠯᠢ ᠶᠢᠨ ᠳᠠᠯᠳᠠ ᠠᠶᠤᠯ ᠲᠦᠭᠰᠢᠭᠦᠷᠢ ᠲᠠᠢ ᠣᠷᠣᠨ ᠪᠦᠰᠡ᠂ ᠡᠩᠬᠦᠷᠡᠢ ᠲᠡᠵᠢᠭᠡᠪᠦᠷᠢ ᠶᠢᠨ ᠠᠮᠤᠷ ᠲᠦᠪᠰᠢᠨ ᠪᠠᠶᠢᠬᠤ᠂ ᠭᠡᠷ ᠪᠦᠯᠢ ᠶᠢᠨ ᠪᠠᠴᠢᠮ ᠠᠪᠤᠷᠠᠯᠳᠠ᠂ ᠭᠡᠷ ᠤᠨ ᠴᠠᠬᠢᠯᠭᠠᠨ ᠬᠡᠷᠡᠭᠰᠡᠯ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠵᠢᠴᠢ ᠥᠨᠳᠥᠷ ᠠᠰᠠᠷ ᠤᠨ ᠭᠠᠯ ᠤᠨ ᠭᠠᠮᠰᠢᠭ ᠎ ᠠᠴᠠ ᠠᠮᠢ ᠵᠢᠭᠤᠲᠠᠬᠤ ᠵᠡᠷᠭᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠬᠠᠮᠠᠭᠠᠯᠠᠬᠤ ᠪᠠ ᠵᠠᠰᠠᠬᠤ ᠶᠢ ᠠᠩᠬᠠᠷᠤᠨ᠎ᠠ᠃ ᠮᠠᠨ ᠤ ᠬᠤᠲᠠ ᠶᠢᠨ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠲᠣᠬᠢᠷᠠᠮᠵᠢᠲᠠᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢᠨ ᠬᠠᠮᠲᠤ ᠶᠡᠭᠡ ᠪᠠᠷ ᠳᠡᠯᠭᠡᠷᠡᠭᠦᠯᠵᠦ᠂ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠲᠤ ᠴᠢᠭᠯᠡᠭᠦᠯᠦᠭᠰᠡᠨ ᠭᠡᠮᠲᠦᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      3᠂ ᠬᠡᠦᠬᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠪᠠ ᠬᠢᠵᠠᠭᠠᠷᠯᠠᠨ᠎ᠠ᠃ ᠬᠠᠷᠠᠵᠤ ᠬᠠᠮᠠᠭᠠᠯᠠᠬᠤ ᠪᠠᠨ ᠴᠢᠩᠭᠠᠳᠬᠠᠵᠤ᠂ ᠬᠡᠦᠬᠡᠳ ᠢ ᠠᠶᠤᠯ ᠲᠠᠢ ᠤᠰᠤᠨ ᠴᠣᠭᠴᠠ ᠠᠴᠠ ᠬᠤᠯᠠ ᠪᠠᠶᠢᠯᠭᠠᠬᠤ ᠶᠢ ᠪᠠᠲᠤᠯᠠᠨ᠎ᠠ᠃ ᠭᠡᠷ ᠪᠦᠯᠢ ᠵᠢᠴᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠤᠰᠤᠨ ᠳᠤ ᠵᠢᠪᠬᠦ ᠬᠡᠮ ᠰᠣᠭᠤᠭ ᠢ ᠲᠤᠰᠠᠭᠠᠷᠯᠠᠨ ᠠᠷᠢᠯᠭᠠᠵᠤ᠂ ᠬᠥᠳᠡᠭᠡ ᠲᠣᠰᠬᠤᠨ ᠤ ᠬᠠᠮᠢᠶ᠎ᠠ ᠪᠦᠬᠦᠢ ᠤᠰᠤᠨ ᠴᠣᠭᠴᠠ ᠶᠢᠨ ᠬᠠᠮᠠᠭᠠᠯᠠᠯᠲᠠ ᠲᠤᠰᠠᠭᠠᠷᠯᠠᠯ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠨᠡᠭᠡᠭᠡᠯᠲᠡᠲᠤ ᠴᠢᠨᠠᠷᠲᠠᠢ ᠤᠰᠤᠨ ᠣᠷᠣᠨ᠂ ᠤᠰᠤᠨ ᠳᠡᠭᠡᠷᠡᠬᠢ ᠵᠤᠭ᠎ᠠ ᠴᠡᠩᠭᠡᠯ ᠤᠨ ᠭᠠᠵᠠᠷ᠂ ᠣᠩᠭᠤᠴᠠ ᠵᠡᠷᠭᠡ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠡᠦᠬᠡᠳ ᠲᠤ ᠲᠣᠬᠢᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ᠎ᠠ᠃ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠮᠡᠷᠭᠡᠵᠢᠯ ᠴᠢᠳᠠᠪᠤᠷᠢ ᠶᠢᠨ ᠬᠥᠮᠦᠵᠢᠯ ᠢ ᠴᠢᠩᠭᠠᠳᠬᠠᠵᠤ᠂ ︽ᠬᠤᠶᠠᠷ ᠢ ᠬᠦᠩᠭᠡᠷᠡᠭᠦᠯᠦᠭᠰᠡᠨ︾᠎ ᠤ ᠳᠠᠷᠠᠭᠠᠬᠢ ᠬᠢᠴᠢᠶᠡᠯ ᠤᠨ ᠭᠠᠳᠠᠨᠠᠬᠢ ᠴᠠᠭ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠬᠤ ᠶᠢ ᠠᠰᠢᠭᠯᠠᠨ᠂ ᠬᠡᠦᠬᠡᠳ ᠤᠨ ᠤᠮᠪᠠᠯᠲᠠ ᠵᠢᠴᠢ ᠤᠰᠤᠨ ᠳᠡᠭᠡᠷᠡᠬᠢ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠰᠦᠪᠡᠭᠴᠢᠯᠡᠨ ᠥᠷᠨᠢᠭᠦᠯᠵᠦ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠤᠮᠪᠠᠯᠲᠠ ᠶᠢᠨ ᠲᠠᠯᠠᠪᠤᠷ ᠭᠠᠵᠠᠷ ᠬᠡᠷᠡᠭᠯᠡᠭᠦᠯᠬᠦ ᠬᠡᠷᠡᠭᠲᠡᠢ᠃      4᠂ ᠬᠡᠦᠬᠡᠳ ᠤᠨ ᠵᠠᠮ ᠬᠠᠷᠢᠯᠴᠠᠭᠠᠨ ᠤ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ᠃ ᠰᠤᠷᠬᠤ ᠨᠠᠰᠤᠨ ᠠᠴᠠ ᠡᠮᠦᠨᠡᠬᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠶᠢ ᠨᠡᠮᠡᠨ ᠲᠤᠬᠢᠷᠠᠭᠤᠯᠵᠦ ᠬᠡᠦᠬᠡᠳ ᠢ ᠬᠠᠪᠰᠤᠷᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠢᠯᠡᠳᠬᠡᠮᠵᠢ ᠶᠢ ᠢᠯᠭᠠᠨ ᠲᠠᠨᠢᠬᠤ᠂ ᠶᠠᠪᠤᠵᠤ ᠰᠠᠭᠤᠬᠤ ᠦᠨᠳᠦᠰᠦᠨ ᠠᠮᠤᠷ ᠲᠦᠪᠰᠢᠨ ᠤ ᠶᠡᠷᠦ ᠶᠢᠨ ᠮᠡᠳᠡᠯᠭᠡ᠂ ᠲᠡᠷᠭᠡᠨ ᠳᠤ ᠰᠠᠭᠤᠬᠤ ᠠᠮᠤᠷ ᠲᠦᠪᠰᠢᠨ ᠤ ᠰᠠᠬᠢᠯᠭ᠎ᠠ ᠳᠦᠷᠢᠮ᠂ ᠭᠡᠨᠡᠳᠲᠡ ᠶᠢᠨ ᠲᠡᠷᠭᠡᠨ ᠠᠳᠡᠯ ᠢ ᠵᠥᠪ ᠣᠨᠣᠪᠴᠢᠲᠠᠶ ᠠᠷᠭᠠᠴᠠᠬᠤ ᠠᠷᠭ᠎ᠠ ᠮᠠᠶ᠋ᠢᠭ᠂ ᠨᠢᠰᠬᠡᠯ  ᠤᠨ ᠲᠦᠷᠭᠡᠨ ᠠᠮᠢ ᠵᠢᠭᠤᠲᠠᠬᠤ᠂ ᠲᠡᠷᠭᠡ ᠬᠥᠰᠬᠡ ᠭᠠᠯ ᠭᠠᠷᠴᠤ ᠠᠮᠢ ᠵᠢᠭᠤᠲᠠᠬᠤ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠰᠤᠷᠤᠯᠴᠠᠭᠤᠯᠵᠤ᠂ ᠬᠡᠦᠬᠡᠳ ᠢ ᠬᠥᠮᠥᠵᠢᠭᠦᠯᠦᠨ ᠰᠠᠶᠢᠨ ᠰᠠᠶᠢᠬᠠᠨ ᠵᠠᠮ ᠬᠠᠷᠢᠯᠴᠠᠭᠠᠨ ᠤ ᠦᠶᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠵᠤ᠂ ᠬᠡᠦᠬᠡᠳ ᠢ ᠵᠠᠮ ᠬᠠᠷᠢᠯᠴᠠᠭᠠᠨ ᠤ ᠠᠵᠢᠯᠯᠠᠭ᠎ᠠ ᠳᠤᠮᠳᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠲᠠᠢ ᠪᠤᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠷᠡᠯ ᠣᠶᠢᠯᠭᠠᠬᠤ ᠰᠤᠷᠭᠠᠭᠤᠯᠢ ᠶᠢᠨ ᠬᠤᠪᠴᠠᠰᠤ᠂ ᠬᠡᠦᠬᠡᠳ ᠤᠨ ᠠᠮᠤᠷ ᠲᠦᠪᠰᠢᠨ ᠤ ᠰᠠᠭᠤᠳᠠᠯ ᠪᠠ ᠠᠶᠦᠯᠭᠦᠢ ᠳᠤᠭᠤᠯᠠᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ ᠬᠡᠦᠬᠡᠳ ᠠᠰᠠᠷᠠᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠪᠣᠯᠪᠠᠰᠤᠨ ᠶᠠᠪᠤᠵᠤ ᠰᠠᠭᠤᠬᠤ ᠳᠠᠳᠬᠠᠯ ᠢ ᠴᠢᠩᠭᠠᠳᠬᠠᠵᠤ᠂ ᠬᠡᠦᠬᠡᠳ ᠤᠨ ᠲᠣᠰ ᠪᠡᠶ᠎ᠡ ᠶᠢᠨ ᠣᠨᠴᠠᠯᠢᠭ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠮᠤᠷ ᠲᠦᠪᠰᠢᠨ ᠢ ᠬᠠᠷᠠᠭᠠᠯᠵᠠᠬᠤ ᠦᠨᠳᠦᠰᠦᠨ ᠶᠡᠷᠦ ᠶᠢᠨ ᠮᠡᠳᠡᠯᠭᠡ ᠪᠠ ᠠᠩᠬᠠᠷᠬᠤ ᠵᠦᠢᠯᠡᠰ ᠲᠠᠢ ᠤᠶᠠᠯᠳᠤᠭᠤᠯᠤᠨ᠂ ᠬᠡᠦᠬᠡᠳ ᠠᠰᠠᠷᠠᠭᠴᠢ ᠶᠢᠨ ᠬᠠᠷᠠᠵᠤ ᠬᠠᠷᠠᠭᠠᠯᠵᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠤᠨ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠦᠢᠯᠡᠳᠪᠦᠷᠢᠯᠡᠬᠦ ᠪᠤᠶᠤ ᠪᠣᠷᠣᠯᠠᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠲᠤ ᠬᠡᠦᠬᠡᠳ ᠤᠨ ᠨᠠᠰᠤ ᠵᠢᠯ ᠤᠨ ᠣᠨᠴᠠᠯᠢᠭ ᠢ ᠭᠦᠢᠴᠡᠳ ᠪᠣᠳᠣᠯᠬᠢᠯᠠᠨ᠂ ᠰᠤᠷᠭᠠᠭᠤᠯᠢ  ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠎ ᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠢᠩᠭ᠎ᠠ ᠰᠢᠢᠳᠪᠦᠷᠢᠯᠡᠨ᠎ᠡ᠃ ᠰᠤᠷᠤᠭᠴᠢ ᠵᠥᠭᠡᠭᠡᠪᠦᠷᠢᠯᠡᠬᠦ ᠲᠡᠷᠭᠡ ᠎ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃      5᠂ ᠬᠡᠦᠬᠡᠳ ᠤᠨ ᠣᠶᠢᠴᠢᠬᠤ᠂ ᠬᠠᠯᠠᠭᠠᠭᠳᠠᠬᠤ᠂ ᠬᠤᠣᠷᠳᠠᠭᠳᠠᠬᠤ ᠵᠡᠷᠭᠡ ᠬᠤᠣᠷᠳᠠᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ᠃ ᠣᠷᠴᠢᠨ ᠠᠬᠤᠢ ᠶᠢᠨ ᠠᠶᠤᠯ ᠲᠠᠢ ᠬᠦᠴᠦᠨ ᠵᠦᠢᠯ ᠢ ᠠᠷᠢᠯᠭᠠᠵᠤ᠂ ᠴᠣᠩᠬᠤᠨ ᠤ ᠬᠠᠯᠬᠠᠪᠴᠢ ᠬᠡᠷᠡᠰᠬᠡ᠂ ᠴᠣᠩᠬᠤᠨ ᠤ ᠪᠠᠶᠢᠷᠢ ᠬᠢᠵᠠᠭᠠᠷᠯᠠᠭᠤᠷ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠨ ᠣᠶᠢᠴᠢᠬᠤ ᠶᠢ ᠪᠠᠭᠠᠰᠬᠠᠨ᠎ᠠ᠃ ᠬᠡᠦᠬᠡᠳ ᠢ ᠭᠠᠯ ᠤᠨ ᠰᠤᠷᠪᠤᠯᠵᠢ ᠠᠴᠠ ᠬᠤᠯᠠᠳᠠᠭᠤᠯᠬᠤ ᠪᠠᠷ ᠰᠤᠷᠭᠠᠨ ᠬᠥᠮᠥᠵᠢᠭᠦᠯᠵᠦ᠂ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠢᠯᠴᠢ ᠶᠢᠨ ᠰᠤᠷᠪᠤᠯᠵᠢ ᠶᠢ ᠰᠠᠯᠭᠠᠵᠤ᠂ ᠭᠡᠷ ᠪᠦᠯᠢ ᠶᠢᠨ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠭᠦᠯᠵᠦ᠂ ᠬᠡᠦᠬᠡᠳ ᠢ ᠬᠠᠮᠠᠭᠠᠯᠠᠬᠤ ᠴᠢᠳᠠᠮᠵᠢ ᠲᠠᠢ ᠭᠡᠷ ᠪᠦᠯᠢ ᠶᠢᠨ ᠴᠠᠬᠢᠯᠭᠠᠨ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠨ ᠰᠢᠲᠠᠵᠤ ᠰᠢᠷᠬᠠᠲᠤᠬᠤ ᠶᠢ ᠤᠷᠢᠳᠴᠢᠯᠠᠨ ᠰᠡᠷᠭᠡᠶᠢᠯᠡᠨ᠎ᠡ᠃ ᠬᠡᠦᠬᠡᠳ ᠤᠨ ᠠᠮᠤᠷ ᠲᠦᠪᠰᠢᠨ ᠤ ᠪᠣᠭᠤᠳᠠᠯ ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠢ ᠬᠠᠷᠠᠵᠤ ᠰᠤᠪᠢᠯᠠᠭᠴᠢ ᠶᠢᠨ ᠲᠠᠷᠢᠶᠠᠨ ᠡᠮ᠂ ᠡᠮ᠂ ᠡᠳᠦᠷ ᠲᠤᠳᠤᠮ ᠤᠨ ᠬᠡᠷᠡᠭᠯᠡᠭᠡᠨ ᠤ ᠬᠢᠮᠢ ᠶᠢᠨ ᠪᠣᠳᠠᠰ ᠵᠡᠷᠭᠡ ᠶᠢ ᠢᠯᠭᠠᠨ ᠲᠠᠨᠢᠬᠤ ᠪᠠ ᠬᠠᠳᠠᠭᠠᠯᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠲᠤ ᠬᠤᠣᠷᠳᠠᠭᠳᠠᠬᠤ ᠠᠴᠠ ᠵᠠᠶᠢᠯᠠᠰᠬᠢᠨ᠎ᠡ᠃ ᠨᠢᠯᠬ᠎ᠠ ᠨᠢᠷᠠᠢ ᠬᠡᠦᠬᠡᠳ ᠤᠨ ᠠᠮᠢᠰᠬᠤᠯ ᠪᠦᠲᠡᠩᠰᠡᠬᠦ ᠶᠢ ᠤᠷᠢᠳᠴᠢᠯᠠᠨ ᠰᠡᠷᠭᠡᠶᠢᠯᠡᠵᠦ᠂ ᠠᠰᠠᠷᠠᠭᠴᠢ ᠶᠢᠨ ᠨᠢᠯᠬ᠎ᠠ ᠨᠢᠷᠠᠢ ᠬᠡᠦᠬᠡᠳ ᠢ ᠪᠦᠲᠦᠮᠵᠢᠲᠡᠶ ᠪᠠᠷ ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠣᠬᠠᠢ ᠶᠢᠨ ᠲᠥᠷᠥᠯ ᠤᠨ ᠬᠠᠮᠢᠶᠠᠷᠤᠯᠲᠠ ᠵᠢᠴᠢ ᠡᠩᠬᠦᠷᠡᠢ ᠲᠡᠵᠢᠭᠡᠪᠦᠷᠢ ᠶᠢ ᠵᠢᠷᠤᠮᠵᠢᠭᠤᠯᠵᠤ᠂ ᠠᠮᠢᠲᠠᠨ ᠳᠤ ᠬᠠᠵᠠᠭᠳᠠᠵᠤ ᠰᠢᠷᠬᠠᠲᠤᠬᠤ ᠶᠢ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠬᠡᠦᠬᠡᠳ ᠵᠢᠴᠢ ᠬᠠᠷᠠᠵᠤ ᠬᠠᠮᠠᠭᠠᠯᠠᠭᠴᠢ ᠶᠢᠨ ᠭᠠᠵᠠᠷ ᠬᠥᠳᠡᠯᠦᠯᠲᠡ᠂ ᠭᠠᠯ ᠤᠨ ᠠᠶᠤᠯ᠂ ᠭᠢᠰᠬᠢᠯᠲᠡ ᠵᠡᠷᠭᠡ ᠭᠠᠮᠰᠢᠭ ᠤᠨ ᠴᠢᠨᠠᠷᠲᠠᠢ᠂ ᠭᠡᠨᠡᠳᠲᠡ ᠶᠢᠨ ᠴᠢᠨᠠᠷᠲᠠᠢ ᠬᠡᠷᠡᠭ ᠲᠤ ᠴᠢᠭᠯᠡᠭᠦᠯᠦᠭᠰᠡᠨ ᠭᠠᠮᠰᠢᠭ ᠢ ᠰᠡᠷᠭᠡᠶᠢᠯᠡᠵᠦ ᠠᠶᠤᠯ ᠎ ᠠᠴᠠ ᠵᠠᠶᠢᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠣᠳᠠᠰ ᠢ ᠨᠦᠬᠡᠴᠡᠯᠡᠨ᠎ᠡ᠃      6᠂ ᠬᠡᠦᠬᠡᠳ  ᠤᠨ ᠢᠳᠡᠭᠡᠨ ᠤ ᠠᠶᠦᠯᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ ᠤᠨ ᠡᠷᠡᠭᠦᠯ ᠬᠠᠮᠠᠭᠠᠯᠠᠯ ᠪᠠ ᠢᠳᠡᠭᠡᠨ ᠤᠮᠳᠠᠭᠠᠨ ᠤ ᠶᠡᠷᠦ ᠶᠢᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠬᠡᠦᠬᠡᠳ ᠢ ᠬᠠᠪᠰᠤᠷᠴᠤ ᠪᠠᠶᠢᠭᠠᠳ ᠬᠤᠪᠢ ᠬᠥᠮᠥᠨ ᠤ ᠡᠷᠡᠭᠦᠯ ᠬᠠᠮᠠᠭᠠᠯᠠᠯ ᠪᠠ ᠡᠷᠡᠭᠦᠯ ᠴᠢᠭᠢᠷᠠᠭ ᠢᠳᠡᠭᠡᠨ ᠤᠮᠳᠠᠭᠠᠨ ᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠦᠷᠭᠦᠯᠵᠢ ᠲᠣᠬᠢᠶᠠᠯᠳᠤᠳᠠᠭ ᠡᠪᠡᠳᠴᠢᠨ ᠪᠠ ᠬᠠᠯᠳᠠᠪᠤᠷᠢᠲᠤ ᠡᠪᠡᠳᠴᠢᠨ ᠤ ᠬᠤᠣᠷ ᠬᠥᠨᠥᠭᠡᠯ᠂ ᠬᠠᠯᠳᠠᠪᠤᠷᠢᠯᠠᠬᠤ ᠠᠷᠭ᠎ᠠ ᠵᠠᠮ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠶᠢᠯᠭᠠᠭᠤᠯᠤᠨ᠎ᠠ᠃ ᠬᠡᠦᠬᠡᠳ ᠤᠨ ᠢᠳᠡᠭᠡᠨ ᠤ ᠠᠶᠤᠯᠭᠦᠢ ᠶᠢᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ  ᠤᠨ ᠲᠤᠰᠠᠯᠠᠬᠤ ᠢᠳᠡᠭᠡᠨ ᠤ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠦᠢᠯᠡᠳᠬᠦᠨ ᠢ ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠵᠢᠴᠢ ᠬᠢᠷᠢ ᠲᠡᠩᠴᠡᠬᠦ ᠦᠭᠡᠢ ᠢᠳᠡᠭᠡᠨ ᠢ ᠰᠢᠢᠳᠭᠡᠨ ᠲᠣᠷᠭᠠᠬᠤ ᠡᠷᠴᠢᠮ ᠢ ᠨᠡᠮᠡᠭᠳᠡᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠨᠡᠶᠢᠲᠡ ᠶᠢᠨ ᠬᠤᠭᠤᠯᠠᠨ ᠤ ᠡᠯ᠎ᠡ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠰᠤᠷᠭᠠᠭᠤᠯᠢ ᠶᠢᠨ ᠳᠣᠲᠣᠷᠠᠬᠢ ᠪᠠ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠢᠳᠡᠭᠡᠨ ᠎ ᠤ ᠠᠶᠦᠯᠭᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       7᠂ ᠬᠡᠦᠬᠡᠳ ᠤᠨ ᠬᠡᠷᠡᠭᠯᠡᠭᠡᠨ ᠤ ᠵᠦᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠪᠠ ᠪᠠᠭᠠᠰᠬᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠡᠦᠬᠡᠳ ᠤᠨ ᠬᠡᠷᠡᠭᠯᠡᠭᠡᠨ ᠤ ᠵᠦᠢᠯ᠂ ᠬᠡᠦᠬᠡᠳ ᠤᠨ ᠲᠣᠭᠯᠠᠭᠠᠮ ᠤᠨ ᠵᠦᠢᠯ ᠳᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠡᠦᠬᠡᠳ ᠤᠨ ᠬᠡᠷᠡᠭᠯᠡᠭᠡᠨ ᠤ ᠵᠦᠢᠯ ᠤᠨ ᠠᠵᠢᠯ ᠲᠥᠷᠥᠯ ᠤᠨ ᠥᠪᠡᠷ ᠢ ᠪᠠᠨ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠬᠦ ᠦᠢᠯᠡᠳᠬᠦᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠬᠡᠦᠬᠡᠳ ᠤᠨ ᠬᠡᠷᠡᠭᠯᠡᠬᠦᠨ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠡᠦᠬᠡᠳ ᠤᠨ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠᠯ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠦᠢᠯᠡᠳᠬᠦᠨ ᠤ ᠠᠮᠤᠷ ᠲᠦᠪᠰᠢᠨ ᠤ ᠠᠰᠠᠭᠤᠳᠠᠯ ᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠦᠢᠯᠡᠳᠬᠦᠨ ᠠᠴᠠ ᠪᠣᠯᠤᠭᠰᠠᠨ ᠬᠡᠦᠬᠡᠳ ᠤᠨ ᠭᠡᠮᠲᠦᠯ ᠤᠨ ᠮᠡᠳᠡᠭᠡ ᠵᠠᠩᠭᠢ ᠶᠢ ᠬᠢᠨᠠᠨ ᠰᠢᠨᠵᠢᠬᠦ᠂ ᠵᠠᠳᠠᠯᠬᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠠᠵᠢᠯ ᠢ ᠴᠢᠩᠭᠠᠳᠬᠠᠨ᠎ᠠ᠃ ︽ᠬᠤᠣᠷᠲᠤ ᠭᠦᠶᠦᠯᠲᠡ ᠶᠢᠨ ᠵᠠᠮ︾᠂ ︽ᠬᠤᠣᠷᠲᠤ ᠰᠤᠷᠭᠠᠭᠤᠯᠢ ᠶᠢᠨ ᠬᠤᠪᠴᠠᠰᠤ︾᠎ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠪᠡᠯᠡᠳᠬᠡᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠦᠰᠢᠭᠦᠷ ᠱᠠᠲᠤ᠂ ᠡᠷᠭᠢᠯᠳᠦᠭᠡ ᠡᠭᠦᠳᠡ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠭᠦᠯᠬᠦ ᠬᠡᠷᠡᠭᠲᠡᠢ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠨᠢ ᠬᠡᠦᠬᠡᠳ ᠤᠨ ᠬᠡᠷᠡᠭᠯᠡᠭᠡᠨ ᠤ ᠵᠦᠢᠯ ᠤᠨ ᠠᠮᠤᠷ ᠲᠦᠪᠰᠢᠨ᠂ ᠦᠢᠯᠡᠳᠬᠦᠨ ᠤ ᠠᠮᠤᠷ ᠲᠦᠪᠰᠢᠨ ᠢᠶᠠᠷ ᠬᠡᠷᠡᠭᠯᠡᠬᠦ ᠵᠡᠷᠭᠡ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠨᠡᠶᠢᠳᠡᠮ ᠥᠷᠨᠢᠭᠦᠯᠦᠨ᠎ᠡ᠃      8᠂ ᠬᠡᠦᠬᠡᠳ ᠲᠤ ᠴᠢᠭᠯᠡᠭᠦᠯᠦᠭᠰᠡᠨ ᠬᠦᠴᠦᠷᠬᠡᠭᠯᠡᠯ ᠤᠨ ᠬᠤᠣᠷᠯᠠᠯ ᠢ ᠰᠡᠷᠭᠡᠶᠢᠯᠡᠬᠦ ᠪᠠ ᠬᠢᠵᠠᠭᠠᠷᠯᠠᠨ᠎ᠠ᠃ ᠬᠡᠦᠬᠡᠳ ᠤᠨ ᠬᠦᠴᠦᠷᠬᠡᠭᠯᠡᠯ ᠢ ᠣᠭᠲᠣᠬᠠᠨ ᠴᠤ ᠥᠯᠥ ᠬᠦᠯᠢᠴᠡᠬᠦ ᠣᠨᠣᠯᠵᠢᠬᠤᠨ ᠢ ᠤᠬᠠᠭᠤᠯᠤᠨ ᠰᠠᠨᠠᠭᠠᠴᠢᠯᠠᠵᠤ᠂ ᠣᠯᠠᠨ ᠨᠡᠶᠢᠲᠡ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠡᠦᠬᠡᠳ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠡᠦᠬᠡᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ᠂ ᠨᠡᠶᠢᠭᠡᠮ᠂ ᠰᠤᠷᠭᠠᠭᠤᠯᠢ᠂ ᠭᠡᠷ ᠪᠦᠯᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠡᠦᠬᠡᠳ ᠤᠨ ᠬᠦᠴᠦᠷᠬᠡᠭᠯᠡᠯ ᠢᠶᠠᠷ ᠭᠡᠮᠲᠦᠭᠡᠬᠦ ᠶᠢ ᠰᠡᠷᠭᠡᠶᠢᠯᠡᠨ ᠡᠵᠡᠮᠳᠡᠬᠦ ᠳᠤ ᠴᠢᠭᠯᠡᠭᠦᠯᠦᠭᠰᠡᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠠᠪᠴᠠᠩ ᠢ ᠪᠦᠷᠢᠨᠰᠢᠭᠦᠯᠵᠦ᠂ ᠬᠡᠦᠬᠡᠳ ᠤᠨ ᠬᠦᠴᠦᠷᠬᠡᠭᠯᠡᠯ ᠢᠶᠠᠷ ᠭᠡᠮᠲᠦᠭᠡᠬᠦ ᠶᠢ ᠢᠯᠡᠷᠡᠭᠦᠯᠬᠦ᠂ ᠮᠡᠳᠡᠭᠦᠯᠬᠦ᠂ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠨᠠᠰᠤᠨ ᠳᠤ ᠥᠯᠥ ᠭᠦᠷᠦᠭᠰᠡᠳ ᠲᠠᠢ ᠨᠢᠭᠲᠠ ᠬᠠᠷᠢᠯᠴᠠᠬᠤ ᠪᠠᠶᠢᠭᠤᠯᠤᠮᠵᠢ ᠪᠠ ᠠᠵᠢᠯᠲᠠᠨ ᠤ ᠠᠯᠪᠠᠳᠠᠯᠭ᠎ᠠ ᠪᠠᠷ ᠮᠡᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ ᠨᠡᠶᠢᠲᠡ ᠶᠢᠨ ᠬᠡᠦᠬᠡᠳ ᠲᠤ ᠴᠢᠭᠯᠡᠭᠦᠯᠦᠭᠰᠡᠨ ᠬᠦᠴᠦᠷᠬᠡᠭᠯᠡᠯ ᠤᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠢᠳᠬᠠᠨ ᠬᠤᠷᠢᠭᠯᠠᠬᠤ᠂ ᠬᠤᠷᠢᠭᠯᠠᠬᠤ᠂ ᠢᠯᠡᠴᠢᠯᠡᠬᠦ᠂ ᠵᠠᠭᠠᠯᠳᠤᠬᠤ ᠶᠢ ᠵᠣᠷᠢᠭᠵᠢᠭᠤᠯᠤᠨ᠎ᠠ᠃ ᠬᠡᠦᠬᠡᠳ ᠲᠤ ᠬᠦᠴᠦᠷᠬᠡᠭᠯᠡᠯ ᠶᠠᠪᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃      9᠂ ᠰᠤᠷᠤᠭᠴᠢᠳ ᠢ ᠳᠣᠷᠣᠮᠵᠢᠯᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠪᠣᠯᠪᠠᠰᠤᠨ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠡᠷᠡᠭᠦᠯ ᠴᠢᠭᠢᠷᠠᠭ ᠵᠠᠩ ᠠᠷᠠᠨᠰᠢᠨ ᠪᠠ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠶᠢ ᠬᠥᠮᠥᠵᠢᠭᠦᠯᠦᠨ᠎ᠡ᠃ ᠰᠤᠷᠭᠠᠭᠤᠯᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠰᠣᠷᠣᠭᠴᠢ ᠶᠢᠨ ᠳᠣᠷᠣᠮᠵᠢᠯᠠᠯ ᠢ ᠡᠷᠲᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠤᠮᠳᠠ ᠰᠢᠢᠳᠪᠦᠷᠢᠯᠡᠬᠦ᠂ ᠬᠡᠷᠡᠭ ᠤᠨ ᠳᠠᠷᠠᠭ᠎ᠠ ᠭᠠᠷ ᠲᠦᠷᠦᠭᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠠᠭᠰᠢ ᠠᠵᠢᠯᠲᠠᠨ ᠠᠵᠢᠯᠴᠢᠨ᠂ ᠭᠡᠷ ᠤᠨ ᠠᠬᠠᠮᠠᠳ᠂ ᠰᠣᠷᠣᠭᠴᠢ ᠶᠢᠨ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠣᠷᠣᠮᠵᠢᠯᠠᠭᠰᠠᠨ ᠬᠡᠷᠡᠭ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠤᠷᠭᠠᠨ ᠬᠥᠮᠥᠵᠢᠭᠦᠯᠵᠦ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠰᠤᠷᠤᠭᠴᠢᠳ ᠤᠨ ᠳᠣᠷᠣᠮᠵᠢᠯᠠᠯ ᠤᠨ ᠲᠤᠰᠬᠠᠢ ᠵᠠᠰᠠᠯᠲᠠ ᠶᠢ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠳᠤ ᠤᠷᠤᠭᠤᠯᠤᠨ᠎ᠠ᠃      10᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠭ ᠤᠨ ᠤᠷᠳᠤᠨ ᠠᠵᠦ ᠠᠬᠤᠶᠢᠯᠠᠯ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠦᠬᠡᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠰᠦᠯᠵᠢᠶᠡᠨ ᠤ ᠣᠷᠴᠢᠨ ᠲᠣᠭᠤᠷᠢᠨ ᠢ ᠬᠠᠩᠭᠠᠵᠤ᠂ ᠬᠡᠦᠬᠡᠳ ᠤᠨ ᠰᠦᠯᠵᠢᠶᠡᠨ ᠤ ᠣᠷᠣᠨ ᠵᠠᠢ ᠳᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠦᠯᠵᠢᠶᠡᠨ ᠤ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢ ᠬᠢᠨᠠᠨ ᠬᠡᠮᠵᠢᠬᠦ᠂ ᠢᠯᠭᠠᠨ ᠲᠠᠨᠢᠬᠤ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠰᠦᠯᠵᠢᠶ᠎ᠡ ᠶᠢ ᠠᠰᠢᠭᠯᠠᠨ ᠦᠷᠳᠡᠭ ᠤᠨ ᠤᠳᠤᠷᠢᠳᠤᠮᠵᠢ ᠶᠢᠨ ᠮᠠᠭᠤ ᠮᠡᠳᠡᠭᠡ ᠵᠠᠩᠭᠢ ᠶᠢ ᠲᠠᠷᠬᠠᠭᠠᠵᠤ᠂ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠨ᠎ᠡ᠃ ᠰᠦᠯᠵᠢᠶᠡᠨ ᠤ ᠲᠣᠭᠯᠠᠭᠠᠮ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠰᠦᠯᠵᠢᠶᠡᠨ ᠤ ᠲᠠᠭᠤ ᠳᠦᠷᠰᠦ  ᠰᠢᠩᠭᠡᠭᠡᠯᠲᠡ᠂ ᠰᠦᠯᠵᠢᠶᠡᠨ ᠤ ᠨᠡᠶᠢᠭᠡᠮ ᠤᠨ ᠬᠠᠷᠢᠯᠴᠠᠭ᠎ᠠ ᠵᠡᠷᠭᠡ ᠬᠡᠦᠬᠡᠳ ᠤᠨ ᠰᠦᠯᠵᠢᠶᠡᠨ ᠳᠤ ᠭᠠᠷᠬᠤ ᠭᠤᠣᠯᠳᠠᠯᠭ᠎ᠠ ᠲᠠᠢ ᠭᠤᠭᠴᠤᠭ᠎ᠠ ᠪᠠ ᠬᠡᠷᠡᠭᠯᠡᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠢᠯᠡᠴᠢᠯᠡᠭᠡ ᠶᠢ ᠬᠡᠷᠡᠭᠯᠡᠬᠦ ᠳᠤ ᠴᠢᠭᠯᠡᠭᠦᠯᠦᠨ ᠵᠣᠬᠢᠬᠤ ᠴᠠᠭ ᠤᠨ ᠬᠠᠮᠢᠶᠠᠷᠤᠯᠲᠠ᠂ ᠡᠷᠬᠡ ᠮᠡᠳᠡᠯ ᠤᠨ ᠬᠠᠮᠢᠶᠠᠷᠤᠯᠲᠠ᠂ ᠬᠡᠷᠡᠭᠯᠡᠭᠡᠨ ᠤ ᠬᠠᠮᠢᠶᠠᠷᠤᠯᠲᠠ ᠵᠡᠷᠭᠡ ᠴᠢᠳᠠᠮᠵᠢ ᠶᠢ ᠲᠣᠬᠢᠷᠠᠭᠤᠯᠵᠤ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠬᠡᠦᠬᠡᠳ ᠲᠤ ᠰᠦᠯᠵᠢᠶᠡᠨ ᠤ ᠰᠢᠭᠤᠳ ᠨᠡᠪᠲᠡᠷᠡᠭᠦᠯᠭᠡ ᠨᠡᠶᠢᠲᠡᠯᠡᠭᠴᠢ ᠶᠢᠨ ᠲᠠᠩᠰᠠᠨ ᠨᠣᠮᠧᠷ ᠢ ᠳᠠᠩᠰᠠᠯᠠᠬᠤ ᠦᠢᠯᠡᠴᠢᠯᠡᠭᠡ ᠬᠠᠩᠭᠠᠵᠤ ᠪᠣᠯᠬᠤ ᠦᠭᠡᠢ᠃ ᠰᠦᠯᠵᠢᠶᠡᠨ ᠤ ᠦᠭᠡ ᠬᠡᠯᠡᠨ ᠤ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠰᠦᠯᠵᠢᠶᠡᠨ ᠤ ᠦᠭᠡ ᠬᠡᠯᠡᠨ ᠤ ᠪᠣᠯᠬᠢ ᠪᠠᠯᠠᠮᠠᠳ ᠳᠠᠮᠵᠢᠭᠤᠯᠭ᠎ᠠ ᠶᠢ ᠡᠷᠡᠰ ᠬᠤᠷᠢᠭᠯᠠᠨ᠎ᠠ᠃ ᠤᠯᠤᠰ ᠤᠨ ᠨᠢᠭᠡᠳᠦᠯᠲᠡᠢ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠲᠣᠭᠯᠠᠭᠠᠮ ᠤᠨ ᠡᠯᠧᠺᠲᠷᠣᠨ ᠪᠡᠶ᠎ᠡ ᠬᠡᠮ ᠤᠨ ᠭᠡᠷᠡᠴᠢᠯᠡᠯ ᠤᠨ ᠰᠢᠰᠲ᠋ᠧᠮ ᠢ ᠬᠡᠷᠡᠭᠵᠢᠭᠦᠯᠵᠦ᠂ ᠲᠣᠭᠯᠠᠭᠠᠮ ᠤᠨ ᠪᠦᠲᠦᠭᠡᠭᠳᠡᠬᠦᠨ ᠢ ᠲᠥᠷᠥᠯ ᠬᠤᠪᠢᠶᠠᠬᠤ᠂ ᠠᠭᠤᠯᠭ᠎ᠠ ᠶᠢ ᠬᠢᠨᠠᠨ ᠬᠠᠷᠭᠤᠭᠤᠯᠬᠤ᠂ ᠴᠠᠭ ᠤᠨ ᠣᠷᠳᠣ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠪᠠ ᠬᠤᠪᠢ ᠶᠢᠨ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠨ᠎ᠠ᠃      11᠂ ᠬᠡᠦᠬᠡᠳ ᠤᠨ ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠳ ᠢ ᠲᠦᠷᠭᠡᠨ ᠠᠪᠤᠷᠠᠨ ᠲᠤᠰᠠᠯᠠᠬᠤ᠂ ᠡᠮᠨᠡᠨ ᠠᠪᠤᠷᠠᠬᠤ᠂ ᠡᠷᠡᠭᠦᠯᠵᠢᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠦᠬᠡᠳ ᠤᠨ ᠪᠠᠴᠢᠮ ᠠᠪᠤᠷᠠᠯᠳᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠰᠠᠷᠠᠭᠴᠢ᠂ ᠪᠠᠭᠰᠢ ᠶᠢᠨ ᠪᠠᠴᠢᠮ ᠠᠪᠤᠷᠠᠯᠳᠠ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠲᠠᠯᠠᠪᠤᠷ ᠤᠨ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠶᠢᠨ ᠲᠤᠬᠢᠷᠠᠭᠤᠯᠤᠯᠲᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠬᠡᠦᠬᠡᠳ ᠤᠨ ᠭᠡᠮᠲᠦᠯ ᠰᠢᠷᠬᠠᠲᠤᠯ ᠤᠨ ᠡᠮᠨᠡᠯᠭᠡ ᠶᠢᠨ ᠬᠤᠷᠢᠶ᠎ᠠ ᠎ ᠠᠴᠠ ᠡᠮᠦᠨᠡᠬᠢ ᠲᠦᠷᠭᠡᠨ ᠠᠪᠤᠷᠠᠯᠳᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶ᠎ᠠ ᠎ ᠠᠴᠠ ᠡᠮᠦᠨᠡᠬᠢ ᠲᠦᠷᠭᠡᠨ ᠠᠪᠤᠷᠠᠯᠲᠠ ᠬᠢᠭᠡᠳ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠲᠦᠷᠭᠡᠨ ᠠᠪᠤᠷᠠᠯᠲᠠ ᠶᠢᠨ ᠪᠦᠲᠦᠮᠵᠢᠲᠡᠢ ᠵᠤᠯᠭᠠᠬᠤ ᠶᠢ ᠪᠡᠶᠡᠯᠡᠭᠦᠯᠦᠨ᠎ᠡ᠃ ᠡᠷᠡᠭᠦᠯᠵᠢᠭᠦᠯᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠠᠨᠠᠭᠠᠬᠤ ᠤᠬᠠᠭᠠᠨ ᠤ ᠠᠪᠤᠷᠠᠨ ᠡᠮᠨᠡᠬᠦ ᠵᠢᠴᠢ ᠡᠷᠡᠭᠦᠯᠵᠢᠭᠦᠯᠬᠦ ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      12᠂ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠡᠦᠬᠡᠳ ᠤᠨ ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠭᠡᠮᠲᠦᠯ ᠳᠤ ᠤᠴᠠᠷᠠᠭᠰᠠᠨ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠶᠢᠭᠤᠯᠤᠮᠵᠢ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ᠂ ᠨᠡᠶᠢᠭᠡᠮ ᠲᠣᠭᠤᠷᠢᠭ᠂ ᠬᠠᠤᠯᠢ  ᠴᠠᠭᠠᠵᠠ ᠶᠢᠨ ᠪᠠᠶᠢᠭᠤᠯᠭ᠎ᠠ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠬᠡᠦᠬᠡᠳ ᠤᠨ ᠭᠡᠮᠲᠦᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠲᠤᠭ᠎ᠠ ᠪᠠᠷᠢᠮᠲᠠ ᠶᠢᠨ ᠵᠢᠷᠦᠮᠵᠢᠯᠲᠡ ᠶᠢ ᠠᠬᠢᠭᠤᠯᠤᠨ᠎ᠠ᠃ ᠣᠯᠠᠨ ᠰᠠᠯᠠᠭ᠎ᠠ ᠮᠥᠴᠢᠷ᠂ ᠣᠯᠠᠨ ᠲᠤᠰᠬᠠᠢ ᠮᠡᠷᠭᠡᠵᠢᠯ ᠣᠷᠣᠯᠴᠠᠭᠰᠠᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠵᠠᠳᠠᠯᠬᠤ᠂ ᠦᠨᠡᠯᠡᠨ ᠵᠢᠱᠢᠬᠦ ᠪᠠ ᠠᠰᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃      ︵ᠭᠤᠷᠪᠠ︶ ᠬᠡᠦᠬᠡᠳ ᠬᠢᠭᠡᠳ ᠰᠤᠷᠭᠠᠨ ᠬᠥᠮᠦᠵᠢᠯ      ᠭᠤᠣᠯ ᠬᠠᠷᠠᠯᠲᠠ᠄      1᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃      2᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠰᠤᠷᠬᠤ ᠨᠠᠰᠤᠨ ᠠᠴᠠ ᠡᠮᠦᠨᠡᠬᠢ ᠴᠢᠨᠠᠷ ᠴᠢᠨᠰᠠᠭ᠎ᠠ ᠲᠠᠢ ᠰᠤᠷᠭᠠᠨ ᠬᠥᠮᠦᠵᠢᠯ ᠢ ᠨᠡᠶᠢᠳᠡᠮ ᠭᠥᠷᠳᠡᠵᠦ᠂ ᠰᠤᠷᠬᠤ ᠨᠠᠰᠤᠨ ᠎ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 100% ᠎ ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠪᠠᠲᠤᠯᠠᠵᠤ᠂ ᠠᠯᠪᠠᠨ ᠎ ᠠᠴᠠ ᠡᠷᠭᠢᠯᠡᠭᠰᠡᠨ ᠪᠠ ᠨᠡᠶᠢᠳᠡᠮ ᠬᠠᠷᠠᠭᠠᠯᠵᠠᠬᠤ ᠴᠢᠨᠠᠷᠲᠠᠢ ᠠᠷᠠᠳ ᠎ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 95%᠎ ᠳᠤ ᠬᠦᠷᠦᠭᠦᠯᠦᠨ᠎ᠡ᠃      3᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠪᠠ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 97%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃      4᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠠᠵᠢᠯ ᠤᠨ ᠶᠡᠷᠦᠩᠬᠡᠢ ᠬᠡᠮᠵᠢᠶ᠎ᠡ ᠪᠠ ᠴᠠᠭ ᠤᠨ ᠤᠷᠲᠤ ᠶᠢ ᠪᠥᠬᠦ ᠲᠠᠯ᠎ᠠ ᠪᠠᠷ ᠪᠠᠭᠠᠰᠬᠠᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠩᠭᠠᠷᠠᠭᠤᠯᠵᠤ᠂ ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠢᠷᠤᠮᠵᠢᠭᠤᠯᠤᠨ᠎ᠠ᠃      5᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ100%᠎ ᠳᠤ ᠬᠦᠷᠬᠦ ᠶᠢ ᠪᠠᠲᠤᠯᠠᠨ᠎ᠠ᠃      6᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠳᠦᠰᠦᠨ ᠠᠴᠠ ᠨᠢ ᠪᠠᠲᠤᠯᠠᠨ᠎ᠠ᠃ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      7᠂ ᠬᠡᠦᠬᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠦᠵᠡᠯ ᠤᠬᠠᠮᠰᠠᠷ᠂ ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      8᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠭᠰᠠᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠎ᠡ᠃      9᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠷᠰᠡᠭ᠂ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠪᠠᠭᠰᠢ ᠰᠣᠷᠣᠭᠴᠢ ᠶᠢᠨ ᠬᠠᠷᠢᠴᠠᠭ᠎ᠠ ᠪᠠ ᠬᠠᠮᠲᠤ ᠰᠣᠷᠣᠭᠴᠢ ᠶᠢᠨ ᠬᠠᠷᠢᠴᠠᠭ᠎ᠠ ᠶᠢ ᠪᠣᠶ ᠪᠣᠯᠭᠠᠨ᠎ᠠ᠃      10᠂ ᠰᠤᠷᠭᠠᠭᠤᠯᠢ ᠶᠢᠨ ᠭᠡᠷ ᠪᠦᠯᠢ ᠶᠢᠨ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠶᠣᠰᠣ ᠮᠣᠷᠠᠯ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠥᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠦᠰᠡᠯᠡᠩ ᠪᠠ ᠢᠲᠡᠭᠡᠯ ᠵᠣᠷᠢᠭ ᠢ ᠨᠢ ᠪᠠᠲᠤᠳᠬᠠᠵᠤ᠂ ᠡᠬᠡ ᠣᠷᠣᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠦᠨ᠎ᠡ᠃ ᠤᠶᠤᠨ ᠤ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠭᠴᠢᠳ ᠤᠨ ᠨᠠᠰᠤᠨ ᠲᠤᠷᠰᠢᠲᠠ ᠰᠤᠷᠤᠯᠴᠠᠬᠤ ᠴᠢᠳᠠᠪᠤᠷᠢ ᠶᠢ ᠬᠥᠭᠵᠢᠭᠦᠯᠵᠦ᠂ ᠰᠡᠳᠬᠢᠬᠦᠢ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠤᠬᠠᠮᠰᠠᠷ ᠢ ᠬᠥᠭᠵᠢᠭᠡᠨ᠎ᠡ᠃ ᠡᠷᠡᠭᠦᠯ ᠮᠡᠨᠳᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠤᠷᠤᠭᠴᠢᠳ ᠢ ᠬᠠᠪᠰᠤᠷᠤᠨ ᠡᠷᠡᠰ ᠬᠠᠲᠠᠭᠤ ᠰᠥᠰᠥ ᠵᠣᠷᠢᠭ ᠢ ᠨᠢ ᠳᠠᠪᠲᠠᠨ ᠪᠣᠯᠪᠠᠰᠤᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ ᠢ ᠨᠢ ᠳᠠᠪᠲᠠᠨ ᠪᠣᠯᠪᠠᠰᠤᠷᠠᠭᠤᠯᠤᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢ ᠰᠠᠶᠢᠵᠢᠷᠠᠭᠤᠯᠵᠤ᠂ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠥᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠬᠥᠳᠡᠯᠮᠦᠷᠢ ᠶᠢᠨ ᠦᠵᠡᠯᠲᠡ ᠲᠠᠢ ᠪᠣᠯᠭᠠᠵᠤ᠂ ᠰᠠᠶᠢᠨ ᠰᠠᠶᠢᠬᠠᠨ ᠬᠥᠳᠡᠯᠮᠦᠷᠢ ᠶᠢᠨ ᠳᠠᠳᠬᠠᠯ ᠢ ᠪᠤᠢ ᠪᠣᠯᠭᠠᠵᠤ᠂ ᠠᠵᠢᠯᠴᠢ ᠠᠷᠪᠢᠴᠢ᠂ ᠲᠡᠮᠡᠴᠡᠬᠦ᠂ ᠰᠢᠨ᠎ᠡ ᠶᠢ ᠡᠭᠦᠳᠬᠦ᠂ ᠬᠤᠪᠢ ᠨᠡᠮᠡᠷᠢ ᠦᠵᠡᠭᠦᠯᠬᠦ ᠬᠥᠳᠡᠯᠮᠦᠷᠢ ᠶᠢᠨ ᠵᠣᠷᠢᠭ ᠰᠠᠨᠠᠭ᠎ᠠ ᠶᠢ ᠬᠥᠮᠥᠵᠢᠭᠦᠯᠦᠨ᠎ᠡ᠃ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠳᠤ ᠣᠷᠣᠯᠴᠠᠭᠰᠠᠨ ᠢ ᠲᠡᠮᠳᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠠᠵᠢᠯ ᠢ ᠭᠤᠤᠯᠳᠠᠯᠭ᠎ᠠ ᠲᠠᠢ ᠰᠠᠶᠢᠲᠦᠷ ᠬᠢᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠲᠤᠷᠰᠢᠯᠲᠠ ᠶᠢᠨ ᠣᠷᠣᠨ ᠢ ᠰᠦᠪᠡᠭᠴᠢᠯᠡᠨ ᠪᠠᠶᠢᠭᠤᠯᠤᠨ᠎ᠠ᠃      2᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠤᠭᠤᠯᠤᠯᠲᠠ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠪᠠᠲᠤᠯᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠬᠠᠩᠭᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ ᠣᠷᠤᠭᠤᠯᠤᠯᠲᠠ ᠶᠢᠨ ᠴᠢᠬᠤᠯᠠ ᠠᠴᠠ ᠴᠢᠬᠤᠯᠠ ᠵᠦᠢᠯ ᠪᠣᠯᠭᠠᠨ᠎ᠠ᠃ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠷᠤᠯᠭ᠎ᠠ ᠶᠢᠨ ᠬᠠᠷᠢᠭᠤᠴᠠᠯᠭ᠎ᠠ ᠪᠠ ᠡᠯ᠎ᠡ ᠰᠤᠷᠭᠠᠨ ᠬᠥᠮᠦᠵᠢᠯ ᠤᠨ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠵᠢᠨ‌‍ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠠ ᠪᠦᠬᠦ ᠲᠠᠯ᠎ᠠ ᠶᠢᠨ ᠴᠢᠨᠠᠷᠲᠠᠢ ᠰᠤᠷᠭᠠᠨ ᠬᠥᠮᠦᠵᠢᠯ ᠤᠨ ᠴᠢᠬᠤᠯᠠ ᠶᠡᠭᠡ ᠢᠨᠵᠧᠨᠧᠷᠢᠩ ᠪᠠ ᠵᠦᠢᠯᠡᠰ ᠲᠤ ᠵᠠᠷᠤᠳᠠᠯ ᠤᠨ ᠣᠷᠤᠭᠤᠯᠤᠯᠲᠠ ᠶᠢ ᠦᠷᠭᠦᠯᠵᠢᠯᠡᠨ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠠᠶᠢᠳᠠᠪᠤᠷᠢᠵᠢᠭᠤᠯᠬᠤ ᠪᠣᠯ ᠤᠯᠤᠰ ᠤᠨ ᠠᠵᠢᠯ ᠶᠠᠪᠤᠳᠠᠯ ᠤᠨ ᠡᠷᠬᠡ ᠮᠥᠨ᠂ ᠬᠠᠤᠯᠢ ᠶᠣᠰᠣᠭᠠᠷ ᠤᠯᠤᠰ ᠠᠴᠠ ᠡᠷᠬᠢᠯᠡᠬᠦ ᠶᠢᠨ ᠶᠡᠷᠦᠩᠬᠡᠢ ᠱᠠᠭᠠᠷᠳᠠᠯᠭ᠎ᠠ ᠮᠥᠨ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠤᠢ ᠪᠦᠬᠦᠢ ᠭᠡᠷ ᠪᠦᠯᠢ ᠪᠠ ᠬᠡᠦᠬᠡᠳ ᠲᠤ ᠠᠰᠢᠭ ᠬᠦᠷᠲᠡᠭᠡᠨ᠎ᠡ᠃      3᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠦᠨ᠎ᠡ᠃ ᠬᠦᠰᠡᠯᠡᠩ ᠤᠨ ᠬᠥᠮᠦᠵᠢᠯ᠂ ᠶᠣᠰᠣ ᠮᠣᠷᠠᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠶᠣᠰᠣ ᠮᠣᠷᠠᠯ ᠤᠨ ᠬᠡᠪ ᠴᠢᠨᠠᠷ᠂ ᠬᠠᠤᠯᠢ ᠪᠠᠷ ᠵᠠᠰᠠᠬᠤ ᠤᠬᠠᠮᠰᠠᠷ ᠪᠠ ᠦᠢᠯᠡ ᠠᠵᠢᠯᠯᠠᠭᠠᠨ ᠤ ᠵᠠᠩ ᠳᠠᠳᠬᠠᠯ ᠢ ᠪᠤᠢ ᠪᠣᠯᠭᠠᠵᠤ᠂ ᠢᠳᠡᠪᠬᠢᠲᠡᠢ ᠡᠷᠡᠭᠦᠯ ᠴᠢᠭᠢᠷᠠᠭ ᠵᠠᠩ ᠠᠷᠠᠨᠰᠢᠨ ᠪᠠ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠢ ᠪᠤᠢ ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠦᠮᠦᠵᠢᠯ ᠢ ᠦᠷᠭᠡᠨ ᠢᠶᠠᠷ ᠦᠷᠨᠢᠭᠦᠯᠦᠨ᠎ᠡ᠃ ᠬᠡᠦᠬᠡᠳ ᠲᠤ ᠵᠣᠷᠢᠭᠤᠯᠤᠭᠰᠠᠨ ᠨᠠᠭᠠᠳᠤᠮ ᠤᠨ ᠵᠦᠢᠯ᠂ ᠬᠤᠪᠴᠠᠰᠤ ᠵᠠᠰᠠᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠣᠭᠯᠠᠭᠠᠮ ᠤᠨ ᠵᠢᠷᠤᠭ ᠲᠥᠯᠥᠪᠯᠡᠭᠡ ᠪᠠ ᠠᠵᠢᠯ ᠮᠡᠷᠭᠡᠵᠢᠯ ᠤᠨ ᠲᠥᠯᠦᠪᠵᠢᠭᠦᠯᠭᠡ ᠵᠡᠷᠭᠡ ᠬᠦᠷᠢᠶ᠎ᠡ ᠴᠠᠷᠠᠭ᠎ᠠ ᠳᠤ ᠬᠦᠢᠰᠦ ᠶᠢᠨ ᠢᠯᠭᠠᠯ ᠤᠨ ᠱᠣᠰᠢᠭ᠎ᠠ ᠶᠢ ᠦᠭᠡᠶᠢᠰᠬᠡᠨ᠎ᠡ᠃ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠢᠴᠢᠶᠡᠯ ᠢᠶᠠᠷ ᠬᠥᠮᠥᠨ ᠢ ᠬᠥᠮᠥᠵᠢᠭᠦᠯᠬᠦ᠂ ᠰᠣᠶᠣᠯ ᠢᠶᠠᠷ ᠬᠥᠮᠥᠨ ᠢ ᠬᠥᠮᠥᠵᠢᠭᠦᠯᠬᠦ᠂ ᠠᠵᠢᠯᠯᠠᠭ᠎ᠠ ᠪᠠᠷ ᠬᠥᠮᠥᠨ ᠢ ᠬᠥᠮᠥᠵᠢᠭᠦᠯᠬᠦ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ᠂ ᠬᠠᠮᠢᠶᠠᠷᠤᠯᠲᠠ ᠪᠠᠷ ᠬᠥᠮᠥᠨ ᠢ ᠬᠥᠮᠥᠵᠢᠭᠦᠯᠬᠦ᠂ ᠬᠠᠮᠵᠢᠯᠴᠠᠨ ᠬᠥᠮᠥᠨ ᠢ ᠬᠥᠮᠥᠵᠢᠭᠦᠯᠬᠦ ᠶᠢ ᠭᠦᠨᠵᠡᠭᠡᠶᠢᠷᠡᠭᠦᠯᠦᠨ᠎ᠡ᠃ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠶᠣᠰᠣ ᠮᠣᠷᠠᠯ ᠤᠨ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠪᠤᠳᠠᠲᠦ ᠦᠷ᠎ᠡ ᠠᠰᠢᠭ ᠴᠢᠨᠠᠷ ᠢ ᠴᠢᠩᠭᠠᠳᠬᠠᠨ᠎ᠠ᠃      4᠂ ᠰᠤᠷᠭᠠᠨ ᠬᠥᠮᠦᠵᠢᠯ ᠤᠨ ᠣᠨᠣᠯᠵᠢᠬᠤᠨ᠂ ᠰᠢᠰᠲ᠋ᠧᠮᠵᠢ᠂ ᠳᠦᠷᠢᠮ᠂ ᠠᠭᠤᠯᠭ᠎ᠠ ᠪᠠ ᠠᠷᠭ᠎ᠠ ᠶᠢᠨ ᠰᠢᠨ᠎ᠡ ᠶᠢ ᠡᠭᠦᠳᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠢᠴᠢᠶᠡᠯ ᠤᠨ ᠲᠥᠰᠥᠯ ᠪᠠ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠬᠡ ᠣᠷᠣᠨᠴᠢ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠵᠢᠭᠠᠨ ᠰᠤᠷᠭᠠᠯᠲᠠ ᠳᠤ ᠣᠷᠣᠭᠤᠯᠵᠤ᠂ ᠦᠨᠳᠦᠰᠦᠲᠡᠨ ᠤ ᠮᠡᠳᠡᠯᠭᠡ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠤᠨᠤᠯ ᠢ ︽ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠣᠷᠣᠭᠤᠯᠬᠤ︾᠎ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠰᠤᠷᠤᠭᠴᠢᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠪᠠᠶᠢᠳᠠᠯ ᠳᠤᠨᠢ ᠲᠣᠬᠢᠷᠠᠭᠤᠯᠤᠨ ᠵᠢᠭᠠᠵᠤ᠂ ᠰᠡᠩᠬᠡᠷᠡᠭᠦᠯᠬᠦ ᠮᠠᠶ᠋ᠢᠭ ᠤᠨ᠂ ᠬᠠᠶᠢᠨ ᠰᠦᠪᠡᠭᠴᠢᠯᠡᠬᠦ ᠮᠠᠶ᠋ᠢᠭ ᠤᠨ᠂ ᠣᠷᠣᠯᠴᠠᠬᠤ ᠮᠠᠶ᠋ᠢᠭ ᠤᠨ᠂ ᠬᠤᠷᠰᠢᠬᠤ ᠮᠠᠶ᠋ᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠦᠨ᠎ᠡ᠃ ᠣᠨᠴᠠᠭᠠᠶ ᠠᠪᠢᠶᠠᠰ ᠴᠢᠳᠠᠪᠤᠷᠢ ᠲᠠᠢ ᠰᠤᠷᠤᠭᠴᠢᠳ ᠢ ᠬᠥᠮᠥᠵᠢᠭᠦᠯᠬᠦ ᠰᠢᠰᠲ᠋ᠧᠮ ᠢ ᠬᠠᠶᠢᠨ ᠰᠦᠪᠡᠭᠴᠢᠯᠡᠨ᠎ᠡ᠃ ᠰᠤᠷᠭᠠᠭᠤᠯᠢ ᠶᠢᠨ ᠬᠦᠷᠢᠶᠡᠨ ᠤ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠶᠢ ᠰᠦᠯᠵᠢᠶᠡᠨ ᠳᠡᠭᠡᠷ᠎ᠡ ᠨᠥᠯᠥᠭᠡᠯᠡᠬᠦ ᠶᠢ ᠲᠦᠯᠬᠢᠨ ᠠᠬᠢᠭᠤᠯᠵᠤ᠂ ᠠᠳᠠᠯᠢ ᠪᠤᠰᠤ ᠰᠤᠷᠤᠭᠴᠢᠳ ᠲᠤ ᠲᠣᠬᠢᠷᠠᠬᠤ ᠮᠡᠳᠡᠭᠡ ᠵᠠᠩᠭᠢᠵᠢᠯᠲᠠ ᠶᠢᠨ ᠪᠡᠶ᠎ᠡ ᠪᠠᠨ ᠳᠠᠭᠠᠭᠠᠵᠤ ᠰᠤᠷᠤᠯᠴᠠᠬᠤ ᠠᠷᠭ᠎ᠠ ᠮᠠᠶ᠋ᠢᠭ ᠢ ᠲᠦᠷᠭᠡᠪᠴᠢᠯᠡᠨ ᠬᠥᠭᠵᠢᠭᠦᠯᠵᠦ᠂ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃      5᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠬᠦ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠥᠮᠥᠨ ᠠᠮᠠ ᠶᠢᠨ ᠲᠥᠪᠯᠡᠷᠡᠨ ᠣᠷᠣᠵᠤ ᠢᠷᠡᠭᠰᠡᠨ ᠭᠠᠵᠠᠷ᠂ ᠬᠥᠳᠡᠭᠡ ᠲᠣᠰᠬᠤᠨ ᠤ ᠭᠠᠵᠠᠷ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠳᠤᠲᠠᠭᠤᠳᠠᠯ ᠢ ᠭᠤᠣᠯᠳᠠᠯᠭ᠎ᠠ ᠲᠠᠢ ᠪᠠᠷ ᠨᠥᠬᠦᠪᠦᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠥᠮᠦᠵᠢᠯ ᠢ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠨᠡᠶᠢᠲᠡᠯᠢᠭ ᠬᠡᠯᠡ ᠶᠢ ᠰᠤᠷᠴᠤ ᠡᠵᠡᠮᠰᠢᠬᠦ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤ ᠶᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠎ ᠠᠴᠠ ᠡᠷᠭᠢᠯᠡᠭᠰᠡᠨ ᠪᠠ ᠲᠦᠭᠡᠮᠡᠯ ᠬᠠᠷᠠᠭᠠᠯᠵᠠᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠪᠠᠯᠭᠠᠰᠤ ᠶᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠠᠯᠪᠠᠨ ᠎ ᠠᠴᠠ ᠡᠷᠭᠢᠯᠡᠭᠰᠡᠨ ᠪᠤᠶᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠎ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠢᠭᠯᠡᠯ ᠢ ᠦᠨᠡᠨᠬᠦ ᠪᠠᠲᠤᠯᠠᠨ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠡᠭᠡᠯᠢ ᠭᠤᠳᠤᠮᠵᠢ᠂ ᠲᠣᠰᠬᠤᠨ ᠤ ᠬᠠᠮᠲᠤ ᠪᠠᠷ ᠠᠯᠪᠠᠨ ᠎ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠡᠷᠭᠢᠯᠡᠬᠦ ᠶᠢ ᠵᠤᠷᠢᠭᠵᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠦᠷᠢᠨᠰᠢᠭᠦᠯᠵᠦ᠂ ᠠᠯᠪᠠᠨ ᠎ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠠᠷᠠᠳ ᠎ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠲᠦ ᠠᠰᠢᠭ ᠬᠥᠭᠡᠭᠡᠴᠡᠯᠳᠦᠬᠦ ᠦᠶᠯᠡ ᠠᠵᠢᠯᠯᠠᠭ᠎ᠠ ᠶᠢ ᠬᠤᠷᠢᠭᠯᠠᠨ᠎ᠠ᠃ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠶᠢ ᠴᠢᠬᠤᠯᠠᠴᠢᠯᠠᠵᠤ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠵᠣᠯᠭᠠᠭᠤᠯᠤᠨ ᠵᠢᠯᠤᠭᠤᠳᠬᠤ ᠶᠢ ᠰᠠᠶᠢᠲᠤᠷ ᠬᠢᠵᠦ᠂ ᠬᠡᠦᠬᠡᠳ ᠤᠨ ᠴᠡᠴᠡᠷᠯᠢᠭ ᠢ ︽ᠪᠠᠭ᠎ᠠ ᠰᠤᠷᠭᠠᠭᠤᠯᠢᠴᠢᠯᠠᠬᠤ︾ ᠲᠤᠰᠬᠠᠢ ᠵᠦᠢᠯ ᠢᠶᠠᠷ ᠵᠠᠰᠠᠬᠤ ᠶᠢ ᠦᠷᠭᠦᠯᠵᠢᠯᠡᠨ ᠥᠷᠨᠢᠭᠦᠯᠵᠦ᠂ ︽ᠪᠠᠭ᠎ᠠ ᠰᠤᠷᠭᠠᠭᠤᠯᠢᠴᠢᠯᠠᠬᠤ︾ ᠬᠠᠨᠳᠤᠰᠢ ᠶᠢ ᠡᠷᠡᠰ ᠲᠡᠪᠴᠢᠬᠦ ᠪᠠ ᠵᠠᠯᠠᠷᠠᠭᠤᠯᠵᠤ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      6᠂ ᠬᠤᠳᠠ ᠬᠥᠳᠡᠭᠡ ᠶᠢᠨ ᠠᠯᠪᠠᠨ ᠵᠢᠷᠤᠮ  ᠤᠨ ᠰᠤᠷᠭᠠᠨ ᠬᠥᠮᠦᠵᠢᠯ  ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠰᠤᠷᠭᠠᠭᠤᠯᠢ ᠶᠢᠨ ᠲᠣᠭᠲᠠᠭᠠᠯ ᠢ ᠨᠠᠶᠢᠳᠠᠪᠤᠷᠢᠵᠢᠭᠤᠯᠤᠨ᠂ ᠬᠤᠲᠠ ᠪᠠᠯᠭᠠᠰᠤ ᠶᠢᠨ ᠠᠯᠪᠠᠨ ᠎ ᠠᠴᠠ ᠡᠷᠭᠢᠯᠡᠭᠰᠡᠨ ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠲᠠ ᠶᠢ  ᠵᠦᠢ ᠵᠤᠬᠢᠰᠲᠠᠢ ᠢᠶᠠᠷ ᠦᠷᠭᠡᠳᠭᠡᠨ᠎ᠡ᠃ ᠬᠤᠲᠠ ᠪᠠᠯᠭᠠᠰᠤᠨ ᠤ ᠰᠤᠷᠤᠭᠴᠢ ᠣᠯᠠᠨᠲᠠᠢ ᠠᠩᠭᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠪᠠ ᠴᠢᠳᠠᠪᠤᠷᠢ ᠶᠢᠨ ᠳᠡᠭᠡᠭᠰᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠨᠠᠷᠢᠯᠢᠭ ᠤᠨᠤᠪᠴᠢᠲᠠᠢ ᠢᠶᠠᠷ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠡᠭᠲᠡᠢ ᠬᠡᠤᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠯᠭᠠᠬᠤ ᠦᠭᠡᠢ ᠪᠠᠷ ᠭᠡᠷ ᠠᠴᠠ ᠪᠠᠨ ᠣᠶᠢᠷᠠᠬᠠᠨ ᠰᠤᠷᠭᠠᠭᠤᠯᠢ ᠳᠤ ᠣᠷᠣᠭᠤᠯᠬᠤ ᠶᠢ ᠨᠡᠶᠢᠳᠡᠮ ᠬᠠᠮᠤᠷᠬᠤ ᠶᠢ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠵᠡᠷᠭᠡ ᠪᠠᠷ ᠰᠤᠷᠤᠭᠴᠢ ᠡᠯᠰᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠠ ᠶᠢ ᠵᠦᠢ ᠵᠤᠬᠢᠰᠲᠠᠢ ᠬᠢᠵᠠᠭᠠᠷᠯᠠᠨ᠎ᠠ᠃       7᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ  ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠬᠢᠴᠢᠶᠡᠯ ᠲᠥᠷᠥᠯ ᠤᠨ ᠠᠵᠢᠯ ᠤᠨ ᠬᠠᠷᠢᠴᠠᠯ ᠤᠨ ᠪᠦᠲᠦᠴᠡ ᠶᠢ ᠵᠦᠢ ᠵᠣᠬᠢᠰᠲᠠᠢ ᠲᠣᠭᠲᠠᠭᠠᠵᠤ᠂ ᠠᠵᠢᠯ ᠤᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯ ᠤᠨ ᠪᠡᠶᠡᠯᠡᠭᠳᠡᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠳᠠᠰᠬᠠᠯ ᠤᠨ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠭᠡᠷ ᠪᠦᠯᠢ ᠶᠢᠨ ᠪᠢᠴᠢᠭ ᠤᠨ ᠳᠠᠰᠬᠠᠯ ᠲᠣᠬᠢᠷᠠᠭᠤᠯᠬᠤ ᠦᠭᠡᠢ᠂ ᠭᠤᠷᠪᠠ ᠠᠴᠠ ᠵᠢᠷᠭᠤᠳᠤᠭᠠᠷ ᠣᠨ ᠤ ᠪᠢᠴᠢᠭ ᠤᠨ ᠳᠠᠰᠬᠠᠯ ᠢ ᠪᠡᠶᠡᠯᠡᠭᠦᠯᠬᠦ ᠳᠤᠮᠳᠠᠴᠢ ᠴᠠᠭ ᠢ 60 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 90 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠦᠬᠦᠨ ᠢ ᠬᠠᠮᠤᠷᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠪᠠᠲᠤᠯᠠᠨ᠂ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠥᠷᠨᠢᠭᠦᠯᠦᠨ᠎ᠡ᠃ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠪᠠᠭᠠᠴᠤᠳ ᠤᠨ ᠣᠷᠳᠣᠨ ︵ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠰᠠᠶᠢᠲᠤᠷ ᠪᠠᠳᠠᠷᠠᠭᠤᠯᠵᠤ᠂ ᠤᠳᠬ᠎ᠠ ᠤᠷᠠᠯᠢᠭ᠂ ᠪᠡᠶ᠎ᠡ ᠶᠢᠨ ᠲᠠᠮᠢᠷ᠂ ᠬᠥᠳᠡᠯᠮᠦᠷᠢ᠂ ᠨᠣᠮ ᠤᠩᠰᠢᠬᠤ᠂ ᠰᠡᠳᠬᠢᠴᠡ ᠶᠢᠨ ᠬᠠᠪᠰᠤᠷᠤᠨ ᠵᠢᠯᠤᠭᠤᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠷ᠎ᠠ ᠰᠣᠨᠢᠷᠬᠠᠯ ᠤᠨ ᠳᠤᠭᠤᠶᠢᠯᠠᠩ ᠵᠢᠴᠢ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠡᠯ᠎ᠡ ᠲᠥᠷᠥᠯ ᠤᠨ ᠳᠤᠷ᠎ᠠ ᠰᠣᠨᠢᠷᠬᠠᠯ ᠤᠨ ᠲᠤᠷᠰᠢᠯᠲᠠ ᠪᠠ ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠠᠪᠴᠠᠩ ᠢ ᠭᠦᠢᠴᠡᠳ ᠠᠰᠢᠭᠯᠠᠨ᠂ ︽ᠨᠠᠷᠠᠲᠤ ᠪᠠᠭᠰᠢ ᠶᠢᠨ ᠬᠠᠷᠠᠭᠠᠨ ᠬᠢᠵᠠᠭᠠᠷ︾᠎ ᠤᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠪᠠᠶᠠᠯᠢᠭᠵᠢᠭᠤᠯᠵᠤ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠡᠬᠢ ᠪᠠᠶᠠᠯᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠠᠬᠢᠭᠤᠯᠤᠨ᠎ᠠ᠃ ᠪᠠᠷᠢᠮᠵᠢᠶ᠎ᠠ ᠎ ᠠᠴᠠ ᠬᠡᠲᠦᠷᠡᠭᠦᠯᠦᠨ ᠪᠣᠯᠪᠠᠰᠤᠷᠠᠭᠤᠯᠬᠤ ᠶᠢ ᠴᠢᠩᠭ᠎ᠠ ᠴᠠᠭᠠᠵᠠᠯᠠᠵᠤ᠂ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠡᠷᠭᠢᠯᠡᠬᠦ ᠶᠢ ᠴᠢᠩᠭ᠎ᠠ ᠴᠠᠭᠠᠵᠠᠯᠠᠨ᠎ᠠ᠃      8᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠲᠦᠭᠡᠮᠡᠯᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠶᠢᠨ ᠬᠥᠮᠥᠨ ᠬᠥᠮᠥᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠷᠭᠡᠳᠬᠡᠵᠦ᠂ ᠥᠨᠳᠥᠷ ᠵᠡᠷᠭᠡ ᠶᠢᠨ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠪᠠ ᠰᠤᠷᠭᠠᠨ ᠬᠥᠮᠦᠵᠢᠯ ᠤᠨ ᠰᠠᠭᠤᠷᠢ ᠪᠠᠷ ᠪᠠᠭᠤᠷᠠᠢ ᠬᠤᠰᠢᠭᠤ ᠰᠢᠶᠠᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠥᠭᠡᠷᠡᠴᠢᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢᠨ ᠴᠢᠭᠯᠡᠯ ᠢ ᠪᠦᠬᠦᠯᠢ ᠴᠣᠭᠴᠠ ᠪᠠᠷ ᠨᠢ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠥᠨ ᠰᠣᠶᠣᠯ᠂ ᠪᠡᠶ᠎ᠡ ᠶᠢᠨ ᠲᠠᠮᠢᠷ ᠤᠷᠠᠯᠢᠭ᠂ ᠶᠡᠷᠦᠩᠬᠡᠶᠢᠯᠡᠭᠰᠡᠨ ᠵᠡᠷᠭᠡ ᠲᠣᠰ ᠲᠣᠰ ᠤᠨ ᠣᠨᠴᠠᠯᠢᠭ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠰᠤᠷᠤᠭᠴᠢᠳ ᠤᠨ ᠥᠪᠡᠷᠮᠢᠴᠡ᠂ ᠣᠯᠠᠨ ᠶᠠᠩᠵᠤ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠢᠶᠠᠷ ᠰᠤᠷᠭᠠᠭᠤᠯᠢ ᠡᠷᠬᠢᠯᠡᠬᠦ ᠶᠢ ᠲᠦᠪᠯᠡᠷᠡᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠩᠭᠤᠨ ᠰᠤᠷᠬᠤ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠥᠷᠭᠡᠴᠡ ᠭᠦᠨᠴᠡ ᠶᠢ ᠥᠷᠭᠡᠳᠬᠡᠵᠦ᠂ ᠬᠢᠴᠢᠶᠡᠯ ᠤᠨ ᠰᠣᠩᠭᠤᠯᠲᠠ ᠶᠢᠨ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ ᠪᠤᠳᠤᠯᠭ᠎ᠠ ᠶᠢ ᠨᠠᠶᠢᠲᠠᠪᠦᠷᠢᠵᠢᠭᠤᠯᠤᠨ ᠲᠤᠤᠱᠯᠠᠭᠤᠯᠤᠨ᠎ᠠ᠃      9᠂ ᠣᠨᠴᠠᠭᠠᠶ ᠬᠡᠦᠬᠡᠳ ᠪᠠᠭᠠᠴᠤᠳ ᠤᠨ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠪᠠᠲᠤᠯᠠᠨ᠎ᠠ᠃ ᠣᠨᠴᠠᠭᠠᠶ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠬᠤ ᠨᠠᠰᠤᠨ ᠤ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠷᠬᠦᠴᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠶᠠᠰᠤ ᠣᠨᠴᠣᠭᠤᠢ ᠰᠤᠷᠭᠠᠨ ᠬᠥᠮᠦᠵᠢᠯ ᠢ ᠰᠤᠷᠬᠤ ᠨᠠᠰᠤᠨ ᠠᠴᠠ ᠡᠮᠦᠨᠡᠬᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠭᠰᠠᠨ ᠵᠡᠮᠳᠡᠭᠴᠦᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ  ᠢ ᠲᠦᠷᠭᠡᠳᠬᠡᠨ ᠬᠥᠭᠵᠢᠭᠦᠯᠦᠨ᠎ᠡ᠃ ᠵᠡᠮᠳᠡᠭᠴᠦᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠰᠤᠷᠭᠠᠨ ᠬᠥᠮᠦᠵᠢᠯ ᠭᠥᠷᠳᠡᠬᠦ ᠴᠢᠳᠠᠪᠤᠷᠢ ᠲᠠᠢ ᠵᠡᠮᠳᠡᠭ ᠰᠣᠷᠣᠭᠴᠢ ᠡᠯᠰᠡᠬᠦ ᠶᠢ ᠵᠣᠷᠢᠭᠵᠢᠭᠤᠯᠤᠨ᠎ᠠ᠃ ᠥᠨᠥᠴᠢᠷᠡᠮᠡᠯ ᠭᠡᠮ ᠲᠠᠢ ᠬᠡᠦᠬᠡᠳ ᠢ ᠰᠤᠷᠭᠠᠨ ᠬᠥᠮᠥᠵᠢᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠪᠠ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ ᠶᠡᠬᠡᠪᠡᠷ ᠳᠡᠯᠭᠡᠷᠡᠭᠦᠯᠦᠨ᠎ᠡ᠃ ᠡᠮᠴᠢᠯᠡᠭᠡ ᠡᠷᠡᠭᠦᠯᠵᠢᠯ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠥᠭᠵᠢᠭᠦᠯᠵᠦ᠂ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ  ᠪᠠ ᠨᠥᠬᠦᠴᠡᠯ ᠲᠠᠢ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠵᠡᠮᠳᠡᠭ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠳᠤ ᠰᠤᠷᠬᠤ ᠨᠠᠰᠤᠨ ᠎ ᠠᠴᠠ ᠡᠮᠦᠨᠡᠬᠢ ᠬᠡᠰᠡᠭ ᠪᠤᠶᠤ ᠳᠠᠭᠠᠯᠳᠤᠭᠤᠯᠤᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠢ ᠨᠡᠶᠢᠳᠡᠮ ᠨᠡᠮᠡᠭᠳᠡᠭᠦᠯᠦᠨ᠎ᠡ᠃ ᠰᠢᠶᠠᠨ ᠤ ᠱᠠᠲᠤᠨ ᠤ ᠵᠡᠮᠳᠡᠭᠴᠦᠳ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠤᠯᠴᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠵᠡᠮᠳᠡᠭ ᠬᠡᠦᠬᠡᠳ ᠢ ᠲᠡᠩᠬᠡᠷᠡᠭᠦᠯᠦᠨ ᠲᠤᠰᠠᠯᠠᠵᠤ ᠪᠠᠲᠤᠯᠠᠬᠤ ᠠᠵᠢᠯ ᠢ ᠰᠠᠶᠢᠲᠤᠷ ᠬᠢᠨ᠎ᠡ᠃      10᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠡᠷᠡᠭᠴᠡᠭᠡ ᠪᠦᠬᠦᠢ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠶᠡᠬᠡᠪᠡᠷ  ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠎ ᠠᠴᠠ ᠰᠢᠯᠵᠢᠭᠰᠡᠨ ᠬᠥᠮᠥᠨ ᠠᠮᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠢ ᠡᠷᠬᠡ ᠲᠡᠭᠰᠢ ᠪᠠᠷ ᠡᠳᠡᠯᠡᠭᠦᠯᠦᠨ᠎ᠡ᠃ ᠬᠦᠰᠡᠯ ᠢᠨᠵᠧᠨᠧᠷᠢᠩ ᠤᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠨᠠᠷᠢᠯᠢᠭ ᠤᠨᠤᠪᠴᠢᠲᠠᠢ ᠢᠶᠠᠷ ᠲᠤᠰᠠᠯᠠᠬᠤ ᠠᠵᠢᠯ ᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠭᠠᠴᠤᠳ ᠬᠡᠦᠬᠡᠳ ᠢ ᠬᠠᠪᠰᠤᠷᠤᠨ ᠰᠤᠷᠤᠯᠭ᠎ᠠ ᠶᠢᠨ ᠣᠷᠴᠢᠨ ᠨᠥᠬᠦᠴᠡᠯ ᠢ ᠨᠢ ᠰᠢᠯᠢᠳᠡᠭᠵᠢᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠬᠠᠤᠯᠢ ᠪᠠᠷ ᠵᠠᠰᠠᠬᠤ ᠬᠥᠮᠦᠵᠢᠯ᠂ ᠠᠮᠤᠷ ᠲᠦᠪᠰᠢᠨ ᠤ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠪᠠᠶᠢᠷᠢ ᠳᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠬᠠᠩᠭᠠᠨ᠎ᠠ᠃      11᠂ ᠬᠡᠦᠬᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠨᠠᠰᠤᠨ ᠳᠤ ᠥᠯᠥ ᠭᠦᠷᠦᠭᠰᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠰᠤᠷᠬᠤ ᠨᠠᠰᠤᠨ ᠎ ᠠᠴᠠ ᠡᠮᠦᠨᠡᠬᠢ ᠰᠢᠨᠵᠢᠯᠡᠬᠦ ᠤᠬᠠᠭᠠᠨ ᠤ ᠰᠡᠬᠡᠭᠡᠷᠡᠭᠦᠯᠬᠦ ᠬᠥᠮᠦᠵᠢᠯ ᠢ ᠥᠷᠨᠢᠭᠦᠯᠦᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠢᠴᠢᠶᠡᠯ ᠤᠨ ᠪᠠᠷᠢᠮᠵᠢᠶ᠎ᠠ ᠪᠠ ᠬᠢᠴᠢᠶᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠴᠢᠶᠡᠯ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ᠰᠤᠷᠤᠭᠴᠢᠳ ᠤᠨ ᠡᠷᠳᠡᠮ ᠰᠤᠷᠬᠤ ᠬᠦᠰᠡᠯ ᠪᠠ ᠲᠥᠰᠥᠭᠡᠯᠡᠨ ᠪᠤᠳᠤᠬᠤ ᠴᠢᠳᠠᠪᠤᠷᠢ ᠶᠢ ᠬᠥᠭᠵᠢᠭᠡᠨ᠂ ᠬᠡᠦᠬᠡᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠵᠦ᠂ ᠰᠢᠨ᠎ᠡ ᠶᠢ ᠡᠭᠦᠳᠬᠦ ᠳᠠᠯᠳᠠ ᠴᠢᠨᠠᠷ ᠲᠠᠢ ᠰᠤᠷᠤᠭᠴᠢᠳ ᠤᠨ ᠥᠪᠡᠷᠮᠢᠴᠡ ᠬᠥᠭᠵᠢᠯᠲᠡ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠪᠠᠭᠠᠴᠤᠳ ᠤᠨ ᠣᠷᠳᠣᠨ ︵ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠰᠤᠷᠭᠠᠭᠤᠯᠢ ᠶᠢᠨ ᠭᠠᠳᠠᠨᠠᠬᠢ ᠲᠠᠯᠠᠪᠤᠷ ᠢ ᠠᠰᠢᠭᠯᠠᠨ ᠰᠤᠷᠭᠠᠭᠤᠯᠢ ᠶᠢᠨ ᠭᠠᠳᠠᠨᠠᠬᠢ ᠪᠠ ᠰᠤᠷᠭᠠᠭᠤᠯᠢ ᠶᠢᠨ ᠣᠷᠳᠣᠨ ᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ ᠴᠢᠬᠤᠯᠠᠴᠢᠯᠠᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ᠠᠵᠢᠯᠯᠠᠭᠠᠨ ᠤ ᠲᠠᠰᠤᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠭᠦᠷᠭᠡ ᠴᠢᠳᠠᠪᠤᠷᠢ ᠶᠢ ᠲᠦᠯᠬᠢᠨ ᠠᠬᠢᠭᠤᠯᠤᠨ᠎ᠠ᠃ ᠲᠤᠰᠬᠠᠢ ᠪᠠ ᠲᠤᠰᠢᠶᠠᠯ ᠬᠠᠪᠰᠤᠷᠭᠠᠭᠰᠠᠨ ᠰᠢᠨᠵᠢᠯᠡᠬᠦ ᠤᠬᠠᠭᠠᠨ ᠤ ᠪᠠᠭᠰᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃      12᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠨᠡᠯᠡᠯᠲᠡ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠵᠡᠯᠲᠡ ᠶᠢ ᠪᠤᠢ ᠪᠣᠯᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨᠴᠢ ᠦᠨᠡᠯᠡᠯᠲᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ ᠰᠣᠷᠣᠭᠴᠢ ᠶᠢᠨ ᠬᠥᠭᠵᠢᠯᠲᠡ ᠶᠢᠨ ᠶᠠᠰᠤ ᠴᠢᠨᠠᠷ ᠢ ᠦᠨᠡᠯᠡᠬᠦ ᠪᠠᠷᠢᠮᠵᠢᠶ᠎ᠠ ᠶᠢ ᠨᠠᠶᠢᠲᠠᠪᠦᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠵᠡᠷᠭᠡ ᠳᠡᠰ ᠤᠨ ᠦᠨᠡᠯᠡᠨ ᠵᠢᠱᠢᠯᠲᠡ ᠶᠢ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠢᠨᠠᠨ ᠬᠡᠮᠵᠢᠭᠰᠡᠨ ᠦᠷ᠎ᠡ ᠳ᠋ᠦᠩ ‍ᠦᠨ‌ᠠᠳᠠᠯᠢ ᠪᠤᠰᠤ ᠪᠡᠶᠡᠴᠢ ᠴᠣᠭᠴᠠ ᠪᠠ ᠠᠳᠠᠯᠢ ᠪᠤᠰᠤ ᠰᠤᠷᠤᠯᠭ᠎ᠠ ᠶᠢᠨ ᠱᠠᠲᠤ᠂ ᠠᠳᠠᠯᠢ ᠪᠤᠰᠤ ᠲᠦᠷᠦᠯ ᠬᠡᠯᠪᠡᠷᠢ ᠶᠢᠨ ᠰᠤᠷᠭᠠᠨ ᠬᠥᠮᠦᠵᠢᠯ ᠤᠨ ᠣᠨᠴᠠᠯᠢᠭ ᠲᠤ ᠴᠢᠭᠯᠡᠭᠦᠯᠦᠨ᠂ ᠦᠷ᠎ᠡ ᠳ᠋ᠦᠩ ᠤᠨ ᠦᠨᠡᠯᠡᠯᠲᠡ ᠶᠢ ᠰᠠᠶᠢᠵᠢᠷᠠᠭᠤᠯᠵᠤ᠂ ᠶᠠᠪᠤᠴᠠ ᠶᠢᠨ ᠦᠨᠡᠯᠡᠯᠲᠡ ᠶᠢ ᠴᠢᠩᠭᠠᠳᠬᠠᠵᠤ᠂ ᠦᠷᠳᠡᠭ ᠨᠡᠮᠡᠭᠳᠡᠯ ᠤᠨ ᠦᠨᠡᠯᠡᠯᠲᠡ ᠶᠢ ᠬᠠᠶᠢᠨ ᠰᠦᠪᠡᠭᠴᠢᠯᠡᠵᠦ᠂ ᠶᠡᠷᠦᠩᠬᠡᠶᠢᠯᠡᠭᠰᠡᠨ ᠦᠨᠡᠯᠡᠯᠲᠡ ᠶᠢ ᠪᠦᠷᠢᠨᠰᠢᠭᠦᠯᠵᠦ᠂ ᠬᠤᠪᠢ ᠶᠢ ᠯᠠ ᠬᠥᠭᠡᠭᠡᠴᠡᠯᠳᠦᠬᠦ᠂ ᠰᠤᠷᠭᠠᠭᠤᠯᠢ ᠳᠡᠪᠰᠢᠬᠦ ᠶᠢ ᠯᠡ ᠡᠷᠬᠢᠮᠯᠡᠬᠦ ᠬᠠᠨᠳᠤᠰᠢ ᠶᠢ ᠲᠡᠪᠴᠢᠨ᠎ᠡ᠃ ᠰᠤᠷᠤᠭᠴᠢᠳ ᠤᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠪᠠ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠳᠦᠷᠢᠮ ᠢ ᠴᠢᠩᠭ᠎ᠠ ᠨᠠᠶᠢᠲᠠᠪᠦᠷᠢᠵᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠲᠠᠢ ᠤᠶᠠᠯᠳᠤᠭᠤᠯᠤᠭᠰᠠᠨ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠵᠦ᠂ ᠰᠢᠯᠢᠳᠡᠭ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠨ ᠲᠤᠬᠢᠷᠠᠭᠤᠯᠬᠤ ᠶᠢ ᠨᠠᠶᠢᠲᠠᠪᠦᠷᠵᠢᠭᠤᠯᠤᠨ᠎ᠠ᠃      13᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠬᠠᠮᠰᠠᠷ ᠎ ᠠᠴᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠶᠢ ᠰᠠᠬᠢᠨ ᠪᠠᠲᠤᠯᠠᠨ᠎ᠠ᠃ ᠪᠠᠭᠰᠢ ᠶᠢᠨ ᠣᠷᠣᠬᠤ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ᠂ ᠪᠠᠭᠰᠢ ᠶᠢᠨ ᠪᠦᠲᠦᠴᠡ ᠶᠢᠨ ᠴᠢᠨᠠᠷᠲᠠᠢ᠂ ᠱᠠᠲᠤ ᠦᠶᠡᠴᠢ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠠᠭᠰᠢ ᠨᠠᠷ ᠤᠨ ᠪᠣᠯᠪᠠᠰᠤᠷᠠᠯ ᠢ ᠴᠢᠩᠭᠠᠳᠬᠠᠵᠤ᠂ ᠵᠢᠭᠠᠨ ᠰᠤᠷᠭᠠᠬᠤ ᠦᠨᠳᠦᠰᠦᠨ ᠪᠣᠯᠪᠠᠰᠤᠷᠠᠯ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ ᠡᠨᠡᠷᠢᠩᠭᠦᠢ ᠰᠡᠳᠬᠢᠯ ᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠤᠢ ᠪᠣᠯᠭᠠᠨ᠎ᠠ᠃ ᠤᠨᠴᠠᠭᠠᠢ ᠰᠤᠷᠭᠠᠨ ᠬᠥᠮᠦᠵᠢᠯ ᠤᠨ ᠪᠠᠭᠰᠢ ᠶᠢᠨ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠪᠠ ᠣᠯᠭᠤᠮᠵᠢ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃      14᠂ ᠠᠷᠠᠳᠴᠢᠯᠠᠯ ᠲᠠᠢ᠂ ᠪᠣᠯᠪᠠᠰᠤᠨ᠂ ᠡᠶ᠎ᠡ ᠵᠣᠬᠢᠴᠠᠯ ᠲᠠᠢ᠂ ᠡᠷᠬᠡ ᠲᠡᠭᠰᠢ ᠣᠷᠴᠢᠨ ᠲᠣᠭᠤᠷᠢᠨ ᠳᠤ ᠨᠥᠬᠦᠷᠰᠡᠭ ᠬᠡᠯᠪᠡᠷᠢ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠰᠤᠷᠭᠠᠭᠤᠯᠢ ᠶᠢᠨ ᠰᠤᠷᠲᠠᠯ᠂ ᠵᠢᠭᠠᠨ ᠰᠤᠷᠭᠠᠬᠤ ᠰᠤᠷᠲᠠᠯ᠂ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠳᠦᠷᠢᠮ᠂ ᠰᠤᠷᠭᠠᠭᠤᠯᠢ ᠶᠢᠨ ᠲᠡᠦᠬᠡ ᠪᠠ ᠴᠢᠬᠤᠯᠠ ᠵᠠᠩᠭᠢᠯᠠᠭ᠎ᠠ ᠶᠢᠨ ᠴᠡᠭ ᠵᠡᠷᠭᠡ ᠶᠢ ᠠᠰᠢᠭᠯᠠᠨ ᠢᠳᠡᠪᠬᠢᠲᠡᠢ ᠪᠠᠷ ᠥᠭᠡᠳᠡᠯᠡᠨ ᠲᠠᠪᠰᠢᠭᠰᠠᠨ᠂ ᠡᠷᠡᠭᠦᠯ ᠰᠠᠷᠠᠭᠤᠯ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠣᠶᠢᠵᠢᠭᠤᠯᠤᠨ ᠪᠠᠶᠠᠯᠢᠭᠵᠢᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠠᠭᠰᠢ ᠪᠠᠨ ᠬᠦᠨᠳᠦᠯᠡᠵᠦ ᠰᠤᠷᠤᠭᠴᠢ ᠪᠠᠨ ᠬᠠᠶᠢᠷᠠᠯᠠᠬᠤ ᠪᠠᠭᠰᠢ ᠰᠤᠷᠤᠭᠴᠢ ᠶᠢᠨ ᠬᠠᠷᠢᠴᠠᠭ᠎ᠠ ᠪᠠ ᠪᠦᠯᠬᠦᠮᠳᠡᠯ ᠲᠠᠢ ᠨᠥᠬᠦᠷᠰᠡᠭ ᠳᠣᠲᠣᠨᠣ ᠬᠠᠮᠲᠤ ᠰᠤᠷᠤᠭᠴᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠰᠤᠷᠤᠭᠴᠢᠳ ᠤᠨ ᠰᠤᠷᠭᠠᠭᠤᠯᠢ ᠶᠢᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ ᠪᠠᠲᠤᠯᠠᠨ᠎ᠠ᠃ ᠰᠤᠷᠭᠠᠭᠤᠯᠢ ᠶᠢᠨ ᠬᠦᠷᠢᠶᠡᠨ ᠤ ᠣᠷᠴᠢᠨ ᠠᠬᠤᠢ ᠶᠢ ᠭᠤᠶᠣᠯᠠᠨ ᠴᠢᠮᠡᠵᠦ᠂ ᠰᠤᠷᠤᠭᠴᠢᠳ ᠤᠨ ᠰᠤᠷᠤᠯᠴᠠᠯᠭ᠎ᠠ᠂ ᠠᠮᠢᠳᠤᠷᠠᠯ ᠤᠨ ᠨᠥᠬᠦᠴᠡᠯ ᠢ ᠰᠢᠯᠢᠳᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠷᠰᠢ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠤᠷᠤᠭᠴᠢᠳ ᠲᠤ ᠠᠶᠤᠯᠭᠦᠢ ᠤᠤᠭᠤᠬᠤ ᠤᠰᠤ᠂ ᠠᠷᠢᠭᠤᠨ ᠴᠡᠪᠡᠷ ᠵᠣᠷᠯᠣᠩ ᠪᠠ ᠪᠡᠶ᠎ᠡ ᠶᠢᠨ ᠥᠨᠳᠥᠷ ᠲᠤ ᠲᠣᠬᠢᠷᠠᠭᠰᠠᠨ ᠬᠢᠴᠢᠶᠡᠯ ᠤᠨ ᠰᠢᠷᠡᠭᠡ ᠰᠠᠨᠳᠠᠯᠢ ᠬᠠᠩᠭᠠᠵᠤ᠂ ᠰᠤᠷᠭᠠᠭᠤᠯᠢ ᠶᠢᠨ ᠬᠤᠭᠤᠯᠠ ᠢᠳᠡᠬᠦ ᠪᠠ ᠰᠤᠷᠤᠭᠴᠢᠳ ᠤᠨ ᠪᠠᠶᠢᠷᠢ ᠳᠤ ᠰᠠᠭᠤᠬᠤ ᠨᠥᠬᠦᠴᠡᠯ ᠢ ᠰᠠᠶᠢᠵᠢᠷᠠᠭᠤᠯᠤᠨ᠎ᠠ᠃      15᠂ ᠰᠤᠷᠭᠠᠭᠤᠯᠢ ᠶᠢᠨ ᠰᠤᠷᠭᠠᠨ ᠬᠥᠮᠦᠵᠢᠯ ᠢ ᠭᠡᠷ ᠪᠦᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠪᠤᠭᠤᠲᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠴᠤ ᠳᠡᠭᠡᠭᠰᠢᠯᠡᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ︽ᠰᠤᠷᠬᠤ ᠨᠠᠰᠤᠨ ᠎ ᠠᠴᠠ ᠡᠮᠦᠨᠡᠬᠢ ᠱᠠᠲᠤ ᠦᠶ᠎ᠡ᠂ ᠪᠠᠭ᠎ᠠ ᠰᠤᠷᠭᠠᠭᠤᠯᠢ ᠶᠢᠨ ᠱᠠᠲᠤ ᠦᠶ᠎ᠡ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ᠂ ᠤᠨᠴᠠᠭᠠᠢ ᠬᠡᠦᠬᠡᠳ︾ ᠵᠡᠷᠭᠡ ᠲᠠᠪᠤᠨ ᠲᠠᠰ ᠳᠠᠪᠬᠤᠷᠭ᠎ᠠ ᠶᠢᠨ ᠲᠥᠷᠥᠯ ᠢᠯᠭᠠᠯ ᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠠᠬᠢᠭᠤᠯᠤᠨ᠎ᠠ᠃ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠤᠨ ᠠᠬᠠᠮᠠᠳ ᠤᠨ ᠰᠤᠷᠭᠠᠭᠤᠯᠢ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠰᠤᠷᠭᠠᠭᠤᠯᠢ ᠪᠠᠶᠢᠭᠤᠯᠤᠭᠰᠠᠨ ᠨᠣᠷᠮ᠎ᠠ ᠶᠢ 100%᠎ ᠳᠤ ᠬᠦᠷᠦᠭᠦᠯᠦᠨ᠎ᠡ᠃ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠭᠡᠮ ᠤᠨ ᠳᠡᠮᠵᠢᠯᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠲᠠᠪᠴᠠᠩ ᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ᠂ ᠭᠡᠷ ᠤᠨ ᠠᠬᠠᠮᠠᠳ ᠤᠨ ᠵᠥᠪᠯᠡᠯ᠂ ᠭᠡᠷ ᠤᠨ ᠠᠬᠠᠮᠠᠳ ᠤᠨ ᠬᠤᠷᠠᠯ ᠵᠡᠷᠭᠡ ᠠᠷᠭ᠎ᠠ ᠵᠠᠮ ᠢᠶᠠᠷ ᠭᠡᠷ ᠪᠦᠯᠢ᠂ ᠰᠤᠷᠭᠠᠭᠤᠯᠢ᠂ ᠬᠤᠷᠰᠢᠶ᠎ᠠ ᠶᠢᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠭᠡᠷ ᠪᠦᠯᠢ ᠶᠢᠨ ᠬᠥᠮᠦᠵᠢᠯ ᠤᠨ ᠲᠤᠷᠰᠢᠯᠭ᠎ᠠ ᠶᠢ ᠳᠡᠯᠭᠡᠷᠡᠭᠦᠯᠵᠦ᠂ ᠪᠠᠭᠰᠢ ᠶᠢᠨ ᠭᠡᠷ ᠤᠨ ᠰᠣᠷᠪᠤᠯᠵᠢᠯᠠᠭ᠎ᠠ ᠶᠢ ᠳᠦᠷᠢᠮᠵᠢᠭᠦᠯᠬᠦ ᠪᠠ ᠪᠠᠶᠢᠩᠭᠤᠵᠢᠭᠤᠯᠬᠤ ᠶᠢ ᠠᠬᠢᠭᠤᠯᠤᠨ᠎ᠠ᠃ ᠨᠡᠶᠢᠭᠡᠮ ᠤᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠲᠠᠯᠠᠪᠤᠷ ᠭᠠᠵᠠᠷ᠂ ᠪᠡᠯᠡᠳᠬᠡᠮᠵᠢ ᠪᠠ ᠡᠩᠨᠡᠭᠡ ᠵᠡᠷᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠤᠨ᠂ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠤᠷᠠᠯᠢᠭ᠂ ᠬᠥᠳᠡᠯᠮᠦᠷᠢ ᠵᠡᠷᠭᠡ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠡᠳᠦᠷ ᠲᠤᠲᠤᠮ ᠤᠨ ᠠᠮᠢᠳᠤᠷᠠᠯ ᠤᠨ ᠬᠥᠳᠡᠯᠮᠦᠷᠢ᠂ ᠦᠢᠯᠡᠳᠪᠦᠷᠢᠯᠡᠯ ᠬᠥᠳᠡᠯᠮᠦᠷᠢ᠂ ᠲᠤᠰᠬᠠᠢ ᠰᠡᠳᠦᠪᠲᠦ ᠪᠠᠶᠢᠴᠠᠭᠠᠯᠲᠠ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠤᠭᠴᠢᠳ ᠢ ᠬᠠᠪᠰᠤᠷᠤᠨ ᠤᠯᠤᠰ ᠤᠨ ᠪᠠᠶᠢᠳᠠᠯ᠂ ᠨᠡᠶᠢᠭᠡᠮ ᠤᠨ ᠪᠠᠶᠢᠳᠠᠯ᠂ ᠠᠷᠠᠳ ᠤᠨ ᠪᠠᠶᠢᠳᠠᠯ ᠢ ᠭᠦᠨᠵᠡᠭᠡᠢ ᠣᠶᠢᠯᠠᠭᠠᠭᠤᠯᠤᠨ᠎ᠠ᠃ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠮᠥᠨ ᠬᠥᠮᠥᠵᠢᠭᠦᠯᠬᠦ ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      (ᠳᠦᠷᠪᠡ) ᠬᠡᠦᠬᠡᠳ ᠬᠢᠭᠡᠳ ᠠᠰᠠᠷᠠᠮᠵᠢ      ᠭᠤᠣᠯ ᠬᠠᠷᠠᠯᠲᠠ᠄      1᠂ ᠬᠡᠦᠬᠡᠳ ᠤᠨ ᠠᠰᠠᠷᠠᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠵᠣᠬᠢᠬᠤ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠬᠡᠦᠬᠡᠳ ᠤᠨ ᠠᠰᠠᠷᠠᠮᠵᠢ ᠶᠢᠨ ᠳᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃      2᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠪᠠ ᠠᠳᠠᠯᠢ ᠪᠤᠰᠤ ᠬᠠᠮᠲᠤᠯᠢᠭ ᠤᠨ ᠬᠡᠦᠬᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠡᠷᠬᠡ ᠲᠡᠭᠰᠢ ᠪᠠᠷ ᠬᠠᠩᠭᠠᠨ᠎ᠠ᠃      3᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠡᠦᠬᠡᠳ ᠤᠨ ᠦᠨᠳᠦᠰᠦᠨ ᠡᠮᠴᠢᠯᠡᠭᠡᠨ ᠤ ᠡᠷᠬᠡ ᠠᠰᠢᠭ ᠢ ᠪᠠᠲᠤᠯᠠᠨ᠎ᠠ᠃      4᠂ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠪᠦᠷᠢᠨ ᠪᠦᠲᠦᠨ ᠳᠡᠮᠵᠢᠬᠦ ᠰᠢᠰᠲ᠋ᠧᠮᠵᠢ ᠶᠢ ᠪᠠᠶᠢᠭᠤᠯᠤᠨ᠎ᠠ᠃      5᠂ ᠨᠡᠶᠢᠳᠡᠮ ᠬᠠᠷᠠᠭᠠᠯᠵᠠᠬᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠ ᠪᠠᠶᠢᠷᠢ ᠰᠠᠭᠠᠲᠠᠭᠤᠯᠬᠤ ᠲᠤᠭ᠎ᠠ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠦᠨ᠎ᠡ᠃      6᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠵᠡᠮᠳᠡᠭ ᠬᠡᠦᠬᠡᠳ᠂ ᠲᠡᠨᠦᠭᠦᠯ ᠬᠡᠦᠬᠡᠳ ᠤᠨ ᠣᠷᠣᠰᠢᠨ ᠲᠣᠭᠲᠠᠨᠢᠬᠤ᠂ ᠬᠥᠭᠵᠢᠬᠦ ᠪᠠ ᠠᠮᠤᠷ ᠲᠦᠪᠰᠢᠨ ᠤ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃      7᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠭᠦᠳᠡᠯ ᠬᠡᠦᠬᠡᠳ ᠤᠨ ᠦᠢᠯᠡᠴᠢᠯᠡᠭᠡᠨ ᠤ ᠲᠣᠭᠲᠠᠴᠠ ᠶᠢ ᠨᠠᠩ ᠪᠦᠷᠢᠨᠰᠢᠭᠦᠯᠦᠨ᠎ᠡ᠃      8᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠪᠦᠯᠢ ᠶᠢᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      9᠂ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ᠂ ᠠᠯᠪᠠᠳᠠᠯᠭ᠎ᠠ ᠪᠠᠷ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠬᠦᠬᠦ᠂ ᠬᠠᠷᠠᠭᠠᠯᠵᠠᠨ ᠬᠠᠮᠠᠭᠠᠯᠠᠵᠤ ᠭᠠᠷ ᠲᠦᠷᠦᠭᠦ ︽ᠲᠠᠪᠤ ᠶᠢ ᠨᠢᠭᠡ ᠴᠣᠭᠴᠠᠵᠢᠭᠤᠯᠬᠤ︾ ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠪᠦᠲᠦᠮᠵᠢᠲᠡᠢ ᠠᠵᠢᠯᠯᠠᠭᠤᠯᠤᠨ᠎ᠠ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠠᠵᠢᠯ ᠤᠨ ᠦᠷᠳᠡᠭᠡ ᠪᠠᠶᠢᠭᠤᠯᠬᠤ ᠪᠤᠶᠤ ᠲᠤᠰᠬᠠᠢ ᠠᠵᠢᠯᠲᠠᠨ ᠵᠢᠭᠠᠨ ᠲᠣᠭᠲᠠᠭᠠᠵᠤ᠂ ᠨᠠᠰᠤᠨ ᠳᠤ ᠦᠯᠤ ᠬᠥᠷᠦᠭᠰᠡᠳ ᠤᠨ ᠬᠤᠯᠪᠣᠭᠳᠠᠯ ᠪᠦᠬᠦᠢ ᠬᠡᠷᠡᠭ ᠶᠠᠪᠤᠳᠠᠯ ᠢ ᠴᠠᠭ ᠲᠤᠬᠠᠢ ᠲᠤᠨᠢ ᠭᠦᠢᠴᠡᠳᠭᠡᠨ᠎ᠡ᠃      10᠂ ᠦᠨᠳᠦᠰᠦᠨ ᠱᠠᠲᠤᠨ ᠤ ᠬᠡᠦᠬᠡᠳ  ᠤᠨ ᠠᠰᠠᠷᠠᠮᠵᠢ ᠶᠢᠨ ᠠᠵᠢᠯ ᠤᠨ ᠵᠢᠭᠰᠠᠭᠠᠯ ᠤᠨ ᠭᠠᠵᠠᠷ ᠪᠣᠯᠣᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃      11᠂ ᠬᠡᠦᠬᠡᠳ ᠲᠤ ᠦᠢᠯᠡᠴᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠡᠦᠬᠡᠳ ᠤᠨ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠡᠩᠨᠡᠭᠡ ᠶᠢ ᠢᠯᠡᠳᠲᠡ  ᠪᠤᠵᠠᠭᠠᠶᠢᠷᠠᠭᠤᠯᠤᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠪᠠ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠲᠣᠬᠢᠷᠠᠯᠴᠠᠭᠰᠠᠨ᠂ ᠬᠡᠦᠬᠡᠳ ᠤᠨ ᠬᠡᠷᠡᠭᠴᠡᠭᠡ ᠯᠦᠭᠡ ᠲᠣᠬᠢᠷᠠᠯᠴᠠᠭᠰᠠᠨ᠂ ᠬᠠᠮᠢᠶ᠎ᠠ ᠪᠦᠬᠦᠢ ᠠᠰᠠᠷᠠᠮᠵᠢ ᠶᠢᠨ ᠳᠦᠷᠢᠮ ᠯᠦᠭᠡ ᠬᠠᠷᠢᠯᠴᠠᠨ ᠵᠣᠯᠭᠠᠯᠳᠤᠭᠰᠠᠨ ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠬᠡᠦᠬᠡᠳ ᠤᠨ ᠠᠰᠠᠷᠠᠮᠵᠢ ᠶᠢᠨ ᠳᠦᠷᠢᠮ ᠤᠨ ᠰᠢᠰᠲ᠋ᠧᠮ ᠢ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠡᠦᠬᠡᠳ ᠤᠨ ᠠᠰᠠᠷᠠᠮᠵᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠡᠦᠬᠡᠳ ᠤᠨ ᠠᠰᠠᠷᠠᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠡᠦᠬᠡᠳ ᠤᠨ ᠠᠰᠠᠷᠠᠮᠵᠢ ᠶᠢᠨ ᠵᠦᠢᠯᠡᠰ ᠢ ᠨᠡᠮᠡᠭᠳᠡᠭᠦᠯᠵᠦ᠂ ᠬᠡᠦᠬᠡᠳ ᠤᠨ ᠠᠰᠠᠷᠠᠮᠵᠢ ᠵᠢᠨ‌‍ᠬᠦ᠋ᠴᠢᠷᠳᠡᠯ ᠳᠤ ᠲᠤᠯᠭᠠᠷᠠᠭᠰᠠᠨ ᠬᠡᠦᠬᠡᠳ ᠢ ᠲᠥᠷᠥᠯ ᠬᠤᠪᠢᠶᠠᠨ ᠪᠠᠲᠤᠯᠠᠬᠤ ᠶᠢ ᠰᠢᠯᠢᠳᠡᠭᠵᠢᠭᠦᠯᠵᠦ᠂ ᠳᠦᠷᠢᠮ ᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠲᠦᠷ ᠴᠠᠭ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠢ ᠪᠠᠶᠢᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠡᠦᠬᠡᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠎ᠠ᠃      2᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠ ᠬᠦᠷᠦᠯᠴᠡᠬᠦᠶᠢᠴᠡ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠦᠬᠡᠳ ᠤᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠰᠠᠷᠠᠮᠵᠢ ᠶᠢᠨ ᠪᠠᠲᠤᠯᠠᠭ᠎ᠠ ᠶᠢᠨ ᠵᠦᠢᠯᠡᠰ ᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ ᠤᠷᠢᠳᠠᠪᠠᠷ ᠣᠷᠣᠭᠤᠯᠵᠤ᠂ ᠦᠢᠯᠡᠴᠢᠯᠡᠭᠡ ᠶᠢ ᠤᠶᠤᠨᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠦᠬᠡᠳ ᠲᠤ ᠬᠠᠨᠳᠤᠭᠤᠯᠤᠭᠰᠠᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠪᠠᠭᠤᠷᠠᠢ ᠭᠤᠭᠴᠤᠭ᠎ᠠ᠂ ᠣᠨᠴᠠᠭᠠᠶ ᠬᠡᠦᠬᠡᠳ ᠤᠨ ᠬᠠᠮᠲᠤᠯᠢᠭ ᠲᠡᠶᠢᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ᠂ ᠬᠡᠦᠬᠡᠳ ᠤᠨ ᠰᠡᠷᠭᠡᠶᠢᠯᠡᠬᠦ ᠲᠠᠷᠢᠯᠭ᠎ᠠ᠂ ᠡᠷᠦᠬᠡ ᠠᠮᠠ ᠶᠢᠨ ᠳᠠᠩᠰᠠᠯᠠᠯᠲᠠ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠵᠡᠷᠭᠡ ︽ᠬᠥᠩᠭᠡᠵᠢᠯᠲᠡ ᠶᠢᠨ ᠨᠢᠭᠡ ᠶᠠᠪᠤᠳᠠᠯ︾᠎ ᠢ ᠬᠠᠮᠲᠤᠷᠠᠨ ᠭᠦᠢᠴᠡᠳᠬᠡᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠲᠣᠭᠤᠷᠢᠨ ᠦᠵᠡᠬᠦ ᠪᠢᠯᠧᠲ ᠤᠨ ᠦᠨ᠎ᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠠᠰᠤᠨ ᠤ ᠪᠠᠷᠢᠮᠵᠢᠶ᠎ᠠ ᠶᠢ ᠲᠡᠷᠢᠭᠦᠨ ᠳᠤ ᠲᠠᠯᠪᠢᠬᠤ᠂ ᠪᠡᠶ᠎ᠡ ᠶᠢᠨ ᠥᠨᠳᠥᠷ ᠤᠨ ᠪᠠᠷᠢᠮᠵᠢᠶ᠎ᠠ ᠪᠠᠷ ᠨᠥᠬᠦᠪᠦᠷᠢᠯᠡᠬᠦ ᠬᠡᠦᠬᠡᠳ ᠤᠨ ᠪᠧᠯᠲ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠤᠨ᠎ᠠ᠃      3᠂ ᠬᠡᠦᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ  ᠢ ᠰᠠᠶᠢᠲᠤᠷ ᠬᠢᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠭᠤᠷᠪᠠᠨ ᠳᠠᠪᠬᠤᠷ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠬᠡᠦᠬᠡᠳ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠡᠦᠬᠡᠳ ᠢᠯᠠᠩᠭᠤᠶ᠎ᠠ ᠣᠷᠣᠯᠭ᠎ᠠ ᠪᠠᠭᠠᠲᠠᠢ ᠭᠡᠷ ᠪᠦᠯᠢ ᠶᠢᠨ ᠬᠡᠦᠬᠡᠳ ᠢ ᠳᠠᠭᠠᠳᠬᠠᠯ ᠳᠤ ᠣᠷᠣᠭᠤᠯᠬᠤ ᠠᠵᠢᠯ ᠢ ᠰᠠᠶᠢᠲᠤᠷ ᠬᠢᠨ᠎ᠡ᠃ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠬᠦ ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ᠂ ᠬᠡᠦᠬᠡᠳ ᠲᠤ ᠬᠤᠪᠣᠷ ᠲᠣᠬᠢᠶᠠᠯᠳᠤᠬᠤ ᠡᠪᠡᠳᠴᠢᠨ ᠢ ᠡᠮᠨᠡᠨ ᠵᠠᠰᠠᠬᠤ ᠡᠮ ᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠲᠡᠩᠬᠡᠷᠡᠭᠦᠯᠦᠨ ᠲᠤᠰᠠᠯᠠᠬᠤ ᠨᠥᠬᠦᠴᠡᠯ ᠲᠤ ᠨᠡᠶᠢᠴᠡᠬᠦ ᠭᠡᠷ ᠪᠦᠯᠢ ᠶᠢᠨ ᠠᠵᠤ ᠠᠬᠤᠢ ᠨᠢ ᠬᠦᠴᠢᠷᠳᠡᠯ ᠲᠠᠢ ᠡᠪᠡᠳᠴᠢᠨ ᠲᠠᠢ ᠬᠡᠦᠬᠡᠳ ᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠲᠥᠷᠥᠯ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠢᠯᠴᠠᠨ ᠨᠥᠬᠦᠪᠦᠷᠢᠯᠡᠬᠦ ᠶᠢ ᠵᠣᠯᠭᠠᠭᠤᠯᠬᠤ ᠶᠢ ᠠᠬᠢᠭᠤᠯᠵᠤ᠂ ᠨᠢᠭᠦᠯᠡᠰᠦᠩᠭᠦᠢ ᠶᠢᠨ ᠡᠮᠴᠢᠯᠡᠭᠡᠨ ᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠯᠡᠨ ᠳᠠᠶᠢᠴᠢᠯᠠᠵᠤ᠂ ᠡᠮᠴᠢᠯᠡᠭᠡᠨ ᠤ ᠬᠠᠷᠢᠯᠴᠠᠨ ᠲᠤᠰᠠᠯᠠᠯᠴᠠᠬᠤ ᠡᠮᠬᠢ ᠵᠢᠷᠤᠮ ᠲᠠᠢ ᠬᠥᠭᠵᠢᠬᠦ ᠶᠢ ᠳᠡᠮᠵᠢᠵᠦ᠂ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠦ ᠶᠢ ᠵᠦᠢ ᠵᠤᠬᠢᠰᠲᠠᠢ ᠪᠠᠭᠠᠰᠬᠠᠨ᠎ᠠ᠃      4᠂ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠭᠤᠯᠠ ᠤᠮᠳᠠ ᠶᠢᠨ ᠵᠠᠷᠤᠳᠠᠯ ᠢ ᠬᠤᠪᠢᠶᠠᠨ ᠳᠠᠭᠠᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠬᠦᠳᠡᠯᠦᠩᠭᠦᠢ ᠢᠶᠠᠷ ᠲᠤᠰᠠᠯᠠᠮᠵᠢ ᠶᠢᠨ ᠪᠠᠷᠢᠮᠵᠢᠶ᠎ᠠ ᠶᠢ ᠲᠤᠬᠢᠷᠠᠭᠤᠯᠤᠨ᠎ᠠ᠃ ᠪᠥᠬᠦ ᠦᠶᠡᠯᠡᠯ ᠤᠨ ᠬᠤᠭᠤᠴᠠᠭᠠᠨ ᠳᠠᠬᠢ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠬᠡᠦᠬᠡᠳ ᠤᠨ ᠬᠤᠭᠤᠴᠠᠭ᠎ᠠ ᠪᠠ ᠰᠤᠷᠬᠤ ᠨᠠᠰᠤᠨ ᠎ ᠠᠴᠠ ᠡᠮᠦᠨᠡᠬᠢ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠂ ᠰᠤᠷᠬᠤ ᠨᠠᠰᠤᠨ ᠤ ᠬᠤᠭᠤᠴᠠᠭᠠᠨ ᠳᠠᠬᠢ ᠬᠡᠦᠬᠡᠳ ᠤᠨ ᠦᠰᠦᠨ ᠪᠣᠶᠢᠵᠢᠯᠲᠠ ᠶᠢᠨ ᠰᠢᠮ᠎ᠡ ᠲᠡᠵᠢᠭᠡᠯ ᠤᠨ ᠳᠡᠮᠵᠢᠯᠭᠡ ᠶᠢ ᠲᠡᠭᠦᠯᠳᠡᠷᠵᠢᠭᠦᠯᠵᠦ᠂ ᠨᠢᠯᠬ᠎ᠠ ᠦᠶ᠎ᠡ ᠠᠴᠠ ᠰᠤᠷᠬᠤ ᠨᠠᠰᠤᠨ ᠤ ᠬᠤᠭᠤᠴᠠᠭ᠎ᠠ ᠬᠦᠷᠲᠡᠯᠡᠬᠢ ᠬᠡᠦᠬᠡᠳ ᠤᠨ ᠦᠷᠭᠦᠯᠵᠢᠯᠡᠨ ᠪᠦᠷᠢᠨ ᠪᠦᠲᠦᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠤᠨ ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃      5᠂ ᠨᠡᠶᠢᠳᠡᠮ ᠬᠠᠷᠠᠭᠠᠯᠵᠠᠬᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠬᠥᠭᠵᠢᠭᠦᠯᠦᠨ᠎ᠡ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠭᠠᠵᠠᠷ ᠰᠢᠷᠣᠢ᠂ ᠣᠷᠣᠨ ᠰᠠᠭᠤᠴᠠ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠴᠢᠳᠠᠪᠤᠷᠢᠲᠠᠨ ᠵᠡᠷᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠤᠯᠠᠨ ᠵᠦᠢᠯ ᠤᠨ ᠬᠡᠯᠪᠡᠷᠢ ᠶᠢᠨ ᠦᠢᠯᠡᠴᠢᠯᠡᠭᠡ ᠶᠢ ᠢᠳᠡᠪᠬᠢᠲᠡᠢ ᠪᠠᠷ ᠬᠥᠭᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠳᠥᠭᠦᠮ ᠳᠥᠲᠡ᠂ ᠦᠨ᠎ᠡ ᠬᠠᠩᠰᠢ ᠶᠢ ᠬᠦᠯᠢᠶᠡᠨ ᠠᠪᠴᠤ ᠪᠣᠯᠬᠤ᠂ ᠶᠠᠰᠤ ᠴᠢᠨᠠᠷ ᠨᠢ ᠪᠠᠲᠤᠯᠠᠭ᠎ᠠ ᠲᠠᠢ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯᠴᠢᠨ ᠳᠤ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ ᠡᠯ᠎ᠡ ᠱᠠᠲᠤᠨ ᠤ ᠵᠠᠰᠠᠭ ᠤᠨ ᠣᠷᠳᠣᠨ ᠤ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠨᠡᠶᠢᠭᠡᠮ ᠲᠣᠭᠤᠷᠢᠭ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠣᠷᠣᠰᠢᠨ ᠰᠠᠭᠤᠭ᠎ᠠ ᠨᠡᠶᠢᠭᠡᠮ ᠲᠣᠭᠤᠷᠢᠭ ᠤᠨ ᠨᠢᠯᠬ᠎ᠠ ᠬᠡᠦᠬᠡᠳ ᠤᠨ ᠠᠵᠢᠯᠯᠠᠭᠠᠨ ᠤ ᠲᠠᠯᠠᠪᠤᠷ ᠭᠠᠵᠠᠷ ᠪᠠ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠶᠤᠨᠴᠢ ᠪᠠᠷ ᠠᠰᠠᠷᠠᠨ ᠬᠥᠮᠥᠵᠢᠭᠦᠯᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠢᠭ᠋ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠦᠶ᠎ᠡ ᠠᠯᠤᠰᠯᠠᠨ ᠬᠠᠷᠠᠭᠠᠯᠵᠠᠬᠤ᠂ ᠭᠡᠷ ᠪᠦᠯᠢ ᠪᠠᠷ ᠢᠶᠠᠨ ᠬᠠᠷᠢᠯᠴᠠᠨ ᠬᠠᠪᠰᠤᠷᠤᠯᠴᠠᠬᠤ ᠵᠡᠷᠭᠡ ᠬᠠᠷᠠᠭᠠᠯᠵᠠᠨ ᠠᠰᠠᠷᠠᠬᠤ ᠵᠠᠭᠪᠤᠷ ᠢ ᠳᠡᠮᠵᠢᠨ᠎ᠡ᠃ ᠭᠡᠷ ᠠᠬᠤᠢ ᠶᠢᠨ ᠠᠵᠤ ᠠᠬᠤᠶᠢᠯᠠᠯ ᠤᠨ ᠬᠡᠦᠬᠡᠳ ᠪᠣᠶᠢᠵᠢᠭᠤᠯᠬᠤ ᠦᠢᠯᠡᠴᠢᠯᠡᠭᠡ ᠪᠠᠨ ᠥᠷᠭᠡᠳᠬᠡᠬᠦ ᠶᠢ ᠳᠡᠮᠵᠢᠨ᠎ᠡ᠃ ᠨᠥᠬᠦᠴᠡᠯ ᠲᠠᠢ ᠬᠡᠦᠬᠡᠳ ᠤᠨ ᠴᠡᠴᠡᠷᠯᠢᠭ ᠤᠨ 2 —3 ᠨᠠᠰᠤᠨ ᠤ ᠬᠡᠦᠬᠡᠳ ᠢ ᠡᠯᠰᠡᠬᠦ ᠶᠢ ᠵᠣᠷᠢᠭᠵᠢᠭᠤᠯᠤᠨ ᠳᠡᠮᠵᠢᠨ᠎ᠡ᠃ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠠ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠠᠵᠢᠯ ᠡᠷᠬᠢᠯᠡᠭᠰᠡᠳ ᠤᠨ ᠪᠣᠯᠪᠠᠰᠤᠷᠠᠯ ᠥᠷᠨᠢᠭᠦᠯᠬᠦ ᠶᠢ ᠵᠣᠷᠢᠭᠵᠢᠭᠤᠯᠵᠤ᠂ ᠠᠵᠢᠯ ᠡᠷᠬᠢᠯᠡᠭᠰᠡᠳ ᠤᠨ ᠠᠵᠢᠯ ᠮᠡᠷᠭᠡᠵᠢᠯ ᠤᠨ ᠬᠢᠷᠢ ᠬᠡᠮ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠷᠢᠮᠵᠢᠶ᠎ᠠ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      6᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢ ᠴᠢᠩᠭᠠᠳᠬᠠᠨ᠎ᠠ᠃ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠲᠤᠯᠠᠬᠤ ᠡᠲᠡᠭᠡᠳ ᠢ ᠲᠣᠳᠣᠷᠬᠠᠶᠢᠯᠠᠨ᠂ ᠮᠠᠭᠠᠳᠯᠠᠨ ᠲᠣᠭᠲᠠᠭᠠᠬᠤ ᠴᠤᠪᠤᠷᠠᠯ ᠢ ᠵᠢᠷᠤᠮᠵᠢᠭᠤᠯᠵᠤ᠂ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ ᠲᠦᠷᠦᠯ ᠰᠠᠳᠤᠨ ᠢᠶᠠᠨ ᠠᠰᠠᠷᠠᠨ ᠲᠡᠵᠢᠭᠡᠬᠦ᠂ ᠭᠡᠷ ᠪᠦᠯᠢ ᠳᠤ ᠨᠠᠶᠢᠳᠠᠨ ᠲᠡᠵᠢᠭᠡᠯᠭᠡᠬᠦ᠂ ᠪᠠᠶᠢᠭᠤᠯᠤᠮᠵᠢ ᠠᠴᠠ ᠠᠰᠠᠷᠠᠨ ᠬᠥᠮᠥᠵᠢᠭᠦᠯᠬᠦ ᠪᠠ ᠥᠨᠥᠴᠢᠨ ᠬᠡᠦᠬᠡᠳ ᠢ ᠬᠠᠤᠯᠢ ᠶᠣᠰᠣᠭᠠᠷ ᠡᠷᠭᠦᠨ ᠲᠡᠵᠢᠭᠡᠵᠦ ᠲᠥᠪᠬᠢᠨᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠡᠦᠬᠡᠳ ᠡᠷᠭᠦᠨ ᠲᠡᠵᠢᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠤᠯᠤᠰ ᠤᠨ ᠳᠣᠲᠣᠭᠠᠳᠤ ᠶᠢᠨ ᠭᠡᠷ ᠪᠦᠯᠢ ᠶᠢᠨ ᠡᠪᠡᠳᠴᠢᠨ ᠲᠠᠢ ᠵᠡᠮᠳᠡᠭ ᠬᠡᠦᠬᠡᠳ ᠡᠷᠭᠦᠨ ᠲᠡᠵᠢᠭᠡᠬᠦ ᠶᠢ ᠬᠥᠲᠥᠯᠥᠨ  ᠵᠢᠯᠤᠭᠤᠳᠤᠨ᠎ᠠ᠃ ᠡᠷᠭᠦᠨ ᠲᠡᠵᠢᠭᠡᠬᠦ ᠶᠢ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠡᠷᠭᠦᠨ ᠲᠡᠵᠢᠭᠡᠭᠰᠡᠨ ᠪᠠᠶᠢᠳᠠᠯ ᠤᠨ ᠲᠤᠬᠠᠢ ᠬᠠᠷᠢᠭᠤ ᠰᠣᠷᠪᠤᠯᠵᠢᠯᠠᠭ᠎ᠠ ᠳᠤ ᠬᠢᠨᠠᠯᠲᠠ ᠲᠠᠯᠪᠢᠬᠤ ᠳᠦᠷᠢᠮ ᠢ ᠪᠠᠶᠢᠭᠤᠯᠵᠤ᠂ ᠡᠷᠭᠦᠨ ᠲᠡᠵᠢᠭᠡᠬᠦ ᠳᠠᠩᠰᠠᠯᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃     7᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ᠂ ᠡᠷᠲᠡ ᠠᠴᠠ ᠰᠢᠭᠰᠢᠨ ᠪᠠᠶᠢᠴᠠᠭᠠᠬᠤ᠂ ᠣᠨᠣᠰᠢᠯᠠᠨ ᠵᠠᠰᠠᠬᠤ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠵᠡᠮᠳᠡᠭ ᠪᠣᠯᠤᠭᠰᠠᠨ ᠢ ᠮᠡᠳᠡᠭᠦᠯᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠦᠨᠳᠦᠰᠦᠨ ᠬᠡᠯᠪᠡᠷᠢ᠂ ᠣᠯᠠᠨ ᠲᠦᠮᠡᠨᠴᠢᠯᠡᠭᠰᠡᠨ ᠲᠤᠰᠠᠯᠠᠬᠤ ᠪᠠᠭᠠᠵᠢ ᠬᠡᠷᠡᠭᠰᠡᠯ ᠢᠶᠠᠷ ᠭᠤᠣᠯ ᠪᠣᠯᠭᠠᠵᠤ᠂ ᠵᠡᠮᠳᠡᠭᠴᠦᠳ ᠤᠨ ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠥᠬᠦᠪᠦᠷᠢ ᠥᠭᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭ ᠬᠡᠦᠬᠡᠳ ᠲᠤ ᠡᠷᠡᠭᠦᠯᠵᠢᠯ ᠤᠨ ᠡᠮᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ᠂ ᠡᠷᠡᠭᠦᠯᠵᠢᠯ ᠤᠨ ᠪᠣᠯᠪᠠᠰᠤᠷᠠᠯ ᠵᠡᠷᠭᠡ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮ ᠤᠨ ᠵᠡᠮᠳᠡᠭ ᠬᠡᠦᠬᠡᠳ ᠲᠤ ᠬᠠᠨᠳᠤᠭᠤᠯᠤᠨ ᠣᠷᠣᠯᠠᠨ ᠬᠠᠷᠠᠭᠠᠯᠵᠠᠬᠤ᠂ ᠥᠰᠬᠡᠨ ᠬᠥᠮᠥᠵᠢᠭᠦᠯᠬᠦ ᠬᠠᠪᠰᠤᠷᠤᠨ ᠵᠢᠯᠤᠭᠤᠳᠬᠤ᠂ ᠡᠷᠡᠭᠦᠯᠵᠢᠭᠦᠯᠬᠦ ᠪᠣᠯᠪᠠᠰᠤᠷᠠᠯ ᠵᠡᠷᠭᠡ ᠦᠢᠯᠡᠴᠢᠯᠡᠭᠡᠨ ᠥᠷᠨᠢᠭᠦᠯᠬᠦ ᠶᠢ ᠳᠡᠮᠵᠢᠬᠦ ᠳᠡᠮᠵᠢᠨ᠎ᠡ᠃      8᠂ ᠲᠡᠨᠦᠭᠦᠯ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠲᠡᠨᠦᠭᠦᠴᠢᠯᠡᠵᠦ ᠪᠠᠶᠢᠭ᠎ᠠ ᠬᠡᠦᠬᠡᠳ  ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠣᠣᠷ ᠰᠦᠯᠵᠢᠶᠡᠨ ᠎ ᠤ ᠰᠢᠰᠲ᠋ᠧᠮᠵᠢ ᠎ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠡᠨᠦᠭᠦᠯ ᠬᠡᠦᠬᠡᠳ ᠢ ᠵᠡᠭᠡᠯᠢ ᠳᠡᠭᠡᠷ᠎ᠡ ᠲᠣᠭᠤᠷᠢᠨ ᠪᠠᠶᠢᠴᠠᠭᠠᠬᠤ ᠪᠠ ᠰᠢᠯᠵᠢᠭᠦᠯᠦᠨ ᠲᠠᠨᠢᠯᠴᠠᠭᠤᠯᠵᠤ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠲᠡᠨᠦᠭᠦᠴᠢᠯᠡᠵᠦ ᠪᠠᠶᠢᠭ᠎ᠠ ᠬᠡᠦᠬᠡᠳ ᠲᠤ ᠬᠠᠤᠯᠢ ᠲᠣᠭᠲᠠᠭᠠᠯ ᠶᠣᠰᠣᠭᠠᠷ ᠠᠮᠢᠳᠤᠷᠠᠯ ᠤᠨ ᠬᠠᠷᠠᠭᠠᠯᠵᠠᠯ ᠦᠵᠡᠭᠦᠯᠬᠦ᠂ ᠪᠡᠶ᠎ᠡ ᠶᠢᠨ ᠭᠠᠷᠤᠯ ᠢ ᠪᠠᠶᠢᠴᠠᠭᠠᠨ ᠯᠠᠪᠯᠠᠬᠤ᠂ ᠲᠤᠰᠴᠤ ᠬᠦᠷᠭᠡᠵᠦ ᠪᠤᠴᠠᠭᠠᠬᠤ ᠵᠡᠷᠭᠡ ᠦᠢᠯᠡᠴᠢᠯᠡᠭᠡᠨ ᠢ ᠬᠠᠩᠭᠠᠨ᠎ᠠ᠃ ᠵᠠᠰᠠᠭ ᠤᠨ ᠣᠷᠳᠣᠨ ᠠᠴᠠ ᠡᠬᠢ ᠡᠭᠦᠰᠦᠯ ᠠᠴᠠ ᠨᠢ ᠵᠠᠰᠠᠬᠤ ᠪᠠ ᠡᠭᠡᠭᠦᠯᠦᠨ ᠪᠤᠴᠠᠭᠠᠵᠤ ᠲᠣᠭᠲᠠᠭᠤᠨ ᠪᠠᠶᠢᠯᠭᠠᠬᠤ ᠲᠣᠭᠲᠠᠴᠠ ᠶᠢ ᠪᠠᠶᠢᠭᠤᠯᠵᠤ᠂ ᠲᠡᠨᠦᠭᠦᠴᠢᠯᠡᠵᠦ ᠪᠠᠶᠢᠭ᠎ᠠ ᠬᠡᠦᠬᠡᠳ ᠤᠨ ᠨᠡᠶᠢᠭᠡᠮ ᠤᠨ ᠪᠠᠲᠤᠯᠠᠭ᠎ᠠ ᠪᠣᠯᠣᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠨᠦᠭᠦᠴᠢᠯᠡᠵᠦ ᠪᠠᠶᠢᠭ᠎ᠠ ᠬᠡᠦᠬᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠮᠥᠵᠢᠭᠦᠯᠦᠨ ᠱᠠᠯᠠᠪᠳᠠᠭᠤᠯᠵᠦ ᠪᠠᠶᠢᠭᠠᠳ ᠠᠰᠠᠷᠠᠨ ᠲᠡᠵᠢᠭᠡᠬᠦ ᠡᠭᠦᠷᠭᠡ ᠶᠢ ᠨᠢ ᠭᠦᠢᠴᠡᠳᠬᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠢ ᠭᠤᠯᠣᠵᠤ ᠤᠷᠬᠢᠬᠤ᠂ ᠬᠠᠯᠠ ᠦᠵᠡᠭᠦᠯᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠤᠬᠢᠯᠲᠠ ᠦᠭᠭᠦᠨ᠎ᠡ᠃      9᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠨ᠎ᠠ᠃ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ  ᠲᠡᠭᠦᠯᠳᠡᠷᠵᠢᠭᠦᠯᠦᠨ᠎ᠡ᠃ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠭᠤ ᠰᠠᠨᠠᠭ᠎ᠠ ᠲᠠᠢ ᠪᠠᠷ ᠲᠡᠵᠢᠭᠡᠬᠦ ᠪᠠᠨ ᠪᠣᠯᠢᠭᠰᠠᠨ ᠵᠡᠷᠭᠡ ᠪᠠᠶᠢᠳᠠᠯ ᠲᠠᠢ ᠬᠢᠨᠠᠨ ᠬᠠᠮᠠᠭᠠᠯᠠᠭᠴᠢ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠭᠡᠵᠦ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠪᠦᠯ ᠵᠣᠨ ᠤ ᠠᠮᠠᠷᠠᠯᠲᠠ ᠶᠢᠨ ᠣᠨᠴᠣᠭᠤᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠰᠡᠳᠬᠢᠴᠡ᠂ ᠬᠠᠶᠢᠷ᠎ᠠ ᠰᠡᠳᠬᠢᠯᠭᠡ᠂ ᠦᠶᠯᠡ ᠠᠵᠢᠯᠯᠠᠭ᠎ᠠ ᠪᠠ ᠠᠮᠤᠷ ᠲᠦᠪᠰᠢᠨ ᠢᠶᠠᠷ ᠥᠪᠡᠷ ᠢ ᠪᠠᠨ ᠬᠠᠮᠠᠭᠠᠯᠠᠬᠤ ᠶᠢᠨ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠢ ᠪᠠᠷ ᠰᠠᠨᠠᠭᠠᠴᠢᠯᠠᠵᠤ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠭᠡᠷ ᠲᠡᠭᠡᠨ ᠬᠤᠴᠣᠷᠤᠭᠰᠠᠨ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠬᠤ ᠳᠤ ᠳᠡᠮᠵᠢᠯᠭᠡ ᠬᠠᠩᠭᠠᠨ᠎ᠠ᠃ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠦᠵᠡᠭᠳᠡᠯ ᠢ ᠡᠬᠢ ᠡᠭᠦᠰᠦᠯ ᠠᠴᠠ ᠨᠢ ᠪᠠᠭᠠᠰᠬᠠᠨ᠎ᠠ᠃      10᠂ ᠨᠡᠭᠦᠳᠡᠯ ᠬᠡᠦᠬᠡᠳ ᠤᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ ᠦᠨᠡᠮᠯᠡᠯ ᠢᠶᠠᠷ ᠠᠴᠢᠶᠠᠯᠠᠪᠤᠷᠢ ᠪᠣᠯᠭᠠᠭᠰᠠᠨ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠨᠥᠬᠦᠴᠡᠯ ᠲᠠᠢ ᠬᠤᠯᠪᠣᠭᠳᠠᠭᠤᠯᠤᠭᠰᠠᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠤ᠂ ᠬᠡᠦᠬᠡᠳ ᠤᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠨᠡᠭᠦᠳᠡᠯ ᠬᠡᠦᠬᠡᠳ ᠤᠨ ᠭᠡᠷ ᠪᠦᠯᠢ ᠳᠤ ᠬᠠᠨᠳᠤᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠲᠤᠰᠬᠠᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠳᠡᠯ ᠬᠡᠦᠬᠡᠳ ᠵᠢᠴᠢ ᠭᠡᠷ ᠪᠦᠯᠢ ᠶᠢᠨ ᠨᠡᠶᠢᠭᠡᠮ ᠲᠣᠭᠤᠷᠢᠭ ᠲᠤ ᠠᠭᠤᠰᠤᠯᠴᠠᠬᠤ ᠶᠢ ᠠᠬᠢᠭᠤᠯᠤᠨ᠎ᠠ᠃      11᠂ ᠬᠡᠦᠬᠡᠳ ᠤᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠎ ᠠᠴᠠ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠬᠦ᠂ ᠣᠯᠠᠨ ᠲᠠᠯ᠎ᠠ ᠶᠢᠨ ᠬᠢᠨ ᠣᠷᠣᠯᠴᠠᠬᠤ᠂ ᠬᠡᠦᠬᠡᠳ ᠤᠨ ᠭᠡᠷ ᠪᠦᠯᠢ ᠶᠢ ᠬᠠᠮᠲᠤᠪᠠᠷ ᠪᠦᠲᠦᠭᠡᠨ ᠪᠠᠶᠢᠭᠤᠯᠬᠤ ᠠᠵᠢᠯ ᠤᠨ ᠪᠠᠶᠢᠷᠢᠰᠢᠯ ᠢ ᠪᠦᠷᠢᠨᠰᠢᠭᠦᠯᠵᠦ᠂ ᠬᠡᠦᠬᠡᠳ ᠤᠨ ᠭᠡᠷ ᠪᠦᠯᠢ ᠶᠢᠨ ᠪᠦᠷᠬᠦᠴᠡ ᠶᠢᠨ ᠨᠣᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠬᠡᠦᠬᠡᠳ ᠵᠢᠴᠢ ᠲᠡᠳᠡᠨ ᠤ ᠭᠡᠷ ᠪᠦᠯᠢ ᠳᠤ ᠲᠣᠭᠯᠠᠭᠠᠮ᠂ ᠵᠤᠭ᠎ᠠ ᠴᠡᠩᠭᠡᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠰᠡᠳᠬᠢᠴᠡ ᠶᠢᠨ ᠳᠡᠮᠵᠢᠯᠭᠡ ᠪᠠ ᠰᠢᠯᠵᠢᠭᠦᠯᠦᠨ ᠲᠠᠨᠢᠯᠴᠠᠭᠤᠯᠬᠤ ᠵᠡᠷᠭᠡ ᠦᠢᠯᠡᠴᠢᠯᠡᠭᠡ ᠬᠠᠩᠭᠠᠬᠤ ᠬᠡᠦᠬᠡᠳ ᠤᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠬᠡᠦᠬᠡᠳ ᠤᠨ ᠭᠡᠷ ᠪᠦᠯᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠦᠬᠡᠳ ᠤᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠠᠵᠢᠯ ᠤᠨ ᠳᠦᠷᠢᠮ ᠪᠠ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠦᠨ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠬᠡᠦᠬᠡᠳ ᠤᠨ ᠡᠷᠬᠢᠯᠡᠭᠴᠢ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠭᠡᠰᠢᠭᠦᠨ ᠤ ᠦᠢᠯᠡᠳᠦᠯ ᠢ ᠪᠠᠳᠠᠷᠠᠭᠤᠯᠤᠨ᠂ ᠬᠠᠮᠢᠶᠠᠷᠤᠯᠲᠠ ᠪᠠ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠤᠨ ᠭᠡᠷ ᠪᠦᠯᠢ ᠶᠢᠨ ᠦᠢᠯᠡᠴᠢᠯᠡᠭᠡᠨ ᠤ ᠴᠠᠭ ᠢ ᠣᠷᠳᠣ ᠪᠠᠶᠢᠯᠭᠠᠬᠤ ᠶᠢ ᠪᠠᠲᠤᠯᠠᠵᠤ᠂ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠦᠢᠯᠡᠴᠢᠯᠡᠭᠡ ᠬᠤᠳᠠᠯᠳᠤᠨ ᠠᠪᠬᠤ᠂ ᠲᠥᠷᠥᠯ ᠵᠦᠢᠯ ᠢᠶᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠷᠢ ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ ᠬᠡᠦᠬᠡᠳ ᠲᠤ ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ ᠦᠢᠯᠡᠴᠢᠯᠡᠭᠡᠨ ᠬᠠᠩᠭᠠᠵᠤ᠂ ᠬᠡᠦᠬᠡᠳ ᠤᠨ ᠭᠡᠷ ᠪᠦᠯᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠬᠡᠦᠬᠡᠳ ᠤᠨ ᠬᠠᠮᠠᠭᠠᠯᠠᠯᠲᠠ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      12᠂ ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠎ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠵᠡᠷᠭᠡ ᠭᠤᠣᠯ ᠴᠣᠭᠴᠠ ᠶᠢ ᠱᠠᠯᠠᠪᠳᠠᠭᠤᠯᠵᠦ ᠪᠠᠶᠢᠭᠠᠳ ᠰᠠᠨᠠᠭᠠᠴᠢᠯᠠᠭ᠎ᠠ ᠎ ᠠᠴᠠ ᠪᠠᠨ ᠮᠡᠳᠡᠭᠦᠯᠬᠦ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠥᠨᠥᠴᠢᠨ ᠬᠡᠦᠬᠡᠳ᠂ ᠪᠣᠳᠠᠲᠤ ᠶᠠᠪᠤᠳᠠᠯ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠲᠡ ᠴᠣᠭᠴᠠ ᠪᠠ ᠬᠦᠴᠦᠷᠬᠡᠭᠯᠡᠯ ᠢᠶᠠᠷ ᠭᠡᠮᠲᠦᠭᠡᠭᠰᠡᠨ ᠬᠡᠦᠬᠡᠳ ᠢ ᠠᠯᠪᠠᠳᠠᠯᠭ᠎ᠠ ᠪᠠᠷ ᠮᠡᠳᠡᠭᠦᠯᠬᠦ ᠡᠭᠦᠷᠭᠡ ᠶᠢ ᠭᠦᠢᠴᠡᠳᠬᠡᠨ᠎ᠡ᠃ ᠪᠦᠬᠦ ᠤᠯᠤᠰ ᠤᠨ ᠨᠢᠭᠡᠳᠦᠯᠲᠡᠢ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠯᠠᠭᠤᠨ ᠤᠲᠠᠰᠤ  ᠶᠢ ᠨᠠᠪᠲᠠᠷᠡᠭᠦᠯᠵᠦ᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠰᠢᠯᠵᠢᠭᠦᠯᠦᠨ ᠲᠠᠨᠢᠯᠴᠠᠭᠤᠯᠵᠤ᠂ ᠬᠡᠦᠬᠡᠳ ᠤᠨ ᠬᠦᠴᠢᠷᠳᠡᠯ ᠳᠤ ᠲᠤᠯᠭᠠᠷᠠᠭᠰᠠᠨ ᠪᠠᠶᠢᠳᠠᠯ ᠎ ᠠᠴᠠ ᠲᠤᠰᠠᠯᠠᠮᠵᠢ ᠭᠤᠶᠤᠴᠢᠯᠠᠬᠤ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠡᠷᠡᠭ ᠤᠨ ᠰᠦᠪᠡᠭᠴᠢ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ ᠪᠠ ᠬᠠᠪᠰᠤᠷᠤᠨ ᠲᠡᠳᠬᠦᠵᠦ ᠰᠢᠯᠵᠢᠭᠦᠯᠦᠨ ᠲᠠᠨᠢᠯᠴᠠᠭᠤᠯᠬᠤ ᠵᠡᠷᠭᠡ ᠦᠢᠯᠡᠴᠢᠯᠡᠭᠡᠨ ᠢ ᠬᠠᠩᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠠᠮᠵᠢᠯᠴᠠᠬᠤ ᠲᠠᠰ ᠳᠠᠷᠠᠭᠠᠯᠠᠯ ᠢ ᠲᠣᠳᠣᠷᠬᠠᠶᠢᠯᠠᠨ᠂ ︽ᠨᠢᠭᠡ ᠥᠷᠲᠡᠭᠡ ᠮᠠᠶ᠋ᠢᠭ︾᠎ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠨᠢᠭᠡ ᠰᠠᠯᠠᠭ᠎ᠠ ᠮᠥᠴᠢᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ︾ ᠠᠵᠢᠯ ᠤᠨ ᠲᠣᠭᠲᠠᠴᠠ ᠶᠢ ᠪᠣᠶ ᠪᠤᠯᠭᠠᠨ᠎ᠠ᠃      13᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠬᠡᠦᠬᠡᠳ ᠤᠨ ᠠᠵᠢᠯ ᠤᠨ ᠡᠩᠨᠡᠭᠡ ᠶᠢᠨ ᠦᠢᠯᠡᠴᠢᠯᠡᠭᠡᠨ ᠤ ᠴᠢᠳᠠᠪᠤᠷᠢ ᠵᠢ‌‍ᠲ᠋ᠥ᠋ᠪᠯᠡᠷᠡᠭᠦᠯᠦᠨ ᠥᠰᠬᠡᠨ ᠪᠣᠶᠢᠵᠢᠭᠤᠯᠬᠤ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠬᠡᠦᠬᠡᠳ ᠢ ᠥᠰᠬᠡᠨ ᠪᠣᠶᠢᠵᠢᠭᠤᠯᠬᠤ᠂ ᠡᠷᠡᠭᠦᠯᠵᠢᠭᠦᠯᠬᠦ᠂ ᠰᠤᠷᠭᠠᠨ ᠬᠥᠮᠦᠵᠢᠯ᠂ ᠡᠮᠴᠢᠯᠡᠭᠡ ᠂ ᠨᠡᠶᠢᠭᠡᠮ ᠤᠨ ᠠᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠠᠵᠢᠯ ᠤᠨ ᠦᠷᠳᠡᠭᠡ ᠪᠠᠶᠢᠭᠤᠯᠬᠤ ᠪᠤᠶᠤ ᠲᠤᠰᠬᠠᠢ ᠠᠵᠢᠯᠲᠠᠨ ᠵᠢᠭᠠᠨ ᠲᠣᠭᠲᠠᠭᠠᠵᠤ᠂ ᠨᠠᠰᠤᠨ ᠳᠤ ᠦᠯᠤ ᠬᠥᠷᠦᠭᠰᠡᠳ ᠤᠨ ᠬᠤᠯᠪᠣᠭᠳᠠᠯ ᠪᠦᠬᠦᠢ ᠬᠡᠷᠡᠭ ᠶᠠᠪᠤᠳᠠᠯ ᠢ ᠴᠠᠭ ᠲᠤᠬᠠᠢ ᠲᠤᠨᠢ ᠭᠦᠢᠴᠡᠳᠭᠡᠨ᠎ᠡ᠃ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠠᠵᠢᠯ ᠤᠨ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠲᠦᠷ ᠴᠠᠭ ᠤᠨ ᠬᠢᠨᠠᠨ ᠬᠠᠮᠠᠭᠠᠯᠠᠯᠲᠠ ᠶᠢᠨ ᠪᠠᠶᠢᠳᠠᠯ ᠲᠠᠢ ᠨᠠᠰᠤᠨ ᠳᠤ ᠥᠯᠥ ᠭᠦᠷᠦᠭᠰᠡᠳ᠂ ᠨᠡᠶᠢᠭᠡᠮ ᠤᠨ ᠲᠠᠷᠠᠬᠠᠢ ᠰᠠᠭᠤᠭ᠎ᠠ ᠥᠨᠥᠴᠢᠨ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠳᠤ ᠦᠢᠯᠡᠴᠢᠯᠡᠭᠡ ᠬᠠᠩᠭᠠᠨ᠎ᠠ᠃ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠵᠡᠷᠭᠡ ᠦᠨᠳᠦᠰᠦᠨ ᠱᠠᠲᠤᠨ ᠤ ᠬᠡᠦᠬᠡᠳ ᠤᠨ ᠠᠵᠢᠯᠲᠠᠨ ᠤ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      14᠂ ᠨᠡᠶᠢᠭᠡᠮ ᠤᠨ ᠬᠦᠴᠦᠨ ᠤ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠠᠵᠢᠯ ᠳᠤ ᠣᠷᠣᠯᠴᠠᠬᠤ ᠶᠢ ᠳᠡᠮᠵᠢᠵᠦ ᠬᠥᠲᠥᠯᠥᠨ ᠵᠢᠯᠣᠭᠤᠳᠤᠨ᠎ᠠ᠃ ᠵᠠᠰᠠᠭ ᠤᠨ ᠣᠷᠳᠣᠨ ᠎ ᠠᠴᠠ ᠨᠠᠶᠢᠳᠠᠬᠤ᠂ ᠲᠥᠷᠥᠯ ᠵᠦᠢᠯ ᠢᠶᠠᠷ ᠬᠠᠮᠲᠤᠷᠠᠯᠴᠠᠬᠤ᠂ ᠭᠤᠣᠯᠳᠠᠯᠭ᠎ᠠ ᠲᠠᠢ ᠲᠠᠨᠢᠯᠴᠠᠭᠤᠯᠬᠤ᠂ ᠨᠡᠪᠴᠢᠭᠦᠯᠦᠨ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠦᠬᠡᠳ ᠲᠤ ᠦᠢᠯᠡᠴᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠪᠣᠶᠢᠵᠢᠭᠤᠯᠤᠨ᠎ᠠ᠃ ᠨᠥᠬᠦᠴᠡᠯ ᠳᠤ ᠨᠡᠶᠢᠴᠡᠬᠦ ᠨᠠᠩ ᠣᠯᠠᠨ ᠬᠡᠦᠬᠡᠳ ᠤᠨ ᠬᠠᠮᠠᠭᠠᠯᠠᠯᠲᠠ ᠪᠠ ᠦᠢᠯᠡᠴᠢᠯᠡᠭᠡᠨ ᠤ ᠵᠦᠢᠯᠡᠰ ᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠲᠤ ᠣᠷᠣᠭᠤᠯᠵᠤ᠂ ᠬᠡᠦᠬᠡᠳ ᠲᠤ ᠦᠢᠯᠡᠴᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠭᠡᠷ ᠪᠦᠯᠢ ᠪᠠ ᠰᠤᠷᠭᠠᠭᠤᠯᠢ ᠳᠤ ᠦᠢᠯᠡᠴᠢᠯᠡᠭᠡ ᠬᠠᠩᠭᠠᠨ᠎ᠠ᠃ ᠬᠡᠦᠬᠡᠳ ᠤᠨ ᠨᠡᠶᠢᠭᠡᠮ ᠤᠨ ᠠᠵᠢᠯ ᠤᠨ ᠲᠤᠰᠬᠠᠢ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠦᠬᠡᠳ ᠲᠤ ᠦᠢᠯᠡᠴᠢᠯᠡᠬᠦ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠᠷ ᠴᠢᠷᠮᠠᠶᠢᠨ᠎ᠠ᠃ ᠵᠡᠭᠡᠯᠢ ᠭᠤᠳᠤᠮᠵᠢ ᠨᠢᠭᠡᠪᠦᠷᠢ ᠳᠤ ᠠᠳᠠᠭ ᠲᠠᠭᠠᠨ ᠨᠢᠭᠡ ᠲᠤᠰᠬᠠᠢ ᠲᠤᠰᠢᠶᠠᠯᠲᠤ ᠬᠡᠦᠬᠡᠳ ᠤᠨ ᠨᠡᠶᠢᠭᠡᠮ ᠤᠨ ᠠᠵᠢᠯᠲᠠᠨ ᠲᠤᠬᠢᠷᠠᠭᠤᠯᠤᠨ᠎ᠠ᠃      ︵ᠲᠠᠪᠤ︶ ᠬᠡᠦᠬᠡᠳ ᠬᠢᠭᠡᠳ ᠭᠡᠷ ᠪᠦᠯᠢ      ᠭᠤᠣᠯ ᠬᠠᠷᠠᠯᠲᠠ᠄      1᠂ ᠭᠡᠷ ᠪᠦᠯᠢ ᠶᠢᠨ ᠶᠣᠰᠣ ᠮᠣᠷᠠᠯ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠠᠩᠬᠠᠳᠠᠭᠴᠢ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠵᠤ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃      2᠂ ᠬᠡᠦᠬᠡᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠡᠷ ᠪᠦᠯᠢ ᠵᠢᠨ‌ᠬᠠᠮᠢᠶ᠎ᠠ ᠪᠦᠬᠦᠢ ᠬᠡᠷᠡᠭ ᠶᠠᠪᠤᠳᠠᠯ ᠳᠤ ᠡᠷᠬᠡ ᠲᠡᠭᠰᠢ ᠪᠠᠷ ᠣᠷᠣᠯᠴᠠᠬᠤ ᠪᠠ ᠰᠠᠨᠠᠯ ᠢᠶᠠᠨ ᠢᠯᠡᠳᠬᠡᠬᠦ ᠡᠷᠬᠡ ᠶᠢ ᠪᠠᠲᠤᠯᠠᠨ᠎ᠠ᠃      3᠂ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠷᠤᠭᠯᠠᠬᠤ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ ᠪᠠ ᠨᠠᠰᠤᠨ ᠳᠤ ᠥᠯᠥ ᠭᠦᠷᠦᠭᠰᠡᠳ ᠤᠨ ᠰᠤᠷᠬᠤ ᠨᠠᠰᠤᠨ ᠤ ᠬᠤᠭᠤᠴᠠᠭᠠᠨ ᠳᠠᠬᠢ ᠰᠤᠷᠤᠯᠴᠠᠯᠭ᠎ᠠ ᠶᠢ ᠵᠢᠯᠤᠭᠤᠳᠬᠤ ᠠᠭᠤᠯᠭ᠎ᠠ ᠳᠤ ᠣᠷᠣᠭᠤᠯᠵᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠢ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠣᠨᠣᠯᠵᠢᠬᠤᠨ ᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠠᠷᠭ᠎ᠠ ᠶᠢ ᠡᠵᠡᠮᠰᠢᠨ ᠬᠡᠷᠡᠭᠯᠡᠨ᠎ᠡ᠃      4᠂ ᠬᠡᠦᠬᠡᠳ ᠢ ᠰᠠᠶᠢᠨ ᠭᠡᠷ ᠤᠨ ᠰᠤᠷᠲᠠᠯ ᠤᠨ ᠦᠢᠯᠡᠳᠦᠯᠭᠡᠵᠢᠭᠦᠯᠦᠭᠴᠢ ᠪᠠ ᠵᠠᠯᠭᠠᠮᠵᠢᠯᠠᠭᠴᠢ ᠪᠣᠯᠭᠠᠨ ᠬᠥᠮᠥᠵᠢᠭᠦᠯᠦᠨ᠎ᠡ᠃      5᠂ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠵᠤ᠂ ᠠᠷᠠᠳᠴᠢᠯᠠᠯ ᠲᠠᠢ᠂ ᠡᠷᠬᠡ ᠲᠡᠭᠰᠢ᠂ ᠡᠶ᠎ᠡ ᠵᠣᠬᠢᠴᠠᠯ ᠲᠠᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠪᠠᠶᠢᠭᠤᠯᠤᠨ᠎ᠠ᠃      6᠂ ᠬᠤᠲᠠ ᠬᠥᠳᠡᠭᠡ ᠶᠢ ᠬᠠᠮᠤᠷᠤᠭᠰᠠᠨ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠵᠢᠯᠤᠭᠤᠳᠬᠤ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 95%᠎ ᠶᠢᠨ ᠬᠤᠳᠠ ᠶᠢᠨ ᠨᠡᠶᠢᠭᠡᠮ ᠲᠣᠭᠤᠷᠢᠭ ᠪᠠ 85%᠎ ᠶᠢᠨ ᠬᠥᠳᠡᠭᠡ ᠲᠣᠰᠬᠤᠨ ᠤ ᠨᠡᠶᠢᠭᠡᠮ ᠲᠣᠭᠤᠷᠢᠭ ︵ᠲᠣᠰᠬᠤᠨ︶᠎ ᠳᠤ ᠭᠡᠷ ᠤᠨ ᠠᠬᠠᠮᠠᠳ ᠤᠨ ᠰᠤᠷᠭᠠᠭᠤᠯᠢ ᠪᠤᠶᠤ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠦᠷᠳᠡᠭᠡ ᠴᠡᠭ ᠢ ᠪᠠᠶᠢᠭᠤᠯᠤᠨ᠎ᠠ᠃      7᠂ ᠭᠡᠷ ᠪᠦᠯᠢ ᠶᠢᠨ ᠬᠡᠦᠬᠡᠳ ᠠᠪᠬᠤ ᠥᠰᠬᠡᠨ ᠬᠥᠮᠥᠵᠢᠭᠦᠯᠬᠦ ᠰᠤᠷᠭᠠᠨ ᠬᠥᠮᠦᠵᠢᠯ ᠢ ᠳᠡᠮᠵᠢᠬᠦ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃      8᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠶᠢ ᠭᠡᠷ ᠪᠦᠯᠢ ᠶᠢᠨ ᠬᠥᠮᠦᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠶᠣᠰᠣ ᠰᠤᠷᠲᠠᠬᠤᠨ ᠢ ᠪᠤᠶ ᠪᠣᠯᠭᠠᠨ ᠬᠥᠮᠥᠨ ᠢ ᠬᠥᠮᠥᠵᠢᠭᠦᠯᠬᠦ ᠶᠠᠪᠤᠳᠠᠯ ᠢ ᠭᠡᠷ ᠪᠦᠯᠢ ᠶᠢᠨ ᠬᠥᠮᠦᠵᠢᠯ ᠤᠨ ᠦᠨᠳᠦᠰᠦᠨ ᠡᠭᠦᠷᠭᠡ ᠪᠣᠯᠭᠠᠵᠤ᠂ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠤᠨ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠬᠠᠤᠯᠢ ᠪᠠᠷ ᠵᠠᠰᠠᠬᠤ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠡᠦᠬᠡᠳ ᠢ ᠬᠠᠪᠰᠤᠷᠤᠨ ᠬᠠᠷᠠᠭ᠎ᠠ ᠶᠢ ᠨᠢ ᠥᠷᠭᠡᠳᠬᠡᠵᠦ᠂ ᠨᠡᠶᠢᠭᠡᠮ ᠢ ᠲᠠᠨᠢᠭᠤᠯᠵᠤ᠂ ᠳᠡᠷᠭᠡᠳᠡᠬᠢ ᠬᠥᠮᠥᠨ᠂ ᠳᠡᠷᠭᠡᠳᠡᠬᠢ ᠶᠠᠪᠤᠳᠠᠯ ᠢᠶᠠᠷ ᠳᠠᠮᠵᠢᠭᠤᠯᠤᠨ ᠬᠡᠦᠬᠡᠳ ᠤᠨ ᠰᠠᠶᠢᠨ ᠦᠵᠡᠯ ᠰᠠᠨᠠᠭ᠎ᠠ᠂ ᠰᠠᠶᠢᠨ ᠵᠠᠩ ᠮᠣᠷᠠᠯ᠂ ᠰᠠᠶᠢᠨ ᠵᠠᠩ ᠳᠠᠳᠬᠠᠯ ᠢ ᠬᠥᠮᠥᠵᠢᠭᠦᠯᠵᠦ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠤᠪᠴᠢᠯᠠᠭᠤᠯᠤᠨ᠎ᠠ᠃      2᠂ ᠬᠡᠦᠬᠡᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠷᠬᠡ ᠶᠢ ᠬᠦᠨᠳᠦᠳᠬᠡᠨ᠎ᠡ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠢᠶᠠᠷ ᠦᠨᠳᠦᠰᠦ ᠪᠣᠯᠭᠠᠨ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠪᠠ ᠣᠨᠴᠠᠯᠢᠭ ᠢ ᠬᠦᠨᠳᠦᠳᠬᠡᠵᠦ᠂ ᠬᠡᠦᠬᠡᠳ ᠤᠨ ᠠᠮᠠᠷᠠᠬᠤ᠂ ᠪᠣᠯᠪᠠᠰᠤᠷᠠᠬᠤ᠂ ᠰᠤᠯᠠ ᠰᠡᠯᠡᠭᠦᠦ ᠴᠠᠭ ᠪᠠ ᠵᠤᠭ᠎ᠠ ᠴᠡᠩᠭᠡᠯ ᠤᠨ ᠡᠷᠬᠡ ᠶᠢ ᠪᠠᠲᠤᠯᠠᠵᠤ᠂ ᠬᠡᠦᠬᠡᠳ ᠤᠨ ᠰᠤᠷᠤᠯᠭ᠎ᠠ ᠪᠠ ᠠᠮᠢᠳᠤᠷᠠᠯ ᠢ ᠵᠦᠢ ᠵᠣᠬᠢᠰᠲᠠᠢ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠬᠥᠳᠡᠯᠮᠦᠷᠢ ᠶᠢᠨ ᠦᠢᠯᠡᠳᠦᠯᠭᠡ᠂ ᠠᠮᠠᠷᠠᠯᠲᠠ ᠵᠤᠭ᠎ᠠ ᠴᠡᠩᠭᠡᠯ᠂ ᠨᠡᠶᠢᠭᠡᠮ ᠤᠨ ᠦᠢᠯᠡᠳᠦᠯᠭᠡ᠂ ᠬᠠᠨᠢ ᠬᠠᠮᠰᠠᠭᠠᠲᠠᠨ ᠤ ᠶᠠᠪᠤᠯᠴᠠᠭ᠎ᠠ᠂ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ ᠵᠡᠷᠭᠡ ᠴᠠᠭ ᠢ ᠨᠡᠮᠡᠭᠳᠡᠭᠦᠯᠦᠨ᠎ᠡ᠃ ᠬᠡᠦᠬᠡᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠶᠢ ᠬᠦᠨᠳᠦᠳᠬᠡᠵᠦ᠂ ᠬᠡᠦᠬᠡᠳ ᠤᠨ ᠵᠦᠢ ᠵᠣᠬᠢᠰᠲᠠᠢ ᠰᠠᠨᠠᠯ ᠢ ᠰᠣᠨᠣᠰᠬᠤ ᠪᠠ ᠬᠦᠯᠢᠶᠡᠨ ᠠᠪᠬᠤ ᠶᠢ ᠴᠢᠬᠤᠯᠠᠴᠢᠯᠠᠨ᠎ᠠ᠃ ᠬᠡᠦᠬᠡᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠪᠠ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢ ᠨᠢ ᠴᠢᠩᠭᠠᠷᠠᠭᠤᠯᠵᠤ᠂ ᠬᠡᠦᠬᠡᠳ ᠤᠨ ᠪᠡᠶ᠎ᠡ ᠪᠠᠨ ᠳᠠᠭᠠᠭᠠᠵᠤ ᠰᠣᠩᠭᠤᠬᠤ᠂ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠴᠢᠳᠠᠯ ᠤᠨ ᠬᠢᠷᠢ ᠪᠠᠷ ᠢᠶᠠᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠳᠤ ᠣᠷᠣᠯᠴᠠᠬᠤ ᠶᠢ ᠵᠣᠷᠢᠭᠵᠢᠭᠤᠯᠵᠤ᠂ ᠬᠥᠳᠡᠯᠮᠦᠷᠢ ᠶᠢᠨ ᠳᠠᠳᠬᠠᠯ ᠢ ᠬᠥᠮᠥᠵᠢᠭᠦᠯᠦᠨ᠂ ᠬᠥᠳᠡᠯᠮᠦᠷᠢ ᠶᠢᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃      3᠂ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠤᠨ᠎ᠠ᠃ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠭᠡᠷ ᠪᠦᠯᠢ ᠪᠣᠯ ᠨᠢᠭᠡᠳᠦᠭᠡᠷ ᠬᠢᠴᠢᠶᠡᠯ ᠤᠨ ᠲᠠᠩᠬᠢᠮ᠂ ᠭᠡᠷ ᠤᠨ ᠠᠬᠠᠮᠠᠳ ᠪᠣᠯ ᠠᠩᠬᠠᠳᠠᠭᠴᠢ ᠪᠠᠭᠰᠢ ᠪᠣᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠲᠤ ᠭᠡᠷ ᠪᠦᠯᠢ ᠶᠢᠨ ᠬᠥᠮᠦᠵᠢᠯ ᠬᠢᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠡᠴᠢᠭᠡ ᠡᠬᠡ ᠶᠢᠨ ᠬᠢᠴᠢᠶᠡᠯ ᠤᠨ ᠲᠠᠩᠬᠢᠮ︾ ᠪᠣᠯ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠵᠠᠪᠠᠯ ᠰᠤᠷᠬᠤ ᠬᠢᠴᠢᠶᠡᠯ ᠮᠥᠨ ᠭᠡᠬᠦ ᠣᠨᠣᠯᠵᠢᠬᠤᠨ ᠢ ᠳᠡᠯᠭᠡᠷᠡᠭᠦᠯᠦᠨ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ︾᠎ ᠶᠢ ᠲᠦᠯᠬᠢᠨ ᠠᠬᠢᠭᠤᠯᠤᠨ᠎ᠠ᠃ ᠭᠡᠷ ᠪᠦᠯᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠬᠡᠦᠬᠡᠳ ᠤᠨ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠬᠥᠮᠥᠵᠢᠭᠦᠯᠦᠨ᠂ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠠᠪᠤᠷᠠᠵᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠢ ᠵᠣᠳᠣᠵᠤ ᠴᠣᠬᠢᠬᠤ᠂ ᠬᠠᠯᠠ ᠦᠵᠡᠭᠦᠯᠬᠦ ᠵᠡᠷᠭᠡ ᠠᠯᠢᠪᠠ ᠬᠡᠯᠪᠡᠷᠢ ᠶᠢᠨ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠶᠢ ᠴᠠᠭᠠᠵᠠᠯᠠᠨ᠎ᠠ᠂ ᠵᠥᠷᠢᠴᠡᠭᠰᠡᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠡᠮᠵᠢᠬᠦ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ ᠴᠢᠩᠭᠠᠳᠬᠠᠵᠤ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠡᠷ ᠪᠦᠯᠢ ᠳᠤ ᠲᠥᠷᠥᠯ ᠬᠤᠪᠢᠶᠠᠨ ᠵᠢᠯᠤᠭᠤᠳᠬᠤ ᠪᠠ ᠠᠰᠠᠷᠠᠮᠵᠢ ᠶᠢᠨ ᠪᠠᠲᠤᠯᠠᠭ᠎ᠠ ᠬᠠᠩᠭᠠᠨ᠎ᠠ᠃      4᠂ ᠭᠡᠷ ᠤᠨ ᠰᠤᠷᠲᠠᠯ ᠢ ᠰᠠᠶᠢᠲᠤᠷ ᠬᠡᠷᠡᠭᠯᠡᠨ ᠬᠡᠦᠬᠡᠳ ᠢ ᠬᠥᠮᠥᠵᠢᠭᠦᠯᠦᠨ᠎ᠡ᠃ ᠡᠴᠢᠭᠡ ᠡᠬᠡ ᠶᠢᠨ ᠳᠠᠭᠤᠷᠢᠶᠠᠯ ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠡᠷ᠎ᠡ ᠡᠮ᠎ᠡ ᠡᠶ᠎ᠡ ᠨᠠᠶᠢᠷᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠠᠶᠢᠯ ᠰᠠᠭᠠᠬᠠᠯᠲᠠ ᠪᠠᠷ ᠢᠶᠠᠨ ᠪᠦᠯᠬᠦᠮᠳᠡᠯ ᠲᠠᠢ ᠪᠠᠶᠢᠬᠤ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠨ ᠵᠠᠯᠭᠠᠮᠵᠢᠯᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠨ᠎ᠡ᠃ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠭᠡᠷ ᠤᠨ ᠰᠤᠷᠲᠠᠯ ᠤᠨ ᠪᠠᠶᠢᠭᠤᠯᠤᠯᠲᠠ ᠶᠢ ᠨᠢᠭᠡᠴᠡ ᠶᠢᠨ ᠰᠣᠶᠣᠯ ᠤᠨ ᠪᠠᠶᠢᠭᠤᠯᠤᠯᠲᠠ ᠳᠤ ᠣᠷᠣᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠰᠢᠨ᠎ᠡ ᠰᠣᠷᠭᠤᠭ᠂ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠢᠶᠠᠷ ᠪᠠᠶᠠᠯᠢᠭ ᠭᠡᠷ ᠤᠨ ᠰᠤᠷᠲᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠬᠡᠪ ᠵᠠᠭᠪᠤᠷ ᠲᠠᠢ ᠪᠣᠯᠭᠠᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠲᠠᠰᠤ ᠵᠤᠭᠰᠤᠭᠠᠨ᠎ᠠ᠃      5᠂ ᠡᠴᠢᠭᠡ ᠡᠬᠡ ᠦᠷ᠎ᠡ ᠬᠡᠦᠬᠡᠳ ᠤᠨ ᠰᠠᠶᠢᠨ ᠰᠠᠶᠢᠬᠠᠨ ᠬᠠᠷᠢᠴᠠᠭ᠎ᠠ ᠶᠢ ᠪᠣᠶᠢᠵᠢᠭᠤᠯᠤᠨ᠎ᠠ᠃ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠦᠷ᠎ᠡ ᠬᠡᠦᠬᠡᠳ ᠲᠠᠢ ᠪᠠᠨ ᠨᠡᠪᠲᠡᠷᠡᠯᠴᠡᠬᠦ ᠪᠦᠲᠦᠮᠵᠢᠲᠡᠢ ᠠᠷᠭ᠎ᠠ ᠮᠠᠶ᠋ᠢᠭ ᠢ ᠪᠠᠶᠢᠭᠤᠯᠵᠤ᠂ ᠬᠠᠨᠢ ᠪᠣᠯᠬᠤ ᠴᠠᠭ ᠢ ᠨᠡᠮᠡᠭᠳᠡᠭᠦᠯᠦᠨ᠂ ᠬᠠᠨᠢ ᠪᠣᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠡᠴᠢᠭᠡ ᠡᠬᠡ ᠦᠷ᠎ᠡ ᠬᠡᠦᠬᠡᠳ ᠤᠨ ᠢᠶᠠᠨ ᠰᠣᠯᠢᠯᠴᠠᠭ᠎ᠠ ᠶᠢ ᠴᠢᠩᠭᠠᠳᠬᠠᠨ᠎ᠠ᠃ ᠭᠡᠷ ᠪᠦᠯᠢ ᠶᠢᠨ ᠬᠢᠨ ᠤ ᠡᠴᠢᠭᠡ ᠡᠬᠡ ᠦᠷ᠎ᠡ ᠬᠡᠦᠬᠡᠳ ᠤᠨ ᠲᠣᠭᠯᠠᠭᠠᠮ᠂ ᠡᠴᠢᠭᠡ ᠡᠬᠡ ᠦᠷ᠎ᠡ ᠬᠡᠦᠬᠡᠳ ᠤᠨ ᠨᠣᠮ ᠤᠩᠰᠢᠬᠤ᠂ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ᠂ ᠡᠴᠢᠭᠡ ᠡᠬᠡ ᠦᠷ᠎ᠡ ᠬᠡᠦᠬᠡᠳ ᠤᠨ ᠭᠠᠳᠠᠭᠰᠢ ᠭᠠᠷᠴᠤ ᠵᠤᠭᠠᠴᠠᠬᠤ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠤ ᠪᠠᠨ ᠨᠡᠪᠲᠡᠷᠡᠯᠴᠡᠬᠦ᠂ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠠᠪᠰᠤᠷᠬᠤ᠂ ᠬᠠᠷᠢᠯᠴᠠᠨ ᠰᠤᠷᠤᠯᠴᠠᠬᠤ ᠶᠢ ᠠᠬᠢᠭᠤᠯᠤᠨ᠎ᠠ᠃ ᠭᠡᠷ ᠪᠦᠯᠢ ᠶᠢ ᠵᠢᠯᠣᠭᠤᠳᠤᠨ ᠬᠠᠪᠰᠤᠷᠴᠤ ᠪᠠᠶᠢᠭᠠᠳ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠵᠣᠬᠢᠴᠠᠭᠤᠯᠵᠤ᠂ ᠬᠡᠦᠬᠡᠳ ᠪᠣᠶᠢᠵᠢᠭᠤᠯᠬᠤ ᠵᠣᠪᠠᠨᠢᠯ ᠢ ᠨᠠᠮᠳᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠵᠥᠷᠢᠴᠡᠯ ᠢ ᠠᠷᠢᠯᠭᠠᠨ᠎ᠠ᠃ ᠡᠯ᠎ᠡ ᠲᠥᠷᠥᠯ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡᠳᠬᠡᠮᠵᠢ ᠪᠠ ᠲᠠᠯᠠᠪᠤᠷ ᠭᠠᠵᠠᠷ ᠵᠢᠴᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠪᠦᠯᠢ ᠵᠡᠷᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠭᠡᠷ ᠪᠦᠯᠢ ᠶᠢᠨ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠶᠢ ᠥᠷᠨᠢᠭᠦᠯᠬᠦ ᠳᠤ ᠨᠥᠬᠦᠴᠡᠯ  ᠬᠠᠩᠭᠠᠨ᠎ᠠ᠃ ᠭᠡᠷ ᠪᠦᠯᠢ ᠶᠢᠨ ᠭᠡᠷ ᠪᠦᠯᠢ ᠶᠢᠨ ᠨᠣᠮ ᠤᠩᠰᠢᠬᠤ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠡᠷ ᠪᠦᠯᠢ ᠶᠢᠨ ᠨᠣᠮ ᠤᠩᠰᠢᠬᠤ ᠵᠢᠯᠣᠭᠤᠳᠤᠯᠭ᠎ᠠ ᠶᠢ ᠴᠢᠩᠭᠠᠳᠬᠠᠨ᠂ ᠨᠠᠰᠤᠨ ᠤ ᠱᠠᠲᠤ ᠬᠤᠪᠢᠶᠠᠨ ᠰᠢᠯᠢᠳᠡᠭ ᠬᠡᠦᠬᠡᠳ ᠤᠨ ᠨᠣᠮ ᠤᠨ ᠭᠠᠷᠴᠠᠭ ᠢ ᠲᠠᠨᠢᠯᠴᠠᠭᠤᠯᠵᠤ᠂ ᠬᠡᠦᠬᠡᠳ ᠤᠨ ᠨᠡᠶᠢᠭᠡᠮ ᠲᠣᠭᠤᠷᠢᠭ ᠤᠨ ᠤᠩᠰᠢᠯᠭ᠎ᠠ ᠶᠢᠨ ᠲᠠᠯᠠᠪᠤᠷ ᠭᠠᠵᠠᠷ ᠪᠠ ᠴᠢᠳᠠᠮᠵᠢ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠨᠣᠮ ᠪᠢᠴᠢᠭ ᠤᠨ ᠥᠷᠥᠭᠡ ᠳᠤ ᠭᠡᠷ ᠪᠦᠯᠢ ᠶᠢᠨ ᠨᠣᠮ ᠤᠩᠰᠢᠬᠤ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠬᠡᠦᠬᠡᠳ ᠵᠢᠴᠢ ᠭᠡᠷ ᠪᠦᠯᠢ ᠶᠢᠨ ᠎ ᠬᠢᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠬᠤ ᠶᠢ ᠬᠥᠮᠥᠵᠢᠭᠦᠯᠦᠨ᠎ᠡ᠃      6᠂ ᠬᠤᠲᠠ ᠬᠥᠳᠡᠭᠡ ᠶᠢ ᠬᠠᠮᠤᠷᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠣᠲᠣ ᠶᠢᠨ ᠪᠠᠶᠢᠭ᠎ᠠ ᠪᠠᠶᠢᠭᠤᠯᠤᠮᠵᠢ ᠳᠠᠭᠠᠨ ᠲᠦᠰᠢᠭᠯᠡᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠲᠥᠪ ᠪᠠᠶᠢᠭᠤᠯᠵᠤ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ᠂ ᠭᠡᠷ ᠤᠨ ᠠᠬᠠᠮᠠᠳ ᠤᠨ ᠰᠤᠷᠭᠠᠭᠤᠯᠢ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠡᠮᠡᠭᠲᠡᠶᠢᠴᠦᠳ ᠤᠨ ᠭᠡᠷ ᠪᠦᠯᠢ᠂ ᠬᠡᠦᠬᠡᠳ ᠤᠨ ᠭᠡᠷ ᠪᠦᠯᠢ ᠵᠡᠷᠭᠡ ᠳᠤ ᠲᠦᠰᠢᠭᠯᠡᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠴᠡᠭ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯ ᠤᠨ ᠳᠦᠷᠢᠮ ᠢ ᠪᠦᠷᠢᠨᠰᠢᠭᠦᠯᠵᠦ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠶᠢ ᠰᠤᠷᠭᠠᠭᠤᠯᠢ ᠶᠢᠨ ᠠᠵᠢᠯ ᠤᠨ ᠲᠥᠯᠥᠪᠯᠡᠭᠡ ᠪᠠ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠤᠷᠤᠭᠤᠯᠤᠨ᠎ᠠ᠃ ᠤᠯᠠᠨ ᠨᠡᠶᠢᠳᠡ  ᠶᠢᠨ ᠰᠣᠶᠣᠯ  ᠤᠨ ᠦᠢᠯᠡᠴᠢᠯᠡᠭᠡᠨ ᠎ ᠤ ᠪᠠᠶᠢᠭᠤᠯᠤᠮᠵᠢ ᠪᠣᠯᠣᠨ ᠡᠬᠡ ᠣᠷᠣᠨᠴᠢ ᠦᠵᠡᠯ  ᠤᠨ ᠬᠥᠮᠦᠵᠢᠯ  ᠤᠨ ᠰᠠᠭᠤᠷᠢᠨ ᠭᠠᠵᠠᠷ ᠨᠢ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠭᠡᠷ ᠪᠦᠯᠢ  ᠶᠢᠨ ᠬᠥᠮᠦᠵᠢᠯ  ᠤᠨ ᠤᠬᠠᠭᠤᠯᠭ᠎ᠠ᠂ ᠭᠡᠷ ᠪᠦᠯᠢ ᠎ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠪᠣᠯᠣᠨ ᠦᠢᠯᠡᠳᠦᠯᠭᠡ  ᠶᠢᠨ ᠠᠵᠢᠯᠯᠠᠭ᠎ᠠ ᠶᠢ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃      7᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠦᠢᠯᠡᠴᠢᠯᠡᠭᠡ ᠶᠢ ᠳᠡᠮᠵᠢᠵᠦ ᠪᠠᠲᠤᠯᠠᠬᠤ ᠶᠢ ᠴᠢᠩᠭᠠᠷᠠᠭᠤᠯᠤᠨ᠎ᠠ᠃ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠰᠬᠠᠢ ᠲᠥᠯᠦᠪᠵᠢᠭᠦᠯᠭᠡ ᠶᠢ ᠲᠣᠭᠲᠠᠭᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠤᠭᠤᠳᠬᠤ ᠦᠢᠯᠡᠴᠢᠯᠡᠭᠡ ᠶᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ ᠣᠷᠣᠭᠤᠯᠤᠨ᠂ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠵᠠᠰᠠᠭ ᠤᠨ ᠣᠷᠳᠣᠨ ᠎ ᠠᠴᠠ ᠨᠥᠬᠦᠪᠦᠷᠢ ᠥᠭᠬᠦ᠂ ᠱᠠᠩᠨᠠᠵᠤ ᠤᠷᠮᠠᠰᠢᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠠᠪᠴᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠤᠨ᠎ᠠ᠃ ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ᠂ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ‌ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠭᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯᠯᠠᠵᠤ ᠪᠠᠶᠢᠭ᠎ᠠ ᠬᠥᠮᠥᠰ ᠲᠤ ᠬᠠᠤᠯᠢ ᠶᠣᠰᠣᠭᠠᠷ ᠵᠢᠯᠣᠭᠤᠳᠤᠯᠭ᠎ᠠ ᠪᠠ ᠬᠢᠨᠠᠯᠲᠠ ᠲᠠᠯᠪᠢᠨ᠎ᠠ᠃ ᠨᠥᠬᠦᠴᠡᠯ ᠪᠦᠷᠢᠳᠦᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠴᠢᠭ᠋ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠳᠤ ᠳᠡᠮᠵᠢᠯᠭᠡ ᠬᠠᠩᠭᠠᠨ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠳᠤ ᠬᠠᠨᠳᠤᠭᠤᠯᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠠᠵᠢᠯᠲᠠᠨ ᠤ ᠬᠠᠤᠯᠢ ᠲᠣᠭᠲᠠᠭᠠᠯ ᠶᠣᠰᠣᠭᠠᠷ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃       8᠂ ᠭᠡᠷ ᠪᠦᠯᠢ ᠶᠢᠨ ᠬᠡᠦᠬᠡᠳ ᠠᠪᠬᠤ ᠥᠰᠬᠡᠨ ᠬᠥᠮᠥᠵᠢᠭᠦᠯᠬᠦ ᠰᠤᠷᠭᠠᠨ ᠬᠥᠮᠦᠵᠢᠯ ᠢ ᠳᠡᠮᠵᠢᠬᠦ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠎ᠠ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠩᠭᠡᠵᠢᠯᠲᠡ ᠶᠢᠨ ᠴᠢᠯᠦᠭᠡᠨ ᠤ ᠳᠦᠷᠢᠮ ᠪᠠ ᠦᠷᠡᠵᠢᠯ ᠤᠨ ᠨᠥᠬᠦᠪᠦᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠴᠢᠭᠡ ᠡᠬᠡ ᠶᠢᠨ ᠬᠡᠦᠬᠡᠳ ᠪᠣᠶᠢᠵᠢᠭᠤᠯᠬᠤ ᠴᠢᠯᠦᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠭᠡᠷ ᠪᠦᠯᠢ ᠶᠢᠨ ᠦᠷᠡᠵᠢᠵᠦ ᠥᠰᠬᠡᠨ ᠪᠣᠶᠢᠵᠢᠭᠤᠯᠬᠤ ᠳᠠᠷᠤᠭᠠᠰᠤ ᠶᠢ ᠬᠥᠩᠭᠡᠯᠡᠵᠦ᠂ 3 ᠨᠠᠰᠤᠨ ᠎ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠳᠡᠮ ᠬᠠᠷᠠᠭᠠᠯᠵᠠᠵᠤ ᠬᠡᠦᠬᠡᠳ ᠰᠠᠭᠠᠲᠠᠭᠤᠯᠬᠤ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠥᠮᠥᠨ ᠬᠡᠷᠡᠭᠯᠡᠬᠦ ᠨᠢᠭᠡᠴᠢ ᠶᠢᠨ ᠡᠬᠡ ᠨᠢᠯᠬᠠᠰ ᠤᠨ ᠥᠷᠥᠭᠡ ᠪᠠ ᠨᠠᠶᠢᠳᠠᠨ ᠬᠥᠮᠥᠵᠢᠭᠦᠯᠬᠦ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠡᠭᠦᠳᠦᠨ ᠡᠷᠭᠢᠯᠡᠬᠦ ᠶᠢ ᠵᠣᠷᠢᠭᠵᠢᠭᠤᠯᠵᠤ᠂ ᠬᠠᠷᠢᠮᠠᠬᠠᠢ ᠴᠢᠨᠠᠷᠲᠠᠢ ᠠᠵᠢᠯᠯᠠᠬᠤ ᠴᠠᠭ᠂ ᠭᠡᠷ ᠲᠡᠭᠡᠨ ᠠᠵᠢᠯᠯᠠᠬᠤ ᠵᠡᠷᠭᠡ ᠭᠡᠷ ᠪᠦᠯᠢ ᠶᠢᠨ ᠨᠥᠬᠦᠷᠰᠡᠭ ᠪᠠᠶᠢᠬᠤ ᠠᠮᠢᠳᠤᠯᠢᠭ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠠᠬᠤᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠪᠦᠯᠢ ᠶᠢᠨ ᠦᠢᠯᠡᠴᠢᠯᠡᠭᠡᠨ ᠤ ᠣᠶᠤᠨᠴᠢᠯᠠᠬᠤ ᠪᠠ ᠲᠣᠭᠠᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠲᠡ ᠴᠣᠭᠴᠠ ᠵᠢᠴᠢ ᠲᠡᠳᠡᠨᠤᠰ ᠤᠨ ᠭᠡᠷ ᠪᠦᠯᠢ ᠶᠢᠨ ᠳᠡᠮᠵᠢᠯᠭᠡ ᠪᠠ ᠪᠠᠲᠤᠯᠠᠭ᠎ᠠ ᠶᠢ ᠭᠡᠷ ᠪᠦᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠲᠡᠷᠢᠭᠦᠨ ᠬᠦᠷᠢᠶ᠎ᠡ ᠪᠣᠯᠭᠠᠨ᠎ᠠ᠃      9᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠴᠢᠩᠭᠠᠳᠬᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠴᠢᠩᠱᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠭᠡᠷ ᠪᠦᠯᠢ ᠶᠢᠨ ᠪᠠᠶᠢᠭᠤᠯᠤᠯᠲᠠ᠂ ᠭᠡᠷ ᠪᠦᠯᠢ ᠶᠢᠨ ᠬᠥᠮᠦᠵᠢᠯ᠂ ᠭᠡᠷ ᠤᠨ ᠰᠤᠷᠲᠠᠯ ᠢ ᠬᠥᠮᠥᠵᠢᠭᠦᠯᠬᠦ ᠵᠡᠷᠭᠡ ᠭᠡᠷ ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠲᠥᠯᠥᠨ ᠳᠠᠭᠠᠭᠤᠯᠬᠤ ᠴᠢᠨᠠᠷ᠂ ᠡᠷᠬᠡ ᠰᠦᠷᠲᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠵᠢᠯᠤᠭᠤᠳᠬᠤ ᠴᠢᠨᠠᠷ ᠤᠨ ᠰᠤᠳᠤᠯᠭᠠᠨ ᠤ ᠦᠷ᠎ᠡ ᠪᠦᠲᠦᠭᠡᠯ ᠢᠶᠠᠷ ᠭᠡᠷ ᠪᠦᠯᠢ ᠶᠢᠨ ᠬᠦᠷᠢᠶᠡᠨ ᠤ ᠠᠰᠠᠭᠤᠳᠠᠯ ᠤᠨ ᠲᠤᠬᠠᠢ ᠠᠷᠠᠳ ᠣᠯᠠᠨ ᠤ ᠰᠢᠨ᠎ᠡ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠭᠦᠨ᠎ᠡ᠃ ᠨᠡᠶᠢᠭᠡᠮ ᠤᠨ ᠬᠦᠴᠦᠨ ᠢ ᠵᠣᠷᠢᠭᠵᠢᠭᠤᠯᠤᠨ ᠭᠡᠷ ᠪᠦᠯᠢ ᠶᠢᠨ ᠦᠢᠯᠡᠴᠢᠯᠡᠭᠡᠨ ᠤ ᠬᠦᠷᠢᠶᠡᠨ ᠳᠠᠬᠢ ᠠᠷᠭᠠᠴᠠᠬᠤ ᠪᠣᠳᠣᠯᠭ᠎ᠠ ᠶᠢᠨ ᠰᠤᠳᠤᠯᠤᠯ ᠢ ᠴᠢᠩᠭᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠲᠤᠰᠬᠠᠶᠢᠵᠢᠭᠰᠠᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠭᠡᠷ ᠪᠦᠯᠢ ᠶᠢᠨ ᠦᠢᠯᠡᠴᠢᠯᠡᠭᠡᠨ ᠤ ᠳᠡᠮᠵᠢᠯᠭᠡ ᠬᠠᠩᠭᠠᠨ᠎ᠠ       ︵ᠵᠢᠷᠭᠤᠭ᠎ᠠ︶ ᠬᠡᠦᠬᠡᠳ ᠬᠢᠭᠡᠳ ᠣᠷᠴᠢᠨ ᠲᠣᠭᠤᠷᠢᠨ      ᠭᠤᠣᠯ ᠬᠠᠷᠠᠯᠲᠠ᠄      1᠂ ᠬᠡᠦᠬᠡᠳ ᠢ ᠤᠷᠢᠳᠠᠪᠠᠷ ᠪᠣᠳᠣᠯᠬᠢᠯᠠᠬᠤ ᠣᠨᠣᠯᠵᠢᠬᠤᠨ ᠢ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠵᠡᠷᠭᠡ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠬᠡᠦᠬᠡᠳ ᠢ ᠬᠦᠨᠳᠦᠳᠬᠡᠬᠦ ᠪᠠ ᠬᠠᠶᠢᠷᠠᠯᠠᠬᠤ ᠨᠡᠶᠢᠭᠡᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠦᠷᠢᠯᠳᠦᠭᠦᠯᠦᠨ᠎ᠡ᠃      2᠂ ᠬᠡᠦᠬᠡᠳ ᠤᠨ ᠨᠥᠬᠦᠷᠰᠡᠭ ᠬᠤᠳᠠ ᠪᠠ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠤᠨ᠎ᠠ᠃      3᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠦᠬᠡᠳ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠡᠷᠭᠡ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠢ ᠨᠡᠮᠡᠭᠳᠡᠭᠦᠯᠵᠦ᠂ ᠠᠰᠢᠭᠯᠠᠯᠲᠠ ᠶᠢᠨ ᠨᠣᠷᠮ᠎ᠠ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      4᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠳᠤ ᠠᠰᠢᠭᠲᠠᠢ ᠨᠠᠩ ᠣᠯᠠᠨ ᠴᠢᠨᠠᠷ ᠰᠠᠶᠢᠲᠠᠢ ᠣᠶᠤᠨ ᠤ ᠰᠣᠶᠣᠯ ᠤᠨ ᠪᠦᠲᠦᠭᠡᠭᠳᠡᠬᠦᠨ ᠢ ᠬᠠᠩᠭᠠᠨ᠎ᠠ᠃      5᠂ ᠬᠡᠦᠬᠡᠳ ᠢ ᠡᠯ᠎ᠡ ᠲᠥᠷᠥᠯ ᠤᠨ ᠵᠠᠭᠤᠴᠢᠯᠠᠭᠤᠷ ᠤᠨ ᠡᠷᠡᠭᠦᠯ ᠪᠤᠰᠤ ᠮᠡᠳᠡᠭᠡ ᠵᠠᠩᠭᠢ ᠶᠢᠨ ᠨᠥᠯᠥᠭᠡ ᠬᠦᠷᠲᠡᠬᠦ ᠠᠴᠠ ᠵᠠᠶᠢᠯᠠᠰᠬᠢᠨ᠎ᠠ᠃ ᠬᠡᠦᠬᠡᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      6᠂ ᠬᠡᠦᠬᠡᠳ ᠤᠨ ᠭᠡᠷ ᠪᠦᠯᠢ᠂ ᠰᠤᠷᠭᠠᠭᠤᠯᠢ ᠪᠠ ᠨᠡᠶᠢᠭᠡᠮ ᠤᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ ᠭᠦᠢᠴᠡᠳ ᠪᠠᠲᠤᠯᠠᠨ᠎ᠠ᠃      7᠂ ᠬᠡᠦᠬᠡᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠳᠠᠳᠬᠠᠯ ᠢ ᠬᠠᠪᠰᠤᠷᠤᠨ ᠪᠣᠶ ᠪᠣᠯᠭᠠᠨ᠎ᠠ᠃      8᠂ ᠣᠷᠴᠢᠨ ᠲᠣᠭᠤᠷᠢᠨ ᠤ ᠪᠣᠬᠢᠷᠲᠤᠯ ᠤᠨ ᠬᠡᠦᠬᠡᠳ ᠲᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠨ᠎ᠠ᠃ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠬᠦ ᠨᠤᠷᠮ᠎ᠠ ᠶᠢ 95%᠎ ᠠᠴᠠ ᠳᠡᠭᠡᠭᠰᠢ ᠪᠠᠶᠢᠯᠭᠠᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃      9᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠳᠠᠭᠠᠨ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠢ ᠭᠦᠢᠴᠡᠳ ᠪᠣᠳᠣᠯᠬᠢᠯᠠᠵᠤ᠂ ᠬᠡᠦᠬᠡᠳ ᠤᠨ ᠣᠨᠴᠠᠭᠠᠶ ᠬᠡᠷᠡᠭᠴᠡᠭᠡ ᠶᠢ ᠤᠷᠢᠳ ᠢᠶᠠᠷ ᠬᠠᠩᠭᠠᠨ᠎ᠠ᠃      10᠂ ᠬᠡᠦᠬᠡᠳ ᠤᠨ ᠶᠠᠪᠤᠳᠠᠯ ᠤᠨ ᠲᠤᠬᠠᠢ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠭᠡᠨ ᠢᠶᠠᠷ ᠦᠷᠨᠢᠭᠦᠯᠦᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠤᠨ᠎ᠠ᠃ ᠬᠡᠦᠬᠡᠳ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠳᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠦᠬᠡᠳ ᠢ ᠤᠷᠢᠳᠠᠪᠠᠷ ᠬᠥᠭᠵᠢᠭᠦᠯᠬᠦ ᠪᠠ ᠬᠡᠦᠬᠡᠳ ᠤᠨ ᠡᠷᠬᠡ ᠠᠰᠢᠭ ᠢ ᠪᠠᠲᠤᠯᠠᠬᠤ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠨᠡᠶᠢᠭᠡᠮ ᠤᠨ ᠤᠯᠠᠨ ᠨᠡᠶᠢᠲᠡ ᠶᠢᠨ ᠬᠡᠦᠬᠡᠳ ᠤᠨ ᠡᠷᠬᠡ ᠠᠰᠢᠭ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠬᠡᠦᠬᠡᠳ ᠤᠨ ᠡᠷᠬᠡ ᠠᠰᠢᠭ ᠢ ᠪᠠᠲᠤᠯᠠᠬᠤ ᠤᠬᠠᠮᠰᠠᠷᠲᠤ ᠴᠢᠨᠠᠷ ᠢ ᠨᠡᠮᠡᠭᠳᠡᠭᠦᠯᠦᠨ᠎ᠡ᠃ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ᠂ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠬᠡᠦᠬᠡᠳ ᠤᠨ ᠬᠡᠷᠡᠭᠴᠡᠭᠡ ᠶᠢ ᠡᠩ ᠲᠡᠷᠢᠭᠦᠨ ᠳᠤ ᠬᠠᠩᠭᠠᠨ᠎ᠠ᠃ ᠬᠡᠦᠬᠡᠳ ᠲᠤ ᠨᠠᠩ ᠣᠯᠠᠨ ᠠᠮᠤᠷ ᠲᠦᠪᠰᠢᠨ᠂ ᠨᠥᠬᠦᠷᠰᠡᠭ ᠣᠯᠠᠨ ᠨᠡᠶᠢᠲᠡ ᠶᠢᠨ ᠲᠥᠬᠦᠭᠡᠷᠦᠮᠵᠢ ᠪᠠ ᠠᠵᠢᠯᠯᠠᠭᠠᠨ ᠤ ᠲᠠᠯᠠᠪᠤᠷ ᠬᠠᠩᠭᠠᠬᠤ ᠶᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠬᠤᠲᠠ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠡᠦᠬᠡᠳ ᠤᠨ ᠬᠥᠭᠵᠢᠯᠲᠡ ᠪᠠ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠡᠦᠬᠡᠳ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ᠂ ᠪᠡᠯᠡ ᠮᠥᠩᠭᠦ ᠶᠢᠨ ᠣᠷᠤᠭᠤᠯᠤᠯᠲᠠ᠂ ᠲᠥᠷᠥᠯ ᠵᠦᠢᠯ ᠤᠨ ᠬᠡᠷᠡᠭᠵᠢᠭᠦᠯᠦᠯᠲᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠲᠠ ᠶᠢᠨ ᠬᠥᠭᠵᠢᠯᠲᠡ ᠶᠢᠨ ᠴᠢᠬᠤᠯᠠ ᠶᠡᠭᠡ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠳᠤ ᠬᠡᠦᠬᠡᠳ ᠤᠨ ᠨᠥᠯᠥᠭᠡ ᠶᠢᠨ ᠦᠨᠡᠯᠡᠯᠲᠡ ᠶᠢ ᠣᠷᠣᠭᠤᠯᠤᠨ᠎ᠠ᠃ ᠲᠣᠭᠠᠴᠢᠯᠠᠭᠰᠠᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ ᠪᠠᠶᠢᠭᠠᠳ ᠬᠡᠦᠬᠡᠳ ᠤᠨ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃      2᠂ ᠬᠡᠦᠬᠡᠳ ᠤᠨ ᠨᠥᠬᠦᠷᠰᠡᠭ ᠬᠤᠲᠠ ᠪᠠ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠨᠡᠶᠢᠭᠡᠮ ᠤᠨ ᠲᠥᠷᠥ ᠶᠢᠨ ᠪᠣᠳᠣᠯᠭ᠎ᠠ ᠪᠠᠷ ᠨᠥᠬᠦᠷᠰᠡᠭ᠂ ᠣᠯᠠᠨ ᠨᠡᠶᠢᠲᠡ ᠶᠢᠨ ᠦᠢᠯᠡᠴᠢᠯᠡᠭᠡ ᠪᠠᠷ ᠨᠥᠬᠦᠷᠰᠡᠭ᠂ ᠡᠷᠬᠡ ᠶᠢᠨ ᠪᠠᠲᠤᠯᠠᠭ᠎ᠠ ᠪᠠᠷ ᠨᠥᠬᠦᠷᠰᠡᠭ᠂ ᠦᠰᠦᠨ ᠪᠣᠶᠢᠵᠢᠬᠤ ᠣᠷᠣᠨ ᠵᠠᠢ ᠪᠠᠷ ᠨᠥᠬᠦᠷᠰᠡᠭ᠂ ᠣᠷᠴᠢᠨ ᠲᠣᠭᠤᠷᠢᠨ ᠢᠶᠠᠷ ᠨᠥᠬᠦᠷᠰᠡᠭ ᠬᠡᠦᠬᠡᠳ ᠤᠨ ᠨᠥᠬᠦᠷᠰᠡᠭ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠬᠡᠦᠬᠡᠳ ᠤᠨ ᠨᠥᠬᠦᠷᠰᠡᠭ ᠪᠠᠶᠢᠬᠤ ᠣᠨᠣᠯᠵᠢᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠵᠡᠷᠭᠡ ᠣᠯᠠᠨ ᠨᠡᠶᠢᠲᠡ ᠶᠢᠨ ᠣᠷᠣᠨ ᠵᠠᠢ ᠶᠢ ᠪᠦᠲᠦᠭᠡᠨ ᠪᠠᠶᠢᠭᠤᠯᠵᠤ᠂ ᠬᠡᠦᠬᠡᠳ ᠲᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠤᠩᠰᠢᠯᠭ᠎ᠠ ᠶᠢᠨ ᠵᠤᠭ᠎ᠠ ᠴᠡᠩᠭᠡᠯ ᠤᠨ ᠲᠠᠯᠠᠪᠤᠷ ᠬᠠᠩᠭᠠᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ︽ᠪᠢᠴᠢᠯ ᠣᠷᠣᠨ ᠵᠠᠢ︾᠎ ᠶᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠬᠡᠦᠬᠡᠳ ᠤᠨ ︽ᠲᠣᠭᠯᠠᠭᠠᠮ ᠤᠨ ᠪᠤᠯᠤᠩ︾ ᠪᠠᠶᠢᠭᠤᠯᠬᠤ ᠶᠢ ᠵᠣᠷᠢᠭᠵᠢᠭᠤᠯᠤᠨ᠂ ᠰᠤᠷᠬᠤ ᠨᠠᠰᠤᠨ ᠤ ᠬᠡᠦᠬᠡᠳ ᠤᠨ ᠠᠯᠬᠤᠬᠤ ᠵᠠᠮ ᠪᠠ ᠬᠠᠶᠢᠨ ᠰᠦᠪᠡᠭᠴᠢᠯᠡᠬᠦ ᠣᠷᠣᠨ ᠵᠠᠢ ᠶᠢ ᠬᠠᠩᠭᠠᠵᠤ᠂ ᠭᠡᠷ ᠤᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠲᠣᠭᠯᠠᠭᠠᠮ ᠤᠨ ᠠᠵᠢᠯᠯᠠᠭᠠᠨ ᠤ ᠪᠡᠯᠡᠳᠬᠡᠮᠵᠢ ᠶᠢ ᠵᠦᠢ ᠵᠣᠬᠢᠰᠲᠠᠢ ᠨᠡᠮᠡᠵᠦ ᠪᠠᠶᠢᠭᠤᠯᠤᠨ᠎ᠠ᠃ ᠣᠯᠠᠨ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠬᠡᠦᠬᠡᠳ ᠤᠨ ᠠᠵᠢᠯ ᠤᠨ ᠣᠶᠤᠨ ᠤ ᠬᠥᠮᠥᠷᠭᠡ ᠶᠢ ᠪᠠᠶᠢᠭᠤᠯᠤᠨ᠂ ᠬᠡᠦᠬᠡᠳ ᠤᠨ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠲᠣᠭᠲᠠᠭᠠᠬᠤ᠂ ᠳᠦᠷᠢᠮ ᠲᠣᠭᠲᠠᠭᠠᠬᠤ᠂ ᠣᠨᠣᠯ ᠤᠨ ᠰᠢᠨ᠎ᠡ ᠶᠢ ᠡᠭᠦᠳᠬᠦ᠂ ᠴᠢᠳᠠᠪᠤᠷᠢ ᠶᠢᠨ ᠪᠠᠶᠢᠭᠤᠯᠤᠯᠲᠠ ᠶᠢᠨ ᠵᠠᠰᠠᠭ ᠲᠤ ᠲᠤᠰᠠᠯᠠᠬᠤ ᠰᠠᠨᠠᠯ ᠵᠥᠪᠯᠡᠯᠭᠡ ᠳᠤᠷᠠᠳᠬᠤ᠂ ᠬᠡᠦᠬᠡᠳ ᠲᠤ ᠦᠢᠯᠡᠴᠢᠯᠡᠬᠦ ᠠᠵᠢᠯ ᠳᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠨ᠎ᠠ᠃      3᠂ ᠬᠡᠦᠬᠡᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠡᠦᠬᠡᠳ ᠤᠨ ᠠᠵᠢᠯᠯᠠᠭᠠᠨ ᠤ ᠲᠠᠯᠠᠪᠤᠷ ᠭᠠᠵᠠᠷ ᠤᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠡᠦᠬᠡᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠨᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠴᠢᠯᠦᠭᠡᠲᠡᠢ ᠨᠡᠭᠡᠭᠡᠵᠦ᠂ ᠨᠥᠬᠦᠴᠡᠯ ᠢᠶᠠᠨ ᠦᠨᠳᠦᠰᠦᠯᠡᠨ ᠬᠡᠦᠬᠡᠳ ᠤᠨ ᠠᠵᠢᠯᠯᠠᠭᠠᠨ ᠤ ᠲᠤᠰᠬᠠᠢ ᠣᠷᠣᠨ ᠢ ᠨᠡᠭᠡᠭᠡᠨ᠎ᠡ᠃ ᠨᠥᠬᠦᠴᠡᠯ ᠪᠦᠷᠢᠯᠳᠦᠭᠦᠯᠦᠭᠰᠡᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠲᠤ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠠᠶᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠬᠥᠮᠥᠨ ᠬᠥᠮᠥᠵᠢᠭᠦᠯᠬᠦ ᠳᠠᠪᠠᠭᠤᠯᠢᠭ ᠢ ᠪᠠᠳᠠᠷᠠᠭᠤᠯᠵᠤ᠂ ᠣᠨᠴᠠᠯᠢᠭ ᠢᠶᠠᠷ ᠢᠯᠡ ᠲᠣᠳᠣ᠂ ᠣᠷᠣᠯᠴᠠᠬᠤ ᠬᠡᠪᠴᠢᠶ᠎ᠡ ᠪᠠᠷ ᠥᠷᠭᠡᠨ ᠬᠡᠦᠬᠡᠳ ᠤᠨ ᠭᠤᠣᠯ ᠰᠡᠳᠦᠪᠲᠦ ᠠᠵᠢᠯᠯᠠᠭᠠᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃      4᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠳᠤᠰᠤᠯᠭᠠᠨ ᠤᠰᠤᠯᠠᠬᠤ ᠮᠠᠶ᠋ᠢᠭ︾᠎ ᠤᠨ ᠤᠬᠠᠭᠤᠯᠭ᠎ᠠ ᠪᠠ ᠬᠠᠮ ᠵᠠᠭᠤᠴᠢᠯᠠᠭᠤᠷ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠬᠡᠦᠬᠡᠳ ᠲᠤ ᠲᠣᠬᠢᠷᠠᠬᠤ ᠨᠣᠮ ᠪᠢᠴᠢᠭ᠂ ᠺᠢᠨᠣ᠋ ᠲᠧᠯᠸᠢᠰ᠂ ᠳᠠᠭᠤᠤ᠂ ᠲᠣᠭᠯᠠᠭᠠᠮ᠂ ᠷᠠᠳᠢᠣ᠋ ᠲᠧᠯᠸᠢᠰ ᠤᠨ ᠫᠷᠣᠭ᠍ᠷᠠᠮ ᠵᠡᠷᠭᠡ ᠣᠶᠤᠨ ᠤ ᠰᠣᠶᠣᠯ ᠤᠨ ᠪᠦᠲᠦᠭᠡᠭᠳᠡᠬᠦᠨ ᠢ ᠦᠢᠯᠡᠳᠬᠦ ᠪᠠ ᠤᠯᠠᠮᠵᠢᠯᠠᠨ ᠲᠠᠷᠬᠠᠭᠠᠵᠤ᠂ ᠬᠡᠦᠬᠡᠳ ᠤᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ᠬᠡᠦᠬᠡᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠳᠤ ᠣᠷᠣᠯᠴᠠᠬᠤ ᠶᠢ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠣᠷᠣᠨ ᠵᠠᠢ ᠳᠤ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠥᠷᠨᠢᠭᠦᠯᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠰᠦᠪᠡᠭᠴᠢᠯᠡᠵᠦ᠂ ᠮᠡᠳᠡᠯᠭᠡ ᠶᠢᠨ ᠴᠢᠨᠠᠷ᠂ ᠰᠣᠨᠢᠷᠬᠠᠯᠲᠤ ᠴᠢᠨᠠᠷ ᠪᠠ ᠴᠠᠭ ᠦᠶᠡᠴᠢ ᠴᠢᠨᠠᠷ ᠢ ᠴᠢᠩᠭᠠᠷᠠᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠣᠶᠣᠯ ᠤᠷᠠᠯᠢᠭ ᠤᠨ ᠪᠠᠶᠢᠭᠤᠯᠤᠮᠵᠢ ᠶᠢᠨ ᠬᠡᠦᠬᠡᠳ ᠤᠨ ᠰᠣᠶᠣᠯ ᠤᠷᠠᠯᠢᠭ ᠤᠨ ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠲᠠᠯᠠᠪᠤᠷ ᠭᠠᠵᠠᠷ ᠤᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃      5᠂ ᠰᠣᠨᠢᠨ ᠮᠡᠳᠡᠭᠡ ᠬᠡᠪᠯᠡᠯ᠂ ᠰᠣᠶᠣᠯ ᠵᠡᠷᠭᠡ ᠬᠦᠷᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠡᠦᠬᠡᠳ ᠤᠨ ᠬᠡᠪᠯᠡᠭᠳᠡᠬᠦᠨ ᠢ ᠬᠢᠨᠠᠨ ᠤᠩᠰᠢᠬᠤ᠂ ᠬᠢᠨᠠᠨ ᠲᠣᠭᠲᠠᠭᠠᠬᠤ ᠪᠠ ᠰᠢᠢᠳᠪᠦᠷᠢᠯᠡᠬᠦ ᠶᠢ ᠴᠢᠩᠭᠠᠳᠬᠠᠵᠤ᠂ ︽ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠭᠦᠨᠵᠡᠭᠡᠶᠢᠷᠡᠭᠦᠯᠦᠨ᠂ ᠱᠠᠯᠢᠭ ᠵᠠᠪᠬᠠᠢ ᠪᠣᠯᠬᠢ ᠪᠦᠳᠦᠭᠦᠯᠢᠭ᠂ ᠬᠦᠴᠦᠷᠬᠡᠭᠯᠡᠯ ᠰᠦᠷᠳᠡᠭᠦᠯᠦᠯ ᠤᠨ ᠮᠤᠬᠤᠷ ᠪᠢᠰᠢᠷᠡᠯ ᠵᠡᠷᠭᠡ ᠬᠤᠣᠷ ᠬᠥᠨᠥᠭᠡᠯ ᠲᠠᠢ ᠬᠡᠪᠯᠡᠭᠳᠡᠬᠦᠨ ᠵᠢᠴᠢ ᠮᠡᠳᠡᠭᠡ ᠵᠠᠩᠭᠢ ᠶᠢ ᠠᠷᠢᠯᠭᠠᠨ᠎ᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠠᠤᠯᠢ ᠪᠤᠰᠤ ᠪᠠᠷ ᠪᠣᠷᠣᠯᠠᠭᠤᠯᠤᠭᠰᠠᠨ ᠬᠡᠪᠯᠡᠭᠳᠡᠬᠦᠨ ᠪᠠ ᠪᠣᠯᠬᠢ ᠪᠦᠳᠦᠭᠦᠯᠢᠭ ᠠᠭᠤᠯᠭ᠎ᠠ ᠳᠤ ᠬᠤᠯᠪᠣᠭᠳᠠᠭᠰᠠᠨ ᠬᠡᠦᠬᠡᠳ ᠤᠨ ᠰᠣᠶᠣᠯ ᠤᠨ ᠬᠡᠷᠡᠭᠰᠡᠯ᠂ ᠲᠣᠭᠯᠠᠭᠠᠮ ᠤᠨ ᠵᠦᠢᠯ ᠢ ᠴᠡᠪᠡᠷᠯᠡᠨ᠎ᠡ᠃ ᠰᠦᠯᠵᠢᠶᠡᠨ ᠤ ᠬᠡᠪᠯᠡᠯ᠂ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠰᠦᠯᠵᠢᠶᠡᠨ ᠤ ᠲᠣᠭᠯᠠᠭᠠᠮ᠂ ᠬᠠᠷᠠᠭᠠᠨ ᠳᠠᠪᠲᠠᠮᠵᠢ᠂ ᠰᠢᠭᠤᠳ ᠨᠡᠪᠲᠡᠷᠡᠭᠦᠯᠭᠡ᠂ ᠨᠡᠶᠢᠭᠡᠮ ᠤᠨ ᠬᠠᠷᠢᠯᠴᠠᠭ᠎ᠠ᠂ ᠰᠤᠷᠤᠯᠴᠠᠯᠭ᠎ᠠ ᠶᠢᠨ ᠲᠥᠷᠥᠯ ᠤᠨ ᠰᠢᠯᠵᠢᠮᠡᠯ ᠬᠡᠷᠡᠭᠯᠡᠭᠡᠨ ᠤ ᠵᠥᠭᠡᠯᠡᠨ ᠲᠣᠨᠤᠭ ᠢᠶᠠᠷ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠳᠠᠮᠵᠢᠭᠤᠯᠬᠤ ᠶᠢ ᠴᠠᠭ ᠲᠤᠬᠠᠢ ᠳᠤᠨᠢ ᠴᠡᠭᠴᠡᠯᠡᠨ ᠵᠠᠰᠠᠨ᠎ᠠ᠃ ᠨᠠᠰᠤᠨ ᠳᠤ ᠥᠯᠥ ᠭᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠬᠢᠵᠠᠭᠠᠷ ᠱᠤᠭᠤᠮ ᠦᠭᠡᠢ ᠪᠠᠷ ᠣᠳᠣᠳ ᠢ ᠬᠥᠭᠡᠭᠡᠴᠡᠯᠳᠦᠬᠦ᠂ ᠵᠣᠭᠤᠰ ᠮᠥᠩᠭᠦᠨ ᠳᠤ ᠰᠢᠨᠤᠵᠤ ᠪᠠᠶᠠᠨ ᠢᠶᠠᠨ ᠭᠠᠶᠢᠬᠠᠭᠤᠯᠬᠤ ᠵᠡᠷᠭᠡ ᠥᠷᠲᠡᠭ ᠤᠨ ᠤᠳᠤᠷᠢᠳᠤᠮᠵᠢ ᠶᠢᠨ ᠠᠰᠠᠭᠤᠳᠠᠯ ᠣᠷᠣᠰᠢᠵᠤ ᠪᠠᠶᠢᠭ᠎ᠠ ᠡᠷᠡᠭᠦᠯ ᠪᠤᠰᠤ ᠮᠡᠳᠡᠭᠡ ᠵᠠᠩᠭᠢ ᠪᠠ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠢᠨᠲ᠋ᠧᠷ ᠰᠦᠯᠵᠢᠶᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ᠂ ᠴᠠᠭᠠᠵᠠᠯᠠᠬᠤ ᠠᠭᠤᠯᠭ᠎ᠠ ᠲᠠᠢ ᠲᠠᠭᠤᠤᠷᠢᠯᠢᠬ ᠤᠨ ᠭᠠᠷᠴᠠᠭ ᠪᠠ ᠲᠣᠭᠯᠠᠭᠠᠮ ᠲᠣᠭᠯᠠᠭᠠᠮ ᠤᠨ ᠤᠷᠠᠯᠢᠭ ᠤᠨ ᠲᠥᠬᠦᠭᠡᠷᠦᠮᠵᠢ ᠬᠠᠩᠭᠠᠭᠰᠠᠨ ᠵᠡᠷᠭᠡ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ‌ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠠᠭᠤᠯᠭ᠎ᠠ ᠶᠢ ᠬᠢᠨᠠᠨ ᠬᠠᠷᠭᠤᠭᠤᠯᠬᠤ᠂ ᠬᠡᠷᠡᠭᠯᠡᠭᠴᠢ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠢᠯᠡᠴᠢᠯᠡᠨ ᠮᠡᠳᠡᠭᠦᠯᠵᠦ ᠰᠢᠢᠳᠪᠦᠷᠢᠯᠡᠬᠦ ᠵᠡᠷᠭᠡ ᠭᠤᠭᠴᠤᠭ᠎ᠠ ᠳᠤ ᠵᠠᠰᠠᠬᠤ ᠠᠷᠭ᠎ᠠ ᠪᠠᠷᠢᠯ ᠢ ᠲᠡᠭᠦᠯᠳᠡᠷᠵᠢᠭᠦᠯᠦᠨ᠎ᠡ᠃      6᠂ ᠬᠡᠦᠬᠡᠳ ᠲᠠᠢ ᠬᠤᠯᠪᠣᠭᠳᠠᠬᠤ ᠵᠠᠷ ᠮᠡᠳᠡᠭᠡ ᠪᠠ ᠬᠤᠳᠠᠯᠳᠤᠭᠠᠨ ᠤ ᠴᠢᠨᠠᠷᠲᠠᠢ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠡᠦᠬᠡᠳ ᠲᠤ ᠬᠤᠯᠪᠣᠭᠳᠠᠬᠤ ᠦᠢᠯᠡᠳᠬᠦᠨ ︵ᠦᠢᠯᠡᠴᠢᠯᠡᠭᠡ︶᠎ ᠤ ᠵᠠᠷ ᠨᠡᠪᠲᠡᠷᠡᠭᠦᠯᠭᠡ ᠶᠢ ᠵᠢᠷᠤᠮᠵᠢᠭᠤᠯᠤᠨ᠎ᠠ᠃ ᠬᠡᠦᠬᠡᠳ ᠲᠤ ᠵᠣᠷᠢᠭᠤᠯᠤᠭᠰᠠᠨ ᠣᠯᠠᠨ ᠨᠡᠶᠢᠲᠡ ᠶᠢᠨ ᠤᠯᠠᠮᠵᠢᠯᠠᠬᠤ ᠵᠠᠭᠤᠴᠢ ᠳᠡᠭᠡᠷ᠎ᠡ ᠡᠮᠴᠢᠯᠡᠭᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠷᠡᠭᠦᠯᠵᠢᠯ ᠤᠨ ᠢᠳᠡᠭᠡᠨ᠂ ᠵᠠᠰᠠᠯ ᠴᠢᠮᠡᠭ ᠤᠨ ᠡᠳ᠋᠂ ᠠᠷᠢᠬᠢᠨ ᠤ ᠵᠦᠢᠯ᠂ ᠵᠢᠰᠦ ᠭᠤᠶᠣᠯᠠᠬᠤ ᠪᠠ ᠲᠠᠮᠠᠬᠢᠨ ᠤ ᠵᠠᠷ ᠵᠢᠴᠢ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭ ᠦᠭᠡᠢ ᠰᠦᠯᠵᠢᠶᠡᠨ ᠤ ᠲᠣᠭᠯᠠᠭᠠᠮ ᠤᠨ ᠵᠠᠷ ᠨᠡᠶᠢᠲᠡᠯᠡᠵᠦ ᠪᠣᠯᠬᠤ ᠦᠭᠡᠢ᠃ ᠣᠯᠠᠨ ᠨᠡᠶᠢᠲᠡ ᠶᠢᠨ ᠤᠯᠠᠮᠵᠢᠯᠠᠬᠤ ᠵᠠᠭᠤᠴᠢ᠂ ᠣᠯᠠᠨ ᠨᠡᠶᠢᠲᠡ ᠶᠢᠨ ᠲᠠᠯᠠᠪᠤᠷ ᠲᠤ ᠡᠬᠡ ᠶᠢᠨ ᠰᠦ ᠶᠢ ᠪᠦᠬᠦᠨ ᠢ ᠪᠤᠶᠤ ᠬᠡᠰᠡᠭ ᠢ ᠨᠢ ᠣᠷᠣᠯᠠᠭᠤᠯᠤᠨ᠎ᠠ ᠭᠡᠰᠡᠨ ᠨᠢᠯᠬ᠎ᠠ ᠬᠡᠦᠬᠡᠳ ᠤᠨ ᠰᠦᠨ ᠪᠦᠲᠦᠭᠡᠭᠳᠡᠬᠦᠨ᠂ ᠤᠮᠳᠠᠭᠠᠨ ᠪᠠ ᠪᠤᠰᠤᠳ ᠢᠳᠡᠭᠡᠨ ᠤ ᠵᠠᠷ ᠨᠡᠶᠢᠲᠡᠯᠡᠬᠦ ᠶᠢ ᠴᠠᠭᠠᠵᠠᠯᠠᠨ᠎ᠠ᠃ ᠬᠤᠯᠪᠣᠭᠳᠠᠯ ᠪᠦᠬᠦᠢ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠬᠡᠦᠬᠡᠳ ᠤᠨ ᠬᠤᠳᠠᠯᠳᠤᠭᠠᠨ ᠤ ᠴᠢᠨᠠᠷᠲᠠᠢ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠵᠢᠷᠤᠮᠵᠢᠭᠤᠯᠤᠨ ᠬᠢᠵᠠᠭᠠᠷᠯᠠᠨ᠎ᠠ᠃      7᠂ ᠬᠡᠦᠬᠡᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠨ᠎ᠠ᠃ ᠬᠡᠦᠬᠡᠳ ᠤᠨ ᠵᠠᠭᠤᠴᠢᠯᠠᠭᠤᠷ ᠢ ᠠᠰᠢᠭᠯᠠᠬᠤ ᠪᠠ ᠵᠠᠭᠤᠴᠢᠯᠠᠭᠤᠷ ᠲᠤ ᠣᠷᠣᠯᠴᠠᠬᠤ ᠡᠷᠬᠡ ᠶᠢ ᠪᠠᠲᠤᠯᠠᠨ᠎ᠠ᠃ ᠬᠡᠦᠬᠡᠳ ᠤᠨ ᠲᠣᠭᠠᠴᠢᠯᠠᠭᠰᠠᠨ ᠠᠮᠢᠳᠤᠷᠠᠯ ᠤᠨ ᠥᠩᠭᠡᠷᠡᠭᠡᠯᠲᠡ ᠶᠢ ᠪᠠᠶᠠᠯᠢᠭᠵᠢᠭᠤᠯᠵᠤ᠂ ᠲᠣᠭᠠᠴᠢᠯᠠᠭᠰᠠᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠭᠡᠷ ᠪᠦᠯᠢ ᠪᠠ ᠨᠡᠶᠢᠭᠡᠮ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠵᠦ᠂ ᠬᠡᠦᠬᠡᠳ ᠵᠢᠴᠢ ᠬᠢᠨᠠᠨ ᠬᠠᠮᠠᠭᠠᠯᠠᠭᠴᠢ ᠶᠢᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠠᠳᠠᠯᠢ ᠪᠤᠰᠤ ᠨᠠᠰᠤᠨ ᠤ ᠱᠠᠲᠤ ᠦᠶ᠎ᠡ ᠶᠢᠨ ᠬᠡᠦᠬᠡᠳ ᠲᠤ ᠲᠣᠣᠷ ᠰᠦᠯᠵᠢᠶ᠎ᠡ ᠬᠡᠷᠡᠭᠯᠡᠬᠦ ᠶᠢ ᠲᠥᠷᠥᠯ ᠬᠤᠪᠢᠶᠠᠨ ᠰᠤᠷᠭᠠᠨ ᠬᠥᠮᠥᠵᠢᠭᠦᠯᠵᠦ ᠵᠢᠯᠤᠭᠤᠳᠬᠤ ᠶᠢ ᠴᠢᠩᠭᠠᠳᠬᠠᠵᠤ᠂ ᠬᠡᠦᠬᠡᠳ ᠢ ᠬᠠᠪᠰᠤᠷᠤᠨ ᠲᠣᠣᠷ ᠰᠦᠯᠵᠢᠶᠡᠨ ᠤ ᠦᠨᠳᠦᠰᠦᠨ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ ᠰᠤᠷᠤᠯᠴᠠᠵᠤ ᠰᠣᠯᠢᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠲᠣᠣᠷ ᠬᠡᠷᠡᠭᠯᠡᠬᠦ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠲᠣᠣᠷ ᠰᠦᠯᠵᠢᠶᠡᠨ ᠤ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠮᠡᠳᠡᠭᠡ ᠵᠠᠩᠭᠢ ᠶᠢ ᠢᠯᠭᠠᠨ ᠲᠠᠨᠢᠬᠤ ᠪᠠ ᠲᠣᠣᠷ ᠰᠦᠯᠵᠢᠶᠡᠨ ᠳᠡᠭᠡᠷ᠎ᠡ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠂ ᠲᠣᠣᠷ ᠰᠦᠯᠵᠢᠶᠡᠨ ᠤ ᠥᠪᠡᠷ ᠢ ᠪᠠᠨ ᠱᠠᠭᠠᠷᠳᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠲᠣᠣᠷ ᠰᠦᠯᠵᠢᠶ᠎ᠡ ᠳᠤ ᠠᠮᠤᠷ ᠲᠦᠪᠰᠢᠨ ᠵᠦᠢ ᠵᠣᠬᠢᠰᠲᠠᠢ ᠣᠷᠣᠯᠴᠠᠬᠤ ᠳᠤ ᠨᠥᠬᠦᠴᠡᠯ ᠬᠠᠩᠭᠠᠨ᠎ᠠ᠃      8᠂ ᠬᠡᠦᠬᠡᠳ ᠤᠨ ᠣᠷᠣᠯᠴᠠᠬᠤ ᠪᠠ ᠢᠯᠡᠳᠬᠡᠬᠦ ᠡᠷᠬᠡ ᠶᠢ ᠪᠠᠲᠤᠯᠠᠨ᠎ᠠ᠃ ᠬᠡᠦᠬᠡᠳ ᠤᠨ ᠲᠤᠰ ᠪᠡᠶ᠎ᠡ ᠶᠢᠨ ᠪᠠ ᠭᠡᠷ ᠪᠦᠯᠢ ᠶᠢᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ ᠬᠦᠨᠳᠦᠳᠬᠡᠵᠦ᠂ ᠬᠡᠦᠬᠡᠳ ᠤᠨ ᠣᠷᠣᠯᠴᠠᠬᠤ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠦᠨ᠎ᠡ᠃ ᠬᠡᠦᠬᠡᠳ ᠲᠤ ᠬᠤᠯᠪᠣᠭᠳᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠦᠨᠡᠯᠡᠨ ᠵᠢᠱᠢᠬᠦ ᠵᠢᠴᠢ ᠴᠢᠬᠤᠯᠠ ᠶᠡᠭᠡ ᠵᠦᠢᠯᠡᠰ ᠲᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠤ᠂ ᠬᠡᠦᠬᠡᠳ ᠤᠨ ᠰᠠᠨᠠᠯ ᠢ ᠰᠣᠨᠣᠰᠤᠨ᠎ᠠ᠃ ᠰᠤᠷᠭᠠᠭᠤᠯᠢ ᠶᠢᠨ ᠠᠩᠭᠢ ᠶᠢᠨ ᠺᠣᠮᠢᠰ ᠪᠠ ᠰᠤᠷᠤᠭᠴᠢᠳ ᠤᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠶᠢᠨ ᠬᠡᠷᠡᠭ ᠶᠠᠪᠤᠳᠠᠯ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠬᠡᠦᠬᠡᠳ ᠤᠨ ᠣᠷᠣᠯᠴᠠᠬᠤ ᠶᠢ ᠰᠤᠷᠭᠠᠭᠤᠯᠢ᠂ ᠨᠡᠶᠢᠭᠡᠮ ᠲᠣᠭᠤᠷᠢᠭ ᠤᠨ ᠠᠵᠢᠯ ᠤᠨ ᠲᠥᠯᠥᠪᠯᠡᠭᠡ ᠳᠤ ᠣᠷᠣᠭᠤᠯᠤᠨ᠎ᠠ᠃ ᠰᠤᠷᠭᠠᠭᠤᠯᠢ᠂ ᠨᠡᠶᠢᠭᠡᠮ ᠲᠣᠭᠤᠷᠢᠭ ᠵᠢᠴᠢ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠶᠢᠨ ᠬᠢᠴᠢᠶᠡᠯ ᠤᠨ ᠳᠠᠷᠠᠭᠠᠬᠢ᠂ ᠬᠢᠴᠢᠶᠡᠯ ᠤᠨ ᠭᠠᠳᠠᠨᠠᠬᠢ ᠪᠠ ᠠᠮᠠᠷᠠᠯᠲᠠ ᠶᠢᠨ ᠬᠤᠭᠤᠴᠠᠭ᠎ᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠲᠣᠬᠢᠶᠠᠯ ᠢ ᠭᠦᠢᠴᠡᠳ ᠠᠰᠢᠭᠯᠠᠨ᠂ ᠬᠡᠦᠬᠡᠳ ᠤᠨ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠵᠤ᠂ ᠬᠡᠦᠬᠡᠳ ᠤᠨ ᠣᠷᠣᠯᠴᠠᠭᠰᠠᠨ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠵᠢᠴᠢ ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠳᠡᠮᠵᠢᠨ᠎ᠡ᠃      9᠂ ᠬᠡᠦᠬᠡᠳ ᠲᠤ ᠬᠠᠨᠳᠤᠭᠤᠯᠤᠭᠰᠠᠨ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ᠂ ᠨᠡᠶᠢᠭᠡᠮ ᠤᠨ ᠦᠢᠯᠡᠳᠦᠯᠭᠡ ᠵᠡᠷᠭᠡ ᠬᠥᠮᠦᠵᠢᠯ ᠤᠨ ᠭᠤᠭᠴᠤᠭ᠎ᠠ ᠳᠤ ᠠᠭᠤᠰᠬᠠᠨ ᠣᠷᠣᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠪᠠ ᠳᠤᠮᠳᠠᠳᠤ ᠪᠠᠭ᠎ᠠ ᠰᠤᠷᠭᠠᠭᠤᠯᠢ ᠶᠢᠨ ᠣᠷᠴᠢᠨ ᠲᠣᠭᠤᠷᠢᠨ ᠤ ᠰᠤᠷᠭᠠᠨ ᠬᠥᠮᠦᠵᠢᠯ ᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠯᠡᠬᠡᠢ ᠶᠢᠨ ᠣᠷᠴᠢᠨ ᠲᠣᠭᠤᠷᠢᠨ ᠤ ᠡᠳᠦᠷ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠡᠷᠭᠡ ᠵᠠᠩᠭᠢᠯᠠᠭ᠎ᠠ ᠶᠢᠨ ᠴᠡᠭ ᠲᠤ ᠬᠡᠦᠬᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯᠪᠡᠭ ᠪᠠᠶᠠᠯᠢᠭ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠳᠤ ᠲᠦᠰᠢᠭᠯᠡᠨ ᠬᠡᠦᠬᠡᠳ ᠤᠨ ᠪᠠᠶᠢᠭᠠᠯᠢ ᠶᠢᠨ ᠰᠤᠷᠭᠠᠨ ᠬᠥᠮᠦᠵᠢᠯ ᠤᠨ ᠬᠠᠮᠠᠭᠠᠯᠠᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠡᠦᠬᠡᠳ ᠤᠨ ᠪᠠᠶᠢᠭᠠᠯᠢ ᠵᠢᠨ‌‍ᠬᠡᠦᠬᠡᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠬᠥᠮᠥᠵᠢᠭᠦᠯᠵᠦ᠂ ᠡᠬᠢ ᠪᠠᠶᠠᠯᠢᠭ ᠢ ᠨᠠᠨᠳᠢᠩᠨᠠᠬᠤ᠂ ᠪᠠᠶᠢᠭᠠᠯᠢ ᠶᠢ ᠬᠠᠮᠠᠭᠠᠯᠠᠬᠤ᠂ ᠠᠮᠢ ᠨᠠᠰᠤ ᠶᠢ ᠨᠠᠨᠳᠢᠩᠨᠠᠬᠤ᠂ ᠪᠠᠶᠢᠭᠠᠯᠢ ᠯᠤᠭ᠎ᠠ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠯᠲᠡ ᠶᠢ ᠪᠣᠶ ᠪᠣᠯᠭᠠᠵᠤ᠂ ᠡᠷᠡᠭᠦᠯ ᠪᠣᠯᠪᠠᠰᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠤᠬᠠᠮᠰᠠᠷ ᠎ ᠠᠴᠠ ᠪᠠᠨ ᠪᠣᠶ ᠪᠣᠯᠭᠠᠨ᠎ᠠ᠃       10᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠪᠠᠶᠢᠭᠠᠯᠢ ᠶᠢᠨ ᠣᠷᠴᠢᠨ ᠲᠣᠭᠤᠷᠢᠨ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠡᠷᠡᠭᠦᠯ ᠡᠩᠬᠡ ᠠᠮᠢ ᠠᠬᠤᠢ ᠶᠢᠨ ᠣᠷᠴᠢᠨ ᠨᠥᠬᠦᠴᠡᠯ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠣᠯᠠᠨ ᠴᠢᠳᠠᠮᠵᠢ ᠲᠠᠢ ᠪᠠᠶᠢᠭᠠᠯᠢ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠡᠦᠬᠡᠳ ᠤᠨ ᠨᠥᠬᠦᠷᠰᠡᠭ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠤᠲᠠ ᠪᠠ ᠬᠤᠲᠠ ᠶᠢᠨ ᠲᠡᠭᠦᠷᠭᠡ ᠶᠢᠨ ᠴᠡᠴᠡᠷᠯᠢᠭ ᠲᠤ ᠲᠣᠭᠯᠠᠭᠠᠮ ᠤᠨ ᠣᠷᠣᠨ ᠪᠦᠰᠡ ᠪᠠ ᠵᠤᠭᠠᠴᠠᠨ ᠠᠮᠠᠷᠠᠬᠤ ᠪᠡᠯᠡᠳᠬᠡᠮᠵᠢ ᠲᠣᠬᠢᠷᠠᠭᠤᠯᠬᠤ ᠶᠢ ᠠᠬᠢᠭᠤᠯᠤᠨ᠂ ᠵᠦᠯᠭᠡ ᠭᠠᠵᠠᠷ ᠢ ᠵᠦᠢ ᠵᠣᠬᠢᠰᠲᠠᠢ ᠥᠭᠡᠷᠡᠴᠢᠯᠡᠨ ᠠᠰᠢᠭᠯᠠᠵᠤ᠂ ᠬᠡᠦᠬᠡᠳ ᠤᠨ ᠭᠡᠷ ᠤᠨ ᠭᠠᠳᠠᠨᠠᠬᠢ ᠠᠵᠢᠯᠯᠠᠭᠠᠨ ᠤ ᠣᠷᠣᠨ ᠵᠠᠢ ᠶᠢ ᠨᠡᠮᠡᠭᠳᠡᠭᠦᠯᠦᠨ᠎ᠡ᠃ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠣᠷᠴᠢᠨ ᠠᠬᠤᠢ ᠶᠢᠨ ᠪᠣᠬᠢᠷᠲᠤᠯ ᠵᠢᠴᠢ ᠠᠵᠤ ᠦᠢᠯᠡᠳᠪᠦᠷᠢ᠂ ᠠᠮᠢᠳᠤᠷᠠᠯ ᠪᠠ ᠬᠥᠳᠡᠭᠡ ᠲᠣᠰᠬᠤᠨ ᠤ ᠤᠯᠠᠨ ᠡᠬᠢᠲᠦ ᠪᠣᠬᠢᠷᠲᠤᠯ ᠢ ᠬᠢᠵᠠᠭᠠᠷᠯᠠᠨ ᠵᠠᠰᠠᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠡᠷᠭᠡ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠷᠲᠤᠪᠲᠤᠷ ᠪᠠ ᠤᠷᠲᠤ ᠬᠤᠭᠤᠴᠠᠭᠠᠨ ᠤ ᠬᠠᠷᠠᠯᠲᠠ ᠶᠢᠨ ᠲᠣᠭᠤᠷᠢᠨ ᠳᠤ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠢ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠤᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠠ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ‌‍ᠬᠥ᠋ᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠤᠷᠮ᠎ᠠ᠂ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠤᠷᠮ᠎ᠠ᠂ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠪᠠ ᠤᠰᠤ ᠬᠠᠩᠭᠠᠬᠤ ᠪᠠᠲᠤᠯᠠᠭ᠎ᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠬᠠᠷ᠎ᠠ ᠲᠤᠭᠤᠯᠭ᠎ᠠ ᠵᠡᠷᠭᠡ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠪᠠ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ︽ᠵᠣᠷᠯᠣᠩ ᠤᠨ ᠬᠤᠪᠢᠰᠬᠠᠯ︾᠎ ᠢ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ ᠪᠠ ᠪᠣᠬᠢᠷ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃      11᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠶᠢᠨ ᠳᠤᠮᠳᠠ ᠬᠡᠦᠬᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠬᠤ ᠳᠠᠭᠠᠨ ᠬᠡᠦᠬᠡᠳ ᠤᠨ ᠣᠨᠴᠣᠭᠤᠢ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ  ᠪᠤᠳᠤᠯᠬᠢᠯᠠᠨ᠎ᠠ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠤ᠂ ᠬᠡᠦᠬᠡᠳ ᠤᠨ ᠢᠳᠡᠭᠡᠨ᠂ ᠡᠮ ᠤᠨ ᠵᠦᠢᠯ᠂ ᠬᠡᠷᠡᠭᠯᠡᠬᠦᠨ ᠤ ᠬᠠᠩᠭᠠᠯᠭ᠎ᠠ ᠶᠢ ᠤᠷᠢᠳᠠᠪᠠᠷ ᠪᠠᠲᠤᠯᠠᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠪᠠ ᠨᠡᠶᠢᠭᠡᠮ ᠲᠣᠭᠤᠷᠢᠭ ᠤᠨ ᠬᠢᠨ ᠤᠯᠠᠨ ᠬᠡᠯᠪᠡᠷᠢ ᠮᠠᠶ᠋ᠢᠭ ᠪᠦᠬᠦᠢ ᠠᠶᠦᠯᠭᠦᠢ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠭᠰᠢ ᠠᠵᠢᠯᠲᠠᠨ ᠠᠵᠢᠯᠴᠢᠨ᠂ ᠬᠡᠦᠬᠡᠳ ᠵᠢᠴᠢ ᠬᠢᠨᠠᠨ ᠬᠠᠮᠠᠭᠠᠯᠠᠭᠴᠢ ᠶᠢᠨ ᠭᠠᠮᠰᠢᠭ ᠤᠨ ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠬᠤ ᠪᠠ ᠭᠠᠮᠰᠢᠭ ᠤᠨ ᠡ᠊ᠨᠳᠡᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠬᠤᠷᠠᠨ ᠴᠤᠭᠯᠠᠷᠠᠭᠰᠠᠨ ᠭᠠᠵᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠭᠠᠢ ᠭᠠᠮᠰᠢᠭ ᠤᠨ ᠠᠳᠡᠯ ᠤᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠬᠡᠦᠬᠡᠳ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠲᠠᠯᠠᠪᠤᠷ ᠲᠤ ᠭᠡᠨᠡᠳᠲᠡ ᠶᠢᠨ ᠬᠡᠷᠡᠭ ᠭᠠᠷᠪᠠᠯ᠂ ᠡᠩ ᠲᠡᠷᠢᠭᠦᠨ ᠳᠤ ᠬᠡᠦᠬᠡᠳ ᠢ ᠠᠪᠤᠷᠠᠨ ᠲᠤᠰᠠᠯᠠᠨ᠎ᠠ᠃ ᠭᠠᠮᠰᠢᠭ ᠤᠨ ᠳᠠᠷᠠᠭᠠᠬᠢ ᠰᠡᠷᠭᠦᠭᠡᠬᠦ ᠪᠠ ᠳᠠᠬᠢᠨ ᠪᠠᠶᠢᠭᠤᠯᠬᠤ ᠱᠠᠲᠤᠨ ᠳᠤ᠂ ᠬᠡᠦᠬᠡᠳ ᠤᠨ ᠣᠨᠴᠠᠯᠢᠭ ᠲᠤ ᠴᠢᠭᠯᠡᠭᠦᠯᠦᠨ ᠤᠷᠢᠳᠠᠪᠠᠷ ᠠᠪᠤᠷᠠᠨ ᠲᠤᠰᠠᠯᠠᠬᠤ ᠪᠠ ᠡᠷᠡᠭᠦᠯᠵᠢᠭᠦᠯᠬᠦ ᠠᠷᠭ᠎ᠠ ᠬᠡᠮᠵᠢᠶ᠎ᠡ ᠠᠪᠴᠤ᠂ ᠭᠠᠮᠰᠢᠭ ᠤᠨ ᠠᠳᠡᠯ ᠤᠨ ᠬᠡᠦᠬᠡᠳ ᠲᠤ ᠤᠴᠠᠷᠠᠭᠤᠯᠬᠤ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃      12᠂ ᠬᠡᠦᠬᠡᠳ ᠤᠨ ᠬᠥᠭᠵᠢᠯᠲᠡ ᠶᠢ ᠠᠬᠢᠭᠤᠯᠬᠤ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠬᠡᠦᠬᠡᠳ ᠤᠨ ᠡᠷᠬᠡ ᠶᠢᠨ ᠲᠤᠬᠠᠢ ᠨᠡᠶᠢᠲᠡ ᠶᠢᠨ ᠭᠡᠷ᠎ᠡ︾ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠪᠠ ᠪᠢᠴᠢᠭ ᠮᠠᠲ᠋ᠧᠷᠢᠶᠠᠯ ᠢ ᠬᠢᠨᠠᠮᠠᠭᠠᠢ ᠭᠦᠢᠴᠡᠳᠬᠡᠵᠦ᠂ ᠬᠡᠦᠬᠡᠳ ᠤᠨ ᠬᠥᠭᠵᠢᠯᠲᠡ ᠲᠠᠢ ᠬᠤᠯᠪᠣᠭᠳᠠᠬᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠨᠠᠶᠢᠳᠠᠪᠤᠷᠢᠵᠢᠭᠤᠯᠤᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠭᠡᠳᠬᠡᠵᠦ᠂ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠨ᠎ᠠ᠃ ᠬᠥᠭᠵᠢᠭᠰᠡᠨ ᠮᠤᠵᠢ ᠬᠤᠲᠠ ᠶᠢᠨ ᠬᠡᠦᠬᠡᠳ ᠤᠨ ᠬᠠᠮᠢᠶ᠎ᠠ ᠪᠦᠬᠦᠢ ᠬᠦᠷᠢᠶᠡᠨ ᠳᠠᠬᠢ ᠬᠥᠭᠵᠢᠯᠲᠡ ᠶᠢᠨ ᠲᠤᠷᠰᠢᠯᠭ᠎ᠠ ᠶᠢ ᠰᠢᠩᠭᠡᠬᠡᠨ ᠠᠪᠴᠤ ᠲᠣᠯᠢ ᠪᠣᠯᠭᠠᠵᠤ᠂ ᠴᠢᠩᠱᠠᠨ ᠤ ᠬᠡᠦᠬᠡᠳ ᠤᠨ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠨ᠎ᠠ᠃      ︵ᠳᠣᠯᠤᠭ᠎ᠠ︶ ᠬᠡᠦᠬᠡᠳ ᠬᠢᠭᠡᠳ ᠬᠠᠤᠯᠢ ᠴᠠᠭᠠᠵᠠ ᠶᠢᠨ ᠬᠠᠮᠠᠭᠠᠯᠠᠯᠲᠠ      ᠭᠤᠣᠯ ᠬᠠᠷᠠᠯᠲᠠ᠄      1᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃      2᠂ ᠬᠡᠦᠬᠡᠳ ᠤᠨ ᠡᠷᠬᠡ ᠠᠰᠢᠭ  ᠢ ᠪᠠᠲᠤᠯᠠᠬᠤ ᠬᠠᠤᠯᠢ ᠬᠡᠷᠡᠭᠵᠢᠭᠦᠯᠬᠦ ᠠᠵᠢᠯ  ᠢ ᠴᠢᠩᠭᠠᠳᠬᠠᠨ᠎ᠠ᠃      3᠂  ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠠᠵᠢᠯ ᠤᠨ ᠰᠢᠰᠲ᠋ᠧᠮᠵᠢ ᠨᠢ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠤᠨᠴᠠᠭᠠᠢ ᠬᠡᠷᠡᠭᠴᠡᠭᠡ ᠶᠢ ᠬᠠᠩᠭᠠᠨ᠎ᠠ᠃      4᠂ ᠬᠡᠦᠬᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠬᠡᠦᠬᠡᠳ ᠢ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      5᠂ ᠬᠡᠦᠬᠡᠳ ᠤᠨ ᠢᠷᠭᠡᠨ ᠤ ᠬᠡᠷᠡᠭ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃      6᠂ ᠬᠡᠦᠬᠡᠳ ᠢ ᠬᠠᠷᠠᠭᠠᠯᠵᠠᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠬᠡᠦᠬᠡᠳ ᠢ ᠪᠦᠲᠦᠮᠵᠢᠲᠡᠢ ᠬᠠᠷᠠᠭᠠᠯᠵᠠᠨ ᠬᠠᠮᠠᠭᠠᠯᠠᠬᠤ ᠶᠢ ᠪᠠᠲᠤᠯᠠᠨ᠎ᠠ᠃      7᠂ ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠵᠤ᠂ ᠬᠡᠦᠬᠡᠳ ᠢ ᠠᠵᠤ ᠠᠬᠤᠢ ᠶᠢᠨ ᠲᠠᠯ᠎ᠠ ᠪᠠᠷ ᠮᠥᠯᠵᠢᠬᠦ ᠶᠢ ᠴᠠᠭᠠᠵᠠᠯᠠᠨ᠎ᠠ᠃ ᠬᠡᠦᠬᠡᠳ ᠤᠨ ᠬᠤᠳᠠᠯᠳᠤᠭᠠᠨ ᠤ ᠴᠢᠨᠠᠷᠲᠠᠢ ᠠᠵᠢᠯᠯᠠᠭ᠎ᠠ ᠳᠤ ᠣᠷᠣᠯᠴᠠᠬᠤ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠤ ᠲᠣᠬᠢᠷᠠᠭᠤᠯᠬᠤ ᠬᠡᠷᠡᠭᠲᠡᠢ᠃      8᠂ ᠪᠡᠯᠭᠡ ᠶᠢᠨ ᠬᠠᠯᠳᠠᠯᠭ᠎ᠠ᠂ ᠭᠡᠷ ᠪᠦᠯᠢ ᠶᠢᠨ ᠬᠦᠴᠦᠷᠬᠡᠭᠯᠡᠯ᠂ ᠮᠡᠬᠡᠯᠡᠨ ᠬᠤᠳᠠᠯᠳᠤᠬᠤ᠂ ᠭᠤᠯᠣᠵᠤ ᠣᠷᠭᠢᠬᠤ ᠵᠡᠷᠭᠡ ᠬᠡᠦᠬᠡᠳ ᠤᠨ ᠪᠡᠶ᠎ᠡ ᠶᠢᠨ ᠡᠷᠬᠡ ᠳᠤ ᠬᠠᠯᠳᠠᠭᠰᠠᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃      9᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠳᠤ ᠠᠰᠢᠭᠲᠠᠢ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠰᠦᠯᠵᠢᠶ᠎ᠡ ᠶᠢ ᠠᠰᠢᠭᠯᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃      10᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢ ᠱᠠᠲᠦ ᠬᠤᠪᠢᠶᠠᠨ ᠭᠠᠷ ᠳᠦᠷᠦᠨ᠎ᠡ᠃ ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠭᠰᠡᠨ ᠬᠥᠮᠥᠨ ᠤ ᠲᠤᠭ᠎ᠠ ᠶᠢᠨ ᠨᠠᠰᠤᠨ ᠳᠤ ᠦᠯᠤ ᠬᠥᠷᠦᠭᠰᠡᠳ ᠤᠨ ᠬᠥᠮᠥᠨ ᠠᠮᠠ ᠶᠢᠨ ᠲᠤᠭᠠᠨ ᠤ ᠬᠤᠪᠢ ᠶᠢᠨ ᠵᠢᠩ ᠤᠨ ᠡᠵᠡᠯᠡᠬᠦ ᠶᠢ ᠪᠠᠭᠠᠰᠬᠠᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠪᠠᠷ ᠵᠠᠰᠠᠬᠤ ᠪᠤᠭᠤᠲᠤ ᠶᠢᠨ ᠪᠠᠶᠢᠭᠤᠯᠤᠯᠲᠠ ᠶᠢᠨ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠠᠤᠯᠢ ᠴᠠᠭᠠᠵᠠ ᠶᠢᠨ ᠬᠢᠨᠠᠯᠲᠠ᠂ ᠬᠠᠤᠯᠢ ᠪᠠᠷᠢᠬᠤ ᠰᠠᠨᠠᠭᠤᠯᠭ᠎ᠠ ᠪᠠ ᠬᠠᠤᠯᠢ ᠪᠠᠷ ᠵᠠᠰᠠᠬᠤ ᠶᠢ ᠱᠠᠯᠠᠪᠳᠠᠭᠤᠯᠤᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ  ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠵᠤ᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠬᠡᠦᠬᠡᠳ ᠢ ᠬᠠᠮᠠᠭᠠᠯᠠᠬᠤ ᠬᠠᠤᠯᠢ ᠶᠢᠨ ᠤᠬᠠᠭᠠᠨ ᠤ ᠤᠨᠤᠯ ᠪᠠ ᠦᠢᠯᠡᠳᠦᠯᠭᠡ ᠶᠢᠨ ᠰᠤᠳᠤᠯᠭᠠᠨ ᠢ ᠴᠢᠩᠭᠠᠳᠬᠠᠨ᠎ᠠ᠃      2᠂ ᠬᠡᠦᠬᠡᠳ ᠤᠨ ᠡᠷᠬᠡ ᠠᠰᠢᠭ ᠤᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠪᠠᠲᠤᠯᠠᠨ᠎ᠠ᠃ ᠬᠡᠦᠬᠡᠳ ᠤᠨ ᠡᠷᠬᠡ ᠠᠰᠢᠭ ᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠬᠠᠢ ᠪᠠᠶᠢᠭᠤᠯᠤᠮᠵᠢ ᠲᠣᠭᠲᠠᠭᠠᠬᠤ ᠪᠤᠶᠤ ᠲᠤᠰᠬᠠᠢ ᠠᠵᠢᠯᠲᠠᠨ ᠵᠢᠭᠠᠨ ᠲᠣᠭᠲᠠᠭᠠᠵᠤ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠬᠠᠷᠢᠭᠤᠴᠠᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠷᠠᠭᠠᠯᠵᠠᠨ ᠬᠠᠮᠠᠭᠠᠯᠠᠬᠤ ᠬᠠᠯᠳᠠᠯᠭ᠎ᠠ᠂ ᠭᠡᠷ ᠪᠦᠯᠢ ᠶᠢᠨ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠳᠠᠯᠳᠠ ᠬᠡᠮ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ ᠬᠡᠦᠬᠡᠳ ᠤᠨ ᠡᠷᠬᠡ ᠠᠰᠢᠭ ᠢ ᠪᠠᠲᠤᠯᠠᠬᠤ ᠣᠯᠠᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠦᠷᠢᠮ ᠢ ᠰᠦᠪᠡᠭᠴᠢᠯᠡᠨ ᠪᠠᠶᠢᠭᠤᠯᠵᠤ᠂ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠵᠢᠯᠴᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠠᠵᠢᠯ ᠤᠨ ᠵᠣᠯᠭᠠᠯᠴᠠᠭ᠎ᠠ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ᠂ ᠬᠠᠮᠠᠭᠠᠯᠠᠬᠤ᠂ ᠦᠢᠯᠡᠴᠢᠯᠡᠬᠦ ᠨᠡᠶᠢᠯᠡᠮᠡᠯ ᠬᠦᠴᠦᠨ ᠢ ᠪᠣᠶ ᠪᠣᠯᠭᠠᠨ᠎ᠠ᠃      3᠂ ᠨᠠᠰᠤᠨ ᠳᠤ ᠦᠯᠤ ᠬᠥᠷᠦᠭᠰᠡᠳ ᠤᠨ ᠬᠠᠤᠯᠢ ᠴᠠᠭᠠᠵᠠ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠢ ᠪᠠᠶᠢᠭᠤᠯᠤᠮᠵᠢ ᠲᠣᠭᠲᠠᠭᠠᠬᠤ ᠪᠤᠶᠤ ᠲᠤᠰᠬᠠᠢ ᠠᠵᠢᠯᠲᠠᠨ ᠢ ᠵᠢᠭᠠᠨ ᠲᠣᠭᠲᠠᠭᠠᠵᠤ ᠨᠠᠰᠤᠨ ᠳᠤ ᠬᠦᠷᠦᠭᠡᠳᠦᠢ ᠬᠥᠮᠥᠨ ᠳᠤ ᠬᠤᠯᠪᠣᠭᠳᠠᠭᠰᠠᠨ ᠬᠡᠷᠡᠭ ᠢ ᠬᠠᠷᠢᠭᠤᠴᠠᠭᠤᠯᠤᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ ᠭᠠᠷᠭᠠᠬᠤ ᠶᠢ ᠰᠦᠪᠡᠭᠴᠢᠯᠡᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ ᠦᠨᠡᠯᠡᠨ ᠬᠢᠨᠠᠬᠤ ᠪᠠᠷᠢᠮᠵᠢᠶ᠎ᠠ ᠶᠢ ᠭᠦᠢᠴᠡᠳᠭᠡᠨ᠎ᠡ᠃ ᠲᠤᠰᠬᠠᠶᠢᠵᠢᠭᠰᠠᠨ ᠬᠡᠷᠡᠭ ᠰᠢᠢᠳᠪᠦᠷᠢᠯᠡᠬᠦ ᠬᠢᠭᠡᠳ ᠨᠡᠶᠢᠭᠡᠮᠴᠢᠯᠡᠭᠰᠡᠨ ᠬᠠᠮᠠᠭᠠᠯᠠᠯᠲᠠ ᠶᠢ ᠬᠠᠮᠵᠢᠯᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠬᠠᠤᠯᠢ ᠪᠠᠷᠢᠬᠤ ᠪᠠᠶᠢᠭᠤᠯᠭ᠎ᠠ ᠬᠢᠭᠡᠳ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠠᠵᠢᠯᠲᠠᠨ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠤᠨ ᠰᠡᠳᠬᠢᠴᠡ ᠶᠢ ᠨᠥᠯᠥᠭᠡᠯᠡᠬᠦ᠂ ᠨᠡᠶᠢᠭᠡᠮ ᠤᠨ ᠬᠠᠷᠠᠵᠤ ᠬᠠᠮᠠᠭᠠᠯᠠᠬᠤ᠂ ᠰᠤᠷᠭᠠᠨ ᠬᠥᠮᠥᠵᠢᠭᠦᠯᠵᠦ ᠵᠠᠯᠠᠷᠠᠭᠤᠯᠬᠤ᠂ ᠨᠡᠶᠢᠭᠡᠮ ᠲᠣᠭᠤᠷᠢᠭ ᠲᠤ ᠵᠠᠯᠠᠷᠠᠭᠤᠯᠬᠤ ᠵᠡᠷᠭᠡ ᠠᠵᠢᠯ ᠢ ᠬᠠᠮᠲᠤᠪᠠᠷ ᠰᠠᠶᠢᠲᠤᠷ ᠬᠢᠨ᠎ᠡ᠃      4᠂ ᠬᠡᠦᠬᠡᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ᠂ ᠪᠣᠳᠠᠲᠤ ᠴᠣᠭᠴᠠ᠂ ᠬᠠᠯᠠᠮᠰᠢᠯ ᠤᠲᠠᠰᠤᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠦᠬᠡᠳ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠲᠤᠰᠬᠠᠢ ᠵᠦᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠭᠤᠣᠯᠳᠠᠯᠭ᠎ᠠ ᠲᠠᠢ ᠪᠠᠷ ᠥᠷᠨᠢᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠶᠢᠵᠢᠭᠰᠠᠨ ᠬᠡᠦᠬᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠢ ᠰᠠᠶᠢᠨ ᠮᠡᠳᠡᠳᠡᠭ ᠬᠠᠤᠯᠢᠴᠢ ᠶᠢ ᠤᠷᠢᠳᠠᠪᠠᠷ ᠲᠣᠮᠢᠯᠠᠵᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠳᠠᠭᠠᠭᠠᠴᠢᠯᠠᠨ ᠡᠷᠬᠢᠯᠡᠨ᠎ᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠨᠥᠬᠦᠴᠡᠯ ᠳᠤ ᠨᠡᠶᠢᠴᠡᠭᠰᠡᠨ ᠬᠡᠦᠬᠡᠳ ᠢ ᠬᠠᠨᠳᠤᠯᠭᠠᠲᠤ ᠴᠢᠨᠠᠷᠲᠠᠢ ᠪᠠᠷ ᠠᠵᠤ ᠠᠬᠤᠢ ᠶᠢᠨ ᠠᠪᠤᠷᠠᠨ ᠲᠤᠰᠠᠯᠠᠯᠲᠠ᠂ ᠪᠡᠶ᠎ᠡ ᠰᠡᠳᠬᠢᠯ ᠤᠨ ᠡᠷᠡᠭᠦᠯᠵᠢᠯ᠂ ᠠᠮᠢᠳᠤᠷᠠᠯ ᠤᠨ ᠲᠥᠪᠬᠢᠨᠡᠭᠦᠯᠦᠯᠲᠡ᠂ ᠰᠤᠷᠤᠯᠭ᠎ᠠ ᠪᠠᠨ ᠰᠡᠷᠭᠦᠭᠡᠵᠦ ᠠᠵᠢᠯ ᠣᠯᠭᠤᠬᠤ ᠵᠡᠷᠭᠡ ᠤᠯᠠᠨ ᠡᠰᠢᠲᠦ ᠶᠡᠷᠦᠩᠬᠡᠶᠢᠯᠡᠭᠰᠡᠨ ᠠᠪᠤᠷᠠᠨ ᠲᠤᠰᠠᠯᠠᠯᠲᠠ ᠬᠦᠷᠲᠡᠭᠡᠬᠦ ᠶᠢ ᠪᠠᠲᠤᠯᠠᠨ᠎ᠠ᠃      5᠂ ᠭᠡᠷ ᠤᠨ ᠶᠠᠪᠤᠳᠠᠯ ᠤᠨ ᠪᠠᠶᠢᠴᠠᠭᠠᠯᠲᠠ ᠶᠢᠨ ᠬᠠᠷᠢᠭᠤ ᠰᠤᠷᠪᠤᠯᠵᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠭᠡᠷ ᠤᠨ ᠶᠠᠪᠤᠳᠠᠯ ᠤᠨ ᠵᠢᠭᠤᠷᠠᠯᠳᠤᠭᠠᠨ ᠢ ᠨᠠᠷᠢᠯᠢᠭᠵᠢᠭᠤᠯᠤᠨ ᠠᠵᠢᠯ ᠢᠶᠠᠨ ᠬᠤᠪᠢᠶᠠᠷᠢᠯᠠᠬᠤ ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ ᠰᠤᠷᠪᠤᠯᠵᠢᠯᠠᠬᠤ ᠪᠦᠯᠬᠦᠮ ᠪᠠᠶᠢᠭᠤᠯᠵᠤ᠂ ᠭᠡᠷ ᠤᠨ ᠶᠠᠪᠤᠳᠠᠯ ᠤᠨ ᠬᠡᠷᠡᠭ ᠤᠨ ᠡᠭᠦᠰᠦᠭᠰᠡᠨ ᠰᠢᠯᠲᠠᠭᠠᠨ᠂ ᠡᠷ᠎ᠡ ᠡᠮ᠎ᠡ ᠶᠢᠨ ᠬᠠᠶᠢᠷ᠎ᠠ ᠰᠡᠳᠬᠢᠯᠭᠡ ᠪᠠ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠤᠨ ᠠᠮᠢᠳᠤᠷᠠᠯ ᠵᠢᠴᠢ ᠬᠢᠨᠠᠨ ᠬᠠᠮᠠᠭᠠᠯᠠᠬᠤ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠮᠡᠳᠡᠭᠦᠯᠦᠯᠲᠡ ᠶᠢ ᠡᠮᠬᠢᠯᠡᠬᠦ ᠶᠢᠨ ᠬᠠᠮᠲᠤ ᠰᠠᠨᠠᠭᠤᠯᠭ᠎ᠠ ᠶᠢᠨ ᠲᠥᠰᠥᠯ ᠳᠤᠷᠠᠳᠤᠨ᠎ᠠ᠃ ᠡᠶᠡᠳᠡᠭᠦᠯᠬᠦ ᠪᠠᠷ ᠳᠠᠮᠵᠢᠭᠠᠳ ᠡᠪᠰᠡᠭᠰᠡᠨ ᠪᠤᠶᠤ ᠤᠷᠤᠭ ᠰᠠᠯᠵᠤ ᠪᠣᠯᠬᠤ ᠦᠭᠡᠢ ᠭᠡᠵᠦ ᠰᠢᠭᠦᠨ ᠲᠠᠰᠤᠯᠤᠭᠰᠠᠨ ᠬᠡᠷᠡᠭ᠂ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠤᠤᠯ ᠤᠨ ᠠᠮᠢᠳᠤᠷᠠᠯ ᠤᠨ ᠣᠷᠴᠢᠨ ᠲᠣᠭᠤᠷᠢᠨ ᠢ ᠬᠤᠪᠢᠷᠠᠭᠤᠯᠬᠤ᠂ ᠠᠰᠠᠷᠠᠨ ᠲᠡᠵᠢᠭᠡᠬᠦ ᠬᠡᠷᠡᠭ ᠲᠤ ᠬᠤᠯᠪᠣᠭᠳᠠᠭᠰᠠᠨ ᠬᠡᠷᠡᠭ ᠢ ᠵᠠᠭᠠᠯᠳᠤᠭᠰᠠᠨ ᠤ ᠳᠠᠷᠠᠭ᠎ᠠ ᠬᠠᠷᠢᠭᠤ ᠰᠤᠷᠪᠤᠯᠵᠢᠯᠠᠵᠤ᠂ ᠲᠦᠷᠦᠯ ᠰᠠᠳᠤᠨ ᠤ ᠪᠠᠶᠢᠳᠠᠯ ᠢ ᠵᠠᠰᠠᠨ ᠰᠡᠷᠭᠦᠭᠡᠭᠰᠡᠨ ᠪᠠᠶᠢᠳᠠᠯ ᠢ ᠣᠶᠢᠯᠠᠭᠠᠵᠤ᠂ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠨᠡᠶᠢᠭᠡᠮ ᠤᠨ ᠴᠢᠳᠠᠮᠵᠢ ᠶᠢ  ᠦᠷᠭᠡᠳᠭᠡᠨ᠎ᠡ᠃      6᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠴᠠᠭᠠᠵᠠ ᠶᠢᠨ ᠣᠨᠴᠠᠭᠠᠶ ᠬᠠᠮᠠᠭᠠᠯᠠᠯᠲᠠ ᠶᠢ ᠴᠢᠩᠭᠠᠳᠬᠠᠨ᠎ᠠ᠃ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠤᠨ ᠬᠤᠪᠢ ᠶᠢᠨ ᠨᠢᠭᠤᠴᠠ ᠶᠢᠨ ᠡᠷᠬᠡ᠂ ᠨᠡᠷ᠎ᠡ ᠲᠦᠷᠦ ᠶᠢᠨ ᠡᠷᠬᠡ ᠵᠢᠴᠢ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠵᠡᠷᠭᠡ ᠵᠠᠷᠭᠤᠯᠳᠤᠬᠤ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠨᠠᠰᠤᠨ ᠳᠤ ᠦᠯᠦ ᠬᠦᠷᠦᠭᠰᠡᠳ ᠤᠨ ᠶᠠᠯᠠᠲᠤ ᠬᠡᠷᠡᠭ ᠤᠨ ᠣᠨᠴᠠᠭᠠᠶ ᠵᠢᠷᠤᠮ ᠤᠨ ᠪᠠᠷᠢᠪᠴᠢᠯᠠᠬᠤ ᠠᠷᠭ᠎ᠠ ᠬᠡᠮᠵᠢᠶ᠎ᠡ᠂ ᠬᠠᠤᠯᠢ ᠴᠠᠭᠠᠵᠠ ᠶᠢᠨ ᠲᠤᠰᠠᠯᠠᠮᠵᠢ᠂ ᠨᠡᠶᠢᠭᠡᠮ ᠤᠨ ᠪᠠᠶᠢᠴᠠᠭᠠᠯᠲᠠ᠂ ᠰᠡᠳᠬᠢᠴᠡ ᠶᠢᠨ ᠦᠨᠡᠯᠡᠨ ᠵᠢᠱᠢᠯᠲᠡ᠂ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠤᠶᠤ ᠲᠣᠬᠢᠷᠠᠮᠵᠢᠲᠠᠢ ᠨᠠᠰᠤᠨ ᠳᠤ ᠬᠦᠷᠦᠭᠰᠡᠳ ᠤᠨ ᠲᠤᠬᠠᠢ ᠶᠢᠨ ᠲᠠᠯᠠᠪᠤᠷ ᠲᠤ  ᠬᠦᠷᠬᠦ᠂ ᠨᠥᠬᠦᠴᠡᠯ ᠲᠠᠢ ᠪᠠᠷ ᠦᠯᠦ ᠵᠠᠭᠠᠯᠳᠤᠬᠤ᠂ ᠢᠯᠡ ᠪᠠᠷ ᠰᠢᠭᠦᠬᠦ ᠦᠭᠡᠢ᠂ ᠶᠠᠯ᠎ᠠ ᠬᠢᠭᠰᠡᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠵᠡᠷᠭᠡ ᠶᠢ ᠴᠢᠩᠭ᠎ᠠ ᠬᠢᠵᠠᠭᠠᠷᠯᠠᠬᠤ ᠲᠤᠬᠠᠢ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠲᠣᠭᠤᠷᠢᠭ ᠲᠤ ᠵᠠᠯᠠᠷᠠᠭᠤᠯᠬᠤ ᠶᠢ ᠴᠢᠩᠭᠠᠳᠬᠠᠨ᠎ᠠ᠃ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠪᠣᠯᠣᠨ ᠨᠠᠰᠤᠨ ᠳᠤ ᠬᠦᠷᠦᠭᠰᠡᠳ ᠢ ᠲᠤᠰ ᠲᠤᠰ ᠲᠤᠨᠢ ᠬᠤᠷᠢᠬᠤ᠂ ᠲᠤᠰ ᠲᠤᠰ ᠲᠤᠨᠢ ᠬᠠᠮᠢᠶᠠᠷᠬᠤ᠂ ᠲᠤᠰ ᠲᠤᠰ ᠲᠤᠨᠢ ᠰᠤᠷᠭᠠᠨ ᠬᠥᠮᠥᠵᠢᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃      7᠂ ᠬᠡᠦᠬᠡᠳ ᠤᠨ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ᠂ ᠭᠡᠷ ᠪᠦᠯᠢ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠣᠷᠣᠯᠴᠠᠭᠰᠠᠨ ᠬᠡᠦᠬᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠬᠠᠤᠯᠢ ᠪᠠᠷ ᠵᠠᠰᠠᠬᠤ ᠡᠬᠢ ᠪᠠᠶᠠᠯᠢᠭ ᠤᠨ ᠬᠢᠴᠢᠶᠡᠯ ᠤᠨ ᠭᠡᠷ ᠪᠠ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠳᠠᠭᠤᠷᠢᠶᠠᠮᠠᠯ ᠰᠢᠭᠦᠬᠦ ᠲᠢᠩᠬᠢᠮ ᠵᠡᠷᠭᠡ ᠤᠯᠠᠨ ᠶᠠᠩᠵᠤ ᠶᠢᠨ ᠠᠷᠭ᠎ᠠ ᠮᠠᠶ᠋ᠢᠭ ᠢ ᠬᠡᠷᠡᠭᠯᠡᠨ ᠬᠠᠤᠯᠢ ᠪᠠᠷ ᠵᠠᠰᠠᠬᠤ ᠬᠥᠮᠦᠵᠢᠯ ᠪᠠ ᠬᠠᠤᠯᠢ ᠪᠠᠷ ᠵᠠᠰᠠᠬᠤ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠭᠡᠷ ᠤᠨ ᠠᠬᠠᠮᠠᠳ᠂ ᠪᠠᠭᠰᠢ ᠨᠠᠷ ᠪᠠ ᠨᠡᠶᠢᠭᠡᠮ ᠨᠡᠶᠢᠲᠡ ᠶᠢᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠡᠦᠬᠡᠳ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠤᠨ ᠪᠤᠢ ᠪᠣᠯᠬᠤ ᠶᠢ ᠲᠦᠯᠬᠢᠨ ᠠᠬᠢᠭᠤᠯᠤᠨ᠎ᠠ᠃ ᠵᠠᠭᠤᠴᠢᠯᠠᠭᠤᠷ ᠤᠨ ᠬᠢᠨ ᠤ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠪᠤᠰᠤᠳᠴᠢ ᠪᠠᠷ᠂ ᠪᠣᠯᠭᠤᠮᠵᠢᠲᠠᠢ᠂ ᠵᠣᠬᠢᠰᠲᠠᠢ ᠪᠠᠷ ᠰᠤᠷᠪᠤᠯᠵᠢᠯᠠᠬᠤ ᠪᠠ ᠮᠡᠳᠡᠭᠡᠯᠡᠬᠦ ᠎ ᠶᠢ ᠵᠢᠯᠤᠭᠤᠳᠤᠨ᠎ᠠ᠃      8᠂ ᠬᠡᠦᠬᠡᠳ ᠤᠨ ᠢᠷᠭᠡᠨ ᠤ ᠬᠡᠷᠡᠭ ᠤᠨ ᠡᠷᠬᠡ ᠠᠰᠢᠭ ᠢ ᠪᠦᠬᠦ ᠲᠠᠯ᠎ᠠ ᠪᠠᠷ ᠪᠠᠲᠤᠯᠠᠨ᠎ᠠ᠃ ᠬᠡᠦᠬᠡᠳ ᠤᠨ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠬᠡᠦᠬᠡᠳ ᠤᠨ ᠡᠷᠬᠡ ᠠᠰᠢᠭ ᠲᠤ ᠬᠤᠯᠪᠣᠭᠳᠠᠭᠰᠠᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠥᠷᠨᠢᠭᠦᠯᠵᠦ᠂ ᠡᠴᠢᠭᠡ ᠡᠬᠡ ᠶᠢᠨ ᠤᠷᠤᠭᠯᠠᠬᠤ ᠳᠠᠭᠠᠨ ᠰᠠᠯᠵᠤ ᠰᠠᠭᠤᠭᠰᠠᠨ ᠬᠤᠭᠤᠴᠠᠭᠠᠨ ᠳᠠᠬᠢ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠴᠢᠭᠡ ᠡᠬᠡ ᠶᠢᠨ ᠬᠢᠨᠢ ᠣᠷᠤᠭ ᠰᠠᠯᠤᠭᠰᠠᠨ ᠤ ᠳᠠᠷᠠᠭ᠎ᠠ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠤᠨ ᠡᠷᠭᠢᠵᠦ ᠦᠵᠡᠬᠦ᠂ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠬᠡᠦᠬᠡᠳ ᠪᠠ ᠬᠡᠪᠡᠯᠢ ᠳᠠᠬᠢ ᠬᠡᠦᠬᠡᠳ ᠤᠨ ᠥᠪ ᠵᠠᠯᠭᠠᠮᠵᠢᠯᠠᠬᠤ ᠡᠷᠬᠡ ᠪᠠ ᠥᠪ ᠬᠦᠷᠳᠡᠬᠦ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠬᠡᠦᠬᠡᠳ ᠤᠨ ᠨᠡᠷ᠎ᠡ ᠬᠦᠨᠳᠦ᠂ ᠬᠤᠪᠢ ᠶᠢᠨ ᠨᠢᠭᠤᠴᠠ ᠪᠠ ᠬᠤᠪᠢ ᠬᠥᠮᠥᠨ ᠤ ᠮᠡᠳᠡᠭᠡ ᠵᠠᠩᠭᠢ ᠵᠡᠷᠭᠡ ᠬᠥᠮᠥᠨ ᠤ ᠨᠡᠷ᠎ᠡ ᠬᠦᠨᠳᠦ ᠶᠢᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ ᠵᠠᠭᠠᠯᠳᠤᠯᠭ᠎ᠠ ᠶᠢ ᠳᠡᠮᠵᠢᠬᠦ ᠳᠦᠷᠢᠮ ᠢ ᠨᠠᠶᠢᠲᠠᠪᠦᠷᠢᠵᠢᠭᠤᠯᠤᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ᠂ ᠠᠷᠢᠬᠢ ᠲᠠᠮᠠᠬᠢᠨ ᠤ ᠪᠣᠷᠤᠯᠠᠭᠤᠯᠭ᠎ᠠ᠂ ᠰᠣᠶᠣᠯ ᠤᠨ ᠤᠬᠠᠭᠤᠯᠭ᠎ᠠ᠂ ᠰᠦᠯᠵᠢᠶᠡᠨ ᠤ ᠳᠠᠮᠵᠢᠭᠤᠯᠭ᠎ᠠ ᠵᠡᠷᠭᠡ ᠬᠦᠷᠢᠶᠡᠨ ᠳᠠᠬᠢ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠦᠨ᠎ᠡ᠃      9᠂ ᠬᠠᠷᠠᠭᠠᠯᠵᠠᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠴᠢᠭᠡ ᠡᠬᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ ᠪᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠡᠴᠢᠭᠡ ᠡᠬᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠢᠶᠠᠨ ᠪᠤᠰᠤᠳ ᠬᠥᠮᠥᠨ ᠳᠤ ᠨᠠᠶᠢᠳᠠᠵᠤ ᠬᠠᠷᠠᠭᠠᠯᠵᠠᠨ ᠠᠰᠠᠷᠠᠭᠤᠯᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠡᠷᠲᠡ ᠤᠷᠤᠭᠯᠠᠵᠤ ᠡᠷᠲᠡ ᠬᠡᠦᠬᠡᠳ ᠠᠪᠬᠤ ᠪᠠ ᠡᠷᠲᠡ ᠤᠷᠤᠭᠯᠠᠵᠤ ᠰᠤᠷᠤᠯᠭ᠎ᠠ ᠪᠠᠨ ᠳᠣᠷᠭᠤᠨ ᠵᠣᠭᠰᠣᠬᠤ ᠦᠶᠯᠡ ᠠᠵᠢᠯᠯᠠᠭ᠎ᠠ ᠶᠢ ᠴᠠᠭᠠᠵᠠᠯᠠᠨ᠎ᠠ᠃ ᠬᠠᠷᠠᠭᠠᠯᠵᠠᠨ ᠬᠠᠮᠠᠭᠠᠯᠠᠬᠤ ᠳᠤ ᠬᠢᠨᠠᠯᠲᠠ ᠲᠠᠯᠪᠢᠬᠤ᠂ ᠵᠢᠯᠤᠭᠤᠳᠬᠤ ᠪᠠ ᠬᠠᠪᠰᠤᠷᠬᠤ ᠶᠢ ᠴᠢᠩᠭᠠᠳᠬᠠᠵᠤ᠂ ᠠᠯᠪᠠᠳᠠᠯᠭ᠎ᠠ ᠪᠠᠷ ᠭᠡᠷ ᠪᠦᠯᠢ ᠶᠢᠨ ᠰᠤᠷᠭᠠᠨ ᠬᠥᠮᠦᠵᠢᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠲᠣᠰᠬᠤᠨ ᠤ ︵ᠰᠠᠭᠤᠭᠠᠯᠢ︶᠎  ᠠᠷᠠᠳ ᠤᠨ ᠵᠥᠪᠯᠡᠯ ᠤᠨ ᠡᠴᠢᠭᠡ ᠡᠬᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠶᠢᠨ ᠬᠠᠷᠠᠭᠠᠯᠵᠠᠨ ᠬᠠᠮᠠᠭᠠᠯᠠᠬᠤ ᠪᠠ ᠨᠠᠶᠢᠳᠠᠨ ᠬᠠᠷᠠᠭᠠᠯᠵᠠᠨ ᠬᠠᠮᠠᠭᠠᠯᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶᠎ ᠤ ᠬᠡᠦᠬᠡᠳ ᠤᠨ ᠡᠷᠬᠢᠯᠡᠭᠴᠢ ᠠᠴᠠ ᠬᠡᠦᠬᠡᠳ ᠤᠨ ᠬᠠᠷᠠᠭᠠᠯᠵᠠᠨ ᠬᠠᠮᠠᠭᠠᠯᠠᠬᠤ ᠲᠦᠭᠰᠢᠭᠦᠷᠢ ᠳᠤ ᠤᠴᠠᠷᠠᠭᠰᠠᠨ ᠪᠤᠶᠤ ᠬᠠᠷᠠᠭᠠᠯᠵᠠᠨ ᠬᠠᠮᠠᠭᠠᠯᠠᠯᠲᠠ ᠶᠢᠨ ᠬᠠᠯᠳᠠᠯᠭ᠎ᠠ ᠳᠤ ᠤᠴᠠᠷᠠᠭᠰᠠᠨ ᠪᠠᠶᠢᠳᠠᠯ ᠢ ᠢᠯᠡᠷᠡᠭᠦᠯᠬᠦ᠂ ᠬᠢᠨᠠᠨ ᠬᠠᠷᠭᠤᠭᠤᠯᠬᠤ᠂ ᠮᠡᠳᠡᠭᠦᠯᠬᠦ ᠠᠵᠢᠯ ᠢ ᠦᠨᠡᠨᠬᠦ ᠰᠠᠶᠢᠲᠤᠷ ᠬᠢᠨ᠎ᠡ᠃ ᠬᠢᠨᠠᠨ ᠬᠠᠮᠠᠭᠠᠯᠠᠬᠤ ᠲᠦᠭᠰᠢᠭᠦᠷᠢ ᠵᠢᠴᠢ ᠬᠡᠪ ᠤᠨ ᠪᠤᠰᠤ ᠪᠠᠶᠢᠳᠠᠯ ᠢ ᠦᠨᠡᠯᠡᠨ ᠵᠢᠱᠢᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠭᠤᠣᠯᠳᠠᠯᠭ᠎ᠠ ᠲᠠᠢ ᠬᠥᠮᠥᠰ ᠪᠠ ᠲᠦᠭᠰᠢᠭᠦᠷᠢ ᠶᠡᠬᠡᠲᠡᠢ ᠭᠡᠷ ᠪᠦᠯᠢ ᠶᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠷᠠᠭᠠᠯᠵᠠᠨ ᠬᠠᠮᠠᠭᠠᠯᠠᠬᠤ ᠳᠤ ᠭᠠᠷ ᠲᠦᠷᠦᠭᠦ ᠶᠢ ᠴᠢᠩᠭᠠᠳᠬᠠᠨ᠂ ᠬᠠᠷᠠᠭᠠᠯᠵᠠᠨ ᠬᠠᠮᠠᠭᠠᠯᠠᠭᠴᠢ ᠶᠢᠨ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠬᠠᠤᠯᠢ ᠶᠣᠰᠣᠭᠠᠷ ᠵᠠᠯᠠᠷᠠᠭᠤᠯᠬᠤ ᠪᠠ ᠰᠢᠢᠳᠪᠦᠷᠢᠯᠡᠨ᠎ᠡ᠃ ᠬᠠᠤᠯᠢ ᠪᠠᠷ ᠲᠣᠭᠲᠠᠭᠠᠭᠰᠠᠨ ᠪᠠᠶᠢᠳᠠᠯ ᠳᠤ ᠨᠡᠶᠢᠴᠡᠬᠦ ᠬᠡᠦᠬᠡᠳ ᠢ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠤᠯᠤᠰ ᠢ ᠲᠥᠯᠥᠭᠡᠯᠡᠨ ᠬᠢᠨᠠᠨ ᠬᠠᠮᠠᠭᠠᠯᠠᠨ᠎ᠠ᠃ ᠭᠡᠨᠡᠳᠲᠡ ᠶᠢᠨ ᠬᠡᠷᠡᠭ ᠤᠨ ᠪᠠᠶᠢᠳᠠᠯ ᠳᠣᠣᠷ᠎ᠠ ᠬᠠᠷᠠᠭᠠᠯᠵᠠᠬᠤ ᠬᠥᠮᠥᠨ ᠦᠭᠡᠢ ᠬᠡᠦᠬᠡᠳ ᠢ ᠴᠠᠭ ᠲᠤᠬᠠᠢ ᠳᠤᠨᠢ ᠲᠦᠷ ᠴᠠᠭ ᠤᠨ ᠬᠠᠷᠠᠭᠠᠯᠵᠠᠨ ᠬᠠᠮᠠᠭᠠᠯᠠᠬᠤ ᠶᠢ ᠦᠨᠡᠨᠬᠦ  ᠪᠠᠲᠤᠯᠠᠨ᠎ᠠ᠃      10᠂ ᠬᠡᠦᠬᠡᠳ ᠠᠵᠢᠯᠴᠢᠨ ᠬᠡᠷᠡᠭᠯᠡᠬᠦ ᠵᠡᠷᠭᠡ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠡᠦᠬᠡᠳ ᠠᠵᠢᠯᠴᠢᠨ ᠬᠡᠷᠡᠭᠯᠡᠬᠦ ᠦᠶᠯᠡ ᠠᠵᠢᠯᠯᠠᠭ᠎ᠠ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠪᠠᠶᠢᠴᠠᠭᠠᠬᠤ ᠪᠠ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠎ᠠ᠃ ᠬᠡᠦᠬᠡᠳ ᠤᠨ ᠲᠣᠭᠯᠠᠯᠲᠠ ᠳᠤ ᠣᠷᠣᠯᠴᠠᠬᠤ᠂ ᠫᠷᠣᠭ᠍ᠷᠠᠮ ᠦᠢᠯᠡᠳᠬᠦ ᠵᠡᠷᠭᠡ ᠲᠠᠯ᠎ᠠ ᠪᠠᠷ ᠬᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ᠂ ᠪᠤᠰᠤᠳ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ᠂ ᠰᠦᠯᠵᠢᠶᠡᠨ ᠤ ᠲᠠᠪᠴᠠᠩ ᠵᠡᠷᠭᠡ ᠶᠢᠨ ᠬᠡᠦᠬᠡᠳ ᠢ ᠣᠷᠣᠭᠤᠯᠤᠨ ᠠᠪᠴᠤ ᠵᠠᠷ ᠮᠡᠳᠡᠭᠡ ᠰᠡᠭᠦᠳᠡᠷᠯᠡᠬᠦ᠂ ᠬᠤᠳᠠᠯᠳᠤᠭᠠᠨ ᠤ ᠣᠷᠣᠯᠠᠨ ᠥᠭᠦᠯᠡᠭᠴᠢ᠂ ᠲᠣᠭᠯᠠᠯᠲᠠ᠂ ᠤᠷᠤᠯᠳᠤᠭᠠᠨ᠂ ᠫᠷᠣᠭ᠍ᠷᠠᠮ ᠦᠢᠯᠡᠳᠬᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠳᠤ ᠣᠷᠣᠯᠴᠠᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠨ ᠠᠵᠢᠯᠴᠢᠨ ᠤ ᠣᠨᠴᠠᠭᠠᠶ ᠬᠠᠮᠠᠭᠠᠯᠠᠯᠲᠠ ᠎ ᠶᠢᠨ ᠲᠣᠭᠲᠠᠭᠠᠯ ᠎ ᠢ ᠴᠢᠩᠭ᠎ᠠ ᠬᠡᠷᠡᠭᠵᠢᠭᠦᠯᠵᠦ᠂ ᠬᠥᠮᠥᠨ ᠬᠡᠷᠡᠭᠯᠡᠬᠦ  ᠨᠢᠭᠡᠴᠡ ᠠᠴᠠ ᠨᠠᠰᠤᠨ ᠳᠤ ᠥᠯᠥ ᠬᠦᠷᠦᠭᠰᠡᠨ ᠠᠵᠢᠯᠴᠢᠨ ᠳᠤ ᠲᠣᠭᠲᠠᠮᠠᠯ ᠬᠤᠭᠤᠴᠠᠭ᠎ᠠ  ᠲᠠᠢ  ᠪᠠᠷ ᠡᠷᠡᠭᠦᠯ ᠮᠡᠨᠳᠦ ᠎ ᠶᠢᠨ ᠪᠠᠶᠢᠴᠠᠭᠠᠯᠲᠠ ᠬᠢᠵᠦ᠂ ᠬᠡᠳᠦ ᠬᠦᠨᠳᠦ᠂ ᠬᠤᠣᠷᠲᠠᠢ᠂ ᠬᠥᠨᠥᠭᠡᠯᠲᠡᠢ ᠵᠡᠷᠭᠡ ᠬᠡᠦᠬᠡᠳ ᠤᠨ ᠪᠡᠶ᠎ᠡ ᠮᠠᠬᠠᠪᠤᠳ ᠪᠣᠳᠣᠯ ᠰᠡᠳᠬᠢᠯ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠬᠥᠳᠡᠯᠮᠦᠷᠢ ᠪᠤᠶᠤ ᠠᠶᠤᠯ  ᠲᠠᠢ ᠠᠵᠢᠯ ᠬᠢᠯᠭᠡᠬᠦ ᠪᠠᠷ ᠲᠣᠬᠢᠷᠠᠭᠤᠯᠵᠤ ᠪᠣᠯᠬᠤ ᠦᠭᠡᠢ᠃      11᠂ ᠬᠡᠦᠬᠡᠳ ᠲᠤ ᠪᠡᠯᠭᠡ ᠶᠢᠨ ᠬᠠᠯᠳᠠᠯᠭ᠎ᠠ ᠶᠢᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠬᠡᠦᠬᠡᠳ ᠤᠨ ᠪᠡᠯᠭᠡ ᠶᠢᠨ ᠬᠠᠯᠳᠠᠯᠭ᠎ᠠ ᠶᠢᠨ ᠬᠥᠮᠦᠵᠢᠯ ᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠬᠡᠦᠬᠡᠳ᠂ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠤᠨ ᠢᠯᠭᠠᠨ ᠲᠠᠨᠢᠬᠤ ᠰᠡᠷᠭᠡᠶᠢᠯᠡᠬᠦ ᠪᠡᠯᠭᠡ ᠶᠢᠨ ᠬᠠᠯᠳᠠᠯᠭ᠎ᠠ ᠶᠢ ᠮᠡᠳᠡᠭᠦᠯᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠪᠥᠬᠦ ᠤᠯᠤᠰ ᠤᠨ ᠨᠢᠭᠡᠳᠦᠯᠲᠡᠢ ᠪᠡᠯᠭᠡ ᠶᠢᠨ ᠬᠠᠯᠳᠠᠯᠭ᠎ᠠ᠂ ᠬᠠᠯᠠ ᠦᠵᠡᠭᠦᠯᠬᠦ᠂ ᠮᠡᠬᠡᠯᠡᠨ ᠬᠤᠳᠠᠯᠳᠤᠬᠤ᠂ ᠬᠦᠴᠦᠷᠬᠡᠭᠯᠡᠯ ᠢᠶᠠᠷ ᠭᠡᠮᠲᠦᠭᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠬᠡᠷᠡᠭᠯᠡᠨ᠂ ᠠᠵᠢᠯ ᠳᠤ ᠣᠷᠣᠵᠤ ᠪᠠᠶᠢᠴᠠᠭᠠᠨ ᠯᠠᠪᠯᠠᠬᠤ᠂ ᠠᠵᠢᠯ ᠡᠷᠭᠢᠯᠡᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠠᠷᠢᠶ᠎ᠠ ᠲᠠᠢ ᠪᠠᠭᠰᠢ ᠶᠢᠨ ᠶᠠᠯ᠎ᠠ ᠬᠢᠭᠰᠡᠨ ᠭᠡᠷᠡᠴᠢ ᠦᠭᠡᠢ ᠪᠠᠷ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠡᠦᠬᠡᠳ ᠲᠤ ᠪᠡᠯᠭᠡ ᠶᠢᠨ ᠬᠠᠯᠳᠠᠯᠭ᠎ᠠ ᠬᠢᠭᠰᠡᠨ ᠶᠠᠯ᠎ᠠ ᠬᠢᠭᠰᠡᠳ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠬᠡᠷᠡᠭ ᠪᠣᠯᠭᠠᠨ ᠳᠠᠩᠰᠠᠯᠠᠬᠤ ᠪᠠ ᠬᠡᠷᠡᠭ ᠪᠣᠯᠭᠠᠨ ᠳᠡᠩᠰᠡᠯᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠪᠠ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠡᠦᠬᠡᠳ ᠲᠤ ᠣᠨᠴᠠᠭᠠᠶ ᠲᠤᠰᠢᠶᠠᠯ ᠬᠠᠷᠢᠭᠤᠴᠠᠯᠭ᠎ᠠ ᠲᠠᠢ ᠬᠥᠮᠥᠰ ᠤᠨ ᠬᠢᠭᠰᠡᠨ ᠪᠡᠯᠭᠡ ᠶᠢᠨ ᠬᠠᠯᠳᠠᠯᠭ᠎ᠠ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠨᠠᠰᠤᠨ ᠳᠤ ᠦᠯᠦ ᠬᠦᠷᠦᠭᠰᠡᠳ ᠢ ᠵᠣᠬᠢᠶᠠᠨ ᠪᠠᠶᠢᠭᠤᠯᠵᠤ᠂ ᠠᠯᠪᠠᠳᠠᠵᠤ᠂ ᠥᠳᠥᠭᠡᠵᠦ᠂ ᠦᠯᠡᠳᠡᠭᠡᠵᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠬᠡᠦᠬᠡᠳ ᠢ ᠠᠯᠪᠠᠳᠠᠯᠭ᠎ᠠ ᠪᠠᠷ ᠥᠳᠥᠭᠡᠨ ᠲᠠᠲᠠᠵᠤ ᠲᠠᠨᠢᠯᠴᠠᠭᠤᠯᠤᠨ ᠶᠠᠩᠬᠠᠯᠠᠭᠤᠯᠬᠤ ᠶᠢ ᠤᠷᠢᠳᠴᠢᠯᠠᠨ ᠰᠡᠷᠭᠡᠶᠢᠯᠡᠨ᠎ᠡ᠃ ᠨᠠᠰᠤᠨ ᠳᠤ ᠬᠦᠷᠦᠭᠡᠳᠦᠢ ᠬᠤᠣᠷᠯᠠᠭᠳᠠᠭᠴᠢ ᠶᠢᠨ ︽ᠨᠢᠭᠡ ᠯᠡ ᠥᠷᠲᠡᠭᠡᠨ ᠤ ᠬᠡᠯᠪᠡᠷᠢ︾᠎ ᠶᠢᠨ ᠭᠡᠷᠡᠴᠢ ᠠᠪᠬᠤ ᠲᠣᠭᠲᠠᠴᠠ ᠶᠢ ᠪᠠᠶᠢᠭᠤᠯᠵᠤ᠂ ᠨᠠᠰᠤᠨ ᠳᠤ ᠬᠦᠷᠦᠭᠡᠳᠦᠢ ᠬᠤᠣᠷᠯᠠᠭᠳᠠᠭᠴᠢ ᠶᠢᠨ ︽ᠬᠤᠶᠠᠳᠠᠭᠢ ᠤᠳᠠᠭᠠᠨ ᠤ ᠭᠡᠮᠲᠦᠯ︾᠎ ᠠᠴᠠ ᠵᠠᠶᠢᠯᠠᠬᠤ ᠶᠢ  ᠬᠠᠮᠠᠭᠠᠯᠠᠨ᠎ᠠ᠃ ᠬᠡᠦᠬᠡᠳ ᠲᠤ ᠪᠡᠯᠭᠡ ᠶᠢᠨ ᠬᠠᠯᠳᠠᠯᠭ᠎ᠠ ᠬᠢᠭᠰᠡᠨ ᠬᠡᠷᠡᠭ ᠤᠨ  ᠤᠨᠴᠠᠭᠠᠢ ᠭᠡᠷᠡᠴᠢ ᠪᠠᠷᠢᠮᠲᠠ ᠶᠢᠨ ᠪᠠᠷᠢᠮᠵᠢᠶ᠎ᠠ ᠶᠢ ᠰᠦᠪᠡᠭᠴᠢᠯᠡᠨ ᠲᠤᠭᠲᠠᠭᠠᠨ᠎ᠠ᠃ ᠪᠡᠯᠭᠡ ᠶᠢᠨ ᠬᠠᠯᠳᠠᠯᠭ᠎ᠠ ᠳᠤ ᠤᠴᠠᠷᠠᠭᠰᠠᠨ ᠪᠤᠶᠤ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠨ ᠨᠠᠰᠤᠨ ᠳᠤ ᠬᠦᠷᠦᠭᠡᠳᠦᠢ ᠬᠤᠣᠷᠯᠠᠭᠳᠠᠭᠴᠢ ᠵᠢᠴᠢ ᠲᠡᠳᠡᠨᠤᠰ ᠤᠨ ᠭᠡᠷ ᠪᠦᠯᠢ ᠳᠤ ᠴᠢᠬᠤᠯᠠ ᠪᠦᠬᠦᠢ ᠰᠡᠳᠬᠢᠴᠡ ᠶᠢᠨ ᠲᠠᠯ᠎ᠠ ᠪᠠᠷ ᠭᠠᠷ ᠲᠦᠷᠦᠭᠦ᠂ ᠠᠵᠤ ᠠᠬᠤᠢ ᠶᠢᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠰᠤᠷᠭᠠᠭᠤᠯᠢ ᠰᠢᠯᠵᠢᠵᠦ ᠲᠥᠪᠬᠢᠨᠡᠭᠦᠯᠬᠦ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      12᠂ ᠬᠡᠦᠬᠡᠳ ᠲᠤ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠶᠢ ᠴᠢᠩᠭᠠᠳᠬᠠᠵᠤ᠂ ᠬᠡᠦᠬᠡᠳ ᠲᠤ ᠴᠢᠭᠯᠡᠭᠦᠯᠦᠭᠰᠡᠨ ᠭᠡᠷ ᠪᠦᠯᠢ ᠶᠢᠨ ᠬᠦᠴᠦᠷᠬᠡᠭᠯᠡᠯ ᠵᠢᠴᠢ ᠬᠦᠨᠳᠦ ᠨᠣᠴᠢᠲᠠᠢ ᠤᠮᠳᠤᠭᠠᠶᠢᠯᠠᠬᠤ ᠵᠡᠷᠭᠡ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭ ᠦᠭᠡᠢ ᠦᠶᠯᠡ ᠠᠵᠢᠯᠯᠠᠭ᠎ᠠ ᠶᠢ ᠲᠠᠰᠤ ᠵᠤᠭᠰᠤᠭᠠᠨ᠎ᠠ᠃ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠬᠡᠦᠬᠡᠳ ᠤᠨ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠬᠡᠷᠡᠭ ᠢ ᠴᠠᠭ ᠲᠤᠬᠠᠢ ᠎ ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠬᠤ᠂ ᠬᠡᠷᠡᠭ ᠪᠣᠯᠭᠠᠨ ᠳᠠᠩᠰᠠᠯᠠᠬᠤ ᠪᠠ ᠰᠢᠯᠵᠢᠭᠦᠯᠦᠨ ᠰᠢᠢᠳᠪᠦᠷᠢᠯᠡᠨ᠎ᠡ᠃ ᠰᠡᠷᠡᠮᠵᠢᠯᠡᠭᠦᠯᠬᠦ ᠪᠢᠴᠢᠭ᠂ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ᠂ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠬᠠᠰᠤᠬᠤ ᠵᠡᠷᠭᠡ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ᠂ ᠬᠦᠴᠦᠷᠬᠡᠭᠯᠡᠯ ᠶᠠᠪᠤᠭᠤᠯᠤᠭᠰᠠᠳ ᠢ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠥᠵᠢᠭᠦᠯᠬᠦ ᠶᠢ ᠴᠢᠩᠭᠠᠳᠬᠠᠨ᠎ᠠ᠃ ᠶᠠᠯ᠎ᠠ ᠪᠣᠯᠵᠤ ᠪᠦᠷᠢᠯᠳᠦᠭᠰᠡᠨ ᠬᠦᠴᠦᠷᠬᠡᠭᠯᠡᠯ ᠶᠠᠪᠤᠭᠤᠯᠤᠭᠴᠢ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠬᠦᠨᠳᠦ ᠶᠡᠭᠡ ᠬᠦᠨᠳᠦ ᠨᠣᠴᠢᠲᠠᠢ ᠬᠡᠷᠡᠭ ᠢ ᠴᠢᠩᠭ᠎ᠠ ᠰᠢᠢᠳᠪᠦᠷᠢᠯᠡᠨ᠎ᠡ᠃ ᠨᠠᠰᠤᠨ ᠳᠤ ᠥᠯᠥ ᠬᠦᠷᠦᠭᠰᠡᠨ ᠬᠤᠣᠷᠯᠠᠭᠳᠠᠭᠴᠢ ᠶᠢᠨ ᠬᠤᠪᠢ ᠶᠢᠨ ᠨᠢᠭᠤᠴᠠ ᠪᠠ ᠠᠮᠤᠷ ᠲᠦᠪᠰᠢᠨ ᠢ ᠬᠠᠮᠠᠭᠠᠯᠠᠵᠤ᠂ ᠨᠠᠰᠤᠨ ᠳᠤ ᠥᠯᠥ ᠬᠦᠷᠦᠭᠰᠡᠨ ᠬᠤᠣᠷᠯᠠᠭᠳᠠᠭᠴᠢ ᠵᠢᠴᠢ ᠭᠡᠷ ᠪᠦᠯᠢ ᠶᠢᠨ ᠬᠦᠴᠦᠷᠬᠡᠭᠯᠡᠯ ᠢ ᠨᠢᠳᠦ ᠪᠠᠷ ᠢᠶᠠᠨ ᠦᠵᠡᠭᠰᠡᠨ ᠬᠡᠦᠬᠡᠳ ᠲᠤ ᠴᠠᠭ ᠲᠤᠬᠠᠢ ᠎ ᠳᠤᠨᠢ ᠰᠡᠳᠬᠢᠴᠡ ᠶᠢᠨ ᠵᠢᠯᠣᠭᠤᠳᠤᠯᠭ᠎ᠠ᠂ ᠡᠮᠴᠢᠯᠡᠭᠡᠨ ᠤ ᠠᠪᠤᠷᠠᠯᠳᠠ ᠪᠠ ᠲᠦᠷ ᠴᠠᠭ ᠤᠨ ᠥᠮᠥᠭᠯᠡᠯᠲᠡ ᠬᠠᠩᠭᠠᠨ᠎ᠠ᠃      13᠂ ᠬᠡᠦᠬᠡᠳ ᠢ ᠮᠡᠬᠡᠯᠡᠨ ᠬᠤᠳᠠᠯᠳᠤᠬᠤ ᠪᠠ ᠬᠡᠦᠬᠡᠳ ᠢ ᠵᠣᠬᠢᠶᠠᠨ ᠪᠠᠶᠢᠭᠤᠯᠵᠤ᠂ ᠥᠳᠥᠭᠡᠨ ᠲᠠᠲᠠᠵᠤ ᠰᠦᠷᠳᠡᠭᠦᠯᠦᠨ ᠬᠤᠣᠷ ᠲᠤ ᠬᠤᠯᠪᠣᠭᠳᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠤᠯᠬᠤ ᠵᠡᠷᠭᠡ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠡᠷᠭᠡᠶᠢᠯᠡᠬᠦ᠂ ᠴᠣᠬᠢᠯᠲᠠ ᠥᠭᠬᠦ᠂ ᠲᠡᠩᠬᠡᠷᠡᠭᠦᠯᠦᠨ ᠲᠤᠰᠠᠯᠠᠬᠤ᠂ ᠲᠥᠪᠬᠢᠨᠡᠭᠦᠯᠬᠦ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠥᠮᠥᠨ ᠠᠮᠠ ᠶᠢ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠷᠭᠦᠨ ᠲᠡᠵᠢᠭᠡᠬᠦ ᠨᠡᠷ᠎ᠡ ᠪᠠᠷ ᠬᠡᠦᠬᠡᠳ ᠢ ᠬᠤᠳᠠᠯᠳᠤᠭᠠᠯᠠᠬᠤ᠂ ᠰᠦᠯᠵᠢᠶᠡᠨ ᠤ ᠲᠠᠪᠴᠠᠩ ᠢ ᠠᠰᠢᠭᠯᠠᠨ ᠬᠥᠮᠥᠨ ᠠᠮᠠ ᠶᠢ ᠮᠡᠬᠡᠯᠡᠨ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠰᠡᠷᠭᠡᠶᠢᠯᠡᠬᠦ ᠪᠠ ᠴᠢᠩᠭ᠎ᠠ ᠴᠣᠬᠢᠯᠲᠠ ᠥᠭᠴᠦ᠂ ᠲᠦᠷᠦᠭᠰᠡᠨ ᠦᠷ᠎ᠡ ᠬᠡᠦᠬᠡᠳ ᠢᠶᠠᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠳᠡᠨᠤᠰ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠵᠢᠷᠮᠦᠰᠦᠨ ᠡᠮᠡᠭᠲᠡᠢ ᠶᠢᠨ ᠡᠪᠡᠳᠴᠢᠨ ᠦᠵᠡᠭᠦᠯᠵᠦ ᠦᠢᠯᠡᠳᠪᠦᠷᠢᠯᠡᠬᠦ ᠪᠡᠶ᠎ᠡ ᠬᠡᠮ ᠢ ᠬᠢᠨᠠᠨ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠦᠷᠦᠭᠰᠡᠨ ᠦᠷ᠎ᠡ ᠬᠡᠦᠬᠡᠳ ᠢ ᠬᠢᠨᠠᠨ ᠲᠣᠭᠲᠠᠭᠠᠭᠰᠠᠨ ᠰᠠᠨᠠᠯ ᠤᠨ ᠪᠢᠴᠢᠭ ᠪᠠ ᠲᠦᠷᠦᠭᠰᠡᠨ ᠠᠨᠠᠭᠠᠬᠤ ᠤᠬᠠᠭᠠᠨ ᠤ ᠭᠡᠷᠡᠴᠢ ᠬᠢᠵᠦ ᠥᠭᠬᠦ ᠳᠦᠷᠢᠮ ᠢ ᠲᠡᠭᠦᠯᠳᠡᠷᠵᠢᠭᠦᠯᠵᠦ᠂ ᠬᠡᠦᠬᠡᠳ ᠲᠦᠷᠦᠭᠦ ᠳᠠᠩᠰᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠲᠦᠷᠦᠭᠰᠡᠨ ᠡᠴᠢᠭᠡ ᠡᠬᠡ ᠪᠠ ᠥᠪᠡᠷ ᠢᠶᠠᠨ ᠲᠦᠷᠦᠵᠦ ᠥᠪᠡᠷ ᠢ ᠪᠠᠨ ᠬᠤᠳᠠᠯᠳᠤᠬᠤ ᠲᠦᠷᠦᠯ ᠤᠨ ᠬᠡᠷᠡᠭ ᠤᠨ ᠳᠣᠲᠣᠷᠠᠬᠢ ᠠᠪᠤᠷᠠᠭᠳᠠᠭᠰᠠᠨ ᠬᠡᠦᠬᠡᠳ ᠢ ᠡᠷᠢᠵᠦ ᠣᠯᠬᠤ ᠦᠭᠡᠢ ᠪᠠᠶᠢᠳᠠᠯ ᠢ ᠲᠣᠬᠢᠲᠠᠢ ᠲᠥᠪᠬᠢᠨᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠮᠡᠬᠡᠯᠡᠭᠳᠡᠨ ᠬᠤᠳᠠᠯᠳᠤᠭᠳᠠᠭᠰᠠᠨ ᠬᠡᠦᠬᠡᠳ᠂ ᠡᠴᠢᠭᠡ ᠡᠬᠡ ᠪᠣᠯᠣᠨ ᠮᠡᠬᠡᠯᠡᠭᠳᠡᠨ ᠬᠤᠳᠠᠯᠳᠤᠭᠳᠠᠭᠰᠠᠨ ᠰᠡᠵᠢᠭᠯᠡᠯᠲᠡᠢ ᠬᠥᠮᠥᠰ ᠤᠨ DNA᠎ ᠶᠢᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠶᠢ ᠴᠠᠭᠠᠵᠠᠯᠠᠨ᠎ᠠ᠃ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠬᠡᠦᠬᠡᠳ ᠢ ᠥᠳᠥᠭᠡᠨ ᠲᠠᠲᠠᠬᠤ᠂ ᠵᠢᠭᠠᠨ ᠳᠣᠬᠢᠬᠤ᠂ ᠮᠡᠬᠡᠯᠡᠬᠦ᠂ ᠠᠯᠪᠠᠳᠠᠬᠤ᠂ ᠦᠯᠡᠳᠡᠭᠡᠨ ᠠᠪᠴᠤ ᠬᠤᠣᠷᠲᠤ ᠡᠳ᠋ ᠲᠠᠲᠠᠵᠤ ᠫᠠᠨᠽᠠᠯᠠᠬᠤ ᠶᠠᠯᠠᠲᠤ ᠠᠵᠢᠯᠯᠠᠭ᠎ᠠ ᠳᠤ ᠲᠤᠰᠬᠠᠢ ᠴᠣᠬᠢᠯᠲᠠ ᠥᠭᠬᠦ ᠠᠵᠢᠯᠯᠠᠭ᠎ᠠ ᠶᠢ ᠥᠷᠨᠢᠭᠦᠯᠦᠨ᠎ᠡ᠃ ᠬᠡᠦᠬᠡᠳ ᠢ ᠠᠶᠤᠯᠭᠠᠨ ᠰᠦᠷᠳᠡᠭᠦᠯᠵᠦ᠂ ᠥᠳᠥᠭᠡᠨ ᠲᠠᠲᠠᠵᠤ᠂ ᠵᠢᠭᠠᠨ ᠳᠣᠬᠢᠵᠤ ᠪᠠᠶᠢᠭᠠᠳ ᠬᠠᠷ᠎ᠠ ᠨᠡᠶᠢᠭᠡᠮ ᠤᠨ ᠰᠢᠨᠵᠢ ᠴᠢᠨᠠᠷ ᠲᠠᠢ ᠵᠣᠬᠢᠶᠠᠨ ᠪᠠᠶᠢᠭᠤᠯᠤᠯᠲᠠ ᠳᠤ ᠣᠷᠣᠯᠴᠠᠭᠤᠯᠵᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃      14᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠰᠦᠯᠵᠢᠶ᠎ᠡ ᠪᠠᠷ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠦᠯᠵᠢᠶᠡᠨ ᠤ ᠣᠷᠣᠨ ᠵᠠᠢ ᠳᠤ ᠬᠤᠯᠪᠣᠭᠳᠠᠭᠰᠠᠨ ᠬᠡᠦᠬᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠠᠳᠠᠯᠤᠨ ᠰᠤᠳᠤᠯᠬᠤ ᠶᠢ ᠴᠢᠩᠭᠠᠳᠬᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠣᠯᠠᠨ ᠨᠡᠶᠢᠲᠡ ᠶᠢᠨ ᠬᠡᠦᠬᠡᠳ ᠤᠨ ᠰᠦᠯᠵᠢᠶ᠎ᠡ ᠶᠢ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠨ ᠳᠤ ᠦᠯᠤ ᠬᠥᠷᠦᠭᠰᠡᠳ ᠤᠨ ᠬᠤᠯᠪᠣᠭᠳᠠᠯ ᠪᠦᠬᠦᠢ ᠱᠠᠯᠢᠭ ᠵᠠᠪᠬᠠᠢ ᠡᠳ᠋ ᠪᠣᠳᠠᠰ ᠪᠠ ᠰᠦᠯᠵᠢᠶᠡᠨ ᠤ ᠮᠡᠳᠡᠭᠡ ᠵᠠᠩᠭᠢ ᠶᠢ ᠦᠢᠯᠡᠳᠬᠦ᠂ ᠪᠠᠭᠤᠯᠭᠠᠬᠤ᠂ ᠨᠡᠶᠢᠲᠡᠯᠡᠬᠦ᠂ ᠤᠯᠠᠮᠵᠢᠯᠠᠨ ᠲᠠᠷᠬᠠᠭᠠᠬᠤ ᠪᠤᠶᠤ ᠡᠵᠡᠮᠰᠢᠬᠦ ᠶᠢ ᠴᠠᠭᠠᠵᠠᠯᠠᠨ᠎ᠠ᠃ ᠰᠦᠯᠵᠢᠶ᠎ᠡ ᠶᠢ ᠠᠰᠢᠭᠯᠠᠨ ᠬᠡᠦᠬᠡᠳ ᠢ ᠥᠳᠥᠭᠡᠨ ᠲᠠᠲᠠᠬᠤ᠂ ᠪᠡᠯᠭᠡ ᠶᠢᠨ ᠬᠠᠯᠳᠠᠯᠭ᠎ᠠ ᠶᠢᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃ ᠬᠡᠦᠬᠡᠳ ᠢ ᠭᠤᠲᠤᠭᠠᠬᠤ᠂ ᠭᠦᠳᠬᠡᠬᠦ᠂ ᠰᠦᠷᠳᠡᠭᠦᠯᠬᠦ ᠪᠤᠶᠤ ᠮᠠᠭᠤ ᠰᠠᠨᠠᠭ᠎ᠠ ᠲᠠᠢ ᠪᠠᠷ ᠳᠦᠷᠢ ᠲᠥᠷᠬᠦ ᠶᠢ ᠨᠢ ᠬᠤᠬᠢᠷᠠᠭᠤᠯᠬᠤ ᠵᠡᠷᠭᠡ ᠰᠦᠯᠵᠢᠶᠡᠨ ᠤ ᠳᠣᠷᠣᠮᠵᠢᠯᠠᠯ ᠤᠨ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠰᠦᠯᠵᠢᠶ᠎ᠡ ᠶᠢ ᠠᠰᠢᠭᠯᠠᠨ ᠬᠡᠦᠬᠡᠳ ᠢ ᠬᠠᠭᠤᠷᠤᠨ ᠮᠡᠬᠡᠯᠡᠵᠦ ᠪᠠᠶᠢᠭᠠᠳ ᠵᠣᠭᠤᠰ ᠨᠠᠭᠠᠳᠬᠤ ᠳᠤ ᠣᠷᠣᠯᠴᠠᠭᠤᠯᠬᠤ ᠵᠢᠴᠢ ᠬᠢᠬᠠᠵᠤ ᠠᠪᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      15᠂ ᠨᠠᠰᠤᠨ ᠳᠤ ᠥᠯᠥ ᠭᠦᠷᠦᠭᠰᠡᠳ ᠤᠨ ᠬᠠᠤᠯᠢ ᠎ ᠠᠴᠠ ᠵᠥᠷᠢᠴᠡᠵᠦ ᠶᠠᠯ᠎ᠠ ᠬᠢᠬᠦ ᠶᠢ ᠪᠦᠲᠦᠮᠵᠢᠲᠡᠢ ᠰᠡᠷᠭᠡᠶᠢᠯᠡᠨ᠎ᠡ᠃ ᠰᠤᠷᠭᠠᠨ ᠬᠥᠮᠥᠵᠢᠭᠦᠯᠬᠦ ᠪᠠᠷ ᠭᠤᠣᠯ ᠪᠣᠯᠭᠠᠬᠤ᠂ ᠵᠠᠯᠬᠠᠭᠠᠨ ᠰᠢᠢᠳᠭᠡᠬᠦ ᠪᠠᠷ ᠬᠠᠪᠰᠤᠷᠤᠮᠵᠢ ᠪᠣᠯᠭᠠᠬᠤ ᠶᠢ ᠪᠠᠷᠢᠮᠲᠠᠯᠠᠵᠤ᠂ ᠨᠠᠰᠤᠨ ᠳᠤ ᠦᠯᠤ ᠬᠥᠷᠦᠭᠰᠡᠳ ᠲᠤ ᠬᠠᠤᠯᠢ ᠪᠠᠷ ᠵᠠᠰᠠᠬᠤ ᠪᠠ ᠶᠠᠯ᠎ᠠ ᠬᠢᠬᠦ ᠶᠢ ᠰᠡᠷᠭᠡᠶᠢᠯᠡᠬᠦ ᠬᠥᠮᠦᠵᠢᠯ ᠬᠢᠬᠦ ᠶᠢ ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠪᠠ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠨᠠᠰᠤᠨ ᠳᠤ ᠥᠯᠥ ᠭᠦᠷᠦᠭᠰᠡᠳ ᠤᠨ ᠬᠠᠤᠯᠢ ᠎ ᠠᠴᠠ ᠵᠥᠷᠢᠴᠡᠵᠦ ᠶᠠᠯ᠎ᠠ ᠬᠢᠬᠦ ᠳᠤ ᠱᠠᠲᠤ ᠬᠤᠪᠢᠶᠠᠨ ᠭᠠᠷ ᠲᠦᠷᠦᠭᠦ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠤᠷᠭᠠᠨ ᠬᠥᠮᠥᠵᠢᠭᠦᠯᠵᠦ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ᠂ ᠨᠠᠰᠤᠨ ᠳᠤ ᠥᠯᠥ ᠭᠦᠷᠦᠭᠰᠡᠳ ᠤᠨ ᠮᠠᠭᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠬᠤᠷᠢᠭᠯᠠᠨ ᠵᠣᠭᠰᠣᠭᠠᠵᠤ᠂ ᠬᠠᠮᠢᠶᠠᠷᠴᠤ ᠰᠤᠷᠭᠠᠨ᠎ᠠ᠃ ᠨᠠᠰᠤᠨ ᠳᠤ ᠥᠯᠥ ᠭᠦᠷᠦᠭᠰᠡᠳ ᠤᠨ ᠬᠦᠨᠳᠦ ᠨᠣᠴᠢᠲᠠᠢ ᠮᠠᠭᠤ ᠦᠶᠯᠡ ᠠᠵᠢᠯᠯᠠᠭ᠎ᠠ ᠪᠠ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠥᠯᠥ ᠭᠦᠷᠦᠭᠰᠡᠳ ᠤᠨ ᠪᠤᠰᠤᠳ ᠬᠥᠮᠥᠨ ᠵᠢᠴᠢ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ ᠰᠢᠢᠳᠪᠦᠷᠢᠯᠡᠨ᠎ᠡ᠃ ᠲᠤᠰᠬᠠᠢ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠵᠢᠷᠤᠮ᠂ ᠰᠤᠷᠤᠭᠴᠢ ᠪᠠ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠡᠩ ᠤᠨ ᠰᠤᠷᠭᠠᠭᠤᠯᠢ ᠳᠤ ᠰᠢᠯᠵᠢᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠦᠨ᠎ᠡ᠃ ᠶᠠᠯ᠎ᠠ ᠳᠤ ᠬᠤᠯᠪᠣᠭᠳᠠᠭᠰᠠᠨ ᠨᠠᠰᠤᠨ ᠳᠤ ᠦᠯᠤ ᠬᠥᠷᠦᠭᠰᠡᠳ ᠲᠤ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠬᠦ ᠪᠠ ᠨᠠᠷᠢᠯᠢᠭ ᠤᠨᠤᠪᠴᠢᠲᠠᠢ ᠢᠶᠠᠷ ᠬᠠᠪᠰᠤᠷᠤᠨ ᠰᠤᠷᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠭᠠᠨ ᠬᠥᠮᠥᠵᠢᠭᠦᠯᠵᠦ ᠵᠠᠯᠠᠷᠠᠭᠤᠯᠤᠨ ᠵᠠᠰᠠᠬᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠲᠠᠬᠢᠨ ᠶᠠᠯ᠎ᠠ ᠬᠢᠬᠦ ᠶᠢ ᠤᠷᠢᠳᠴᠢᠯᠠᠨ  ᠰᠡᠷᠭᠡᠶᠢᠯᠡᠨ᠎ᠡ᠃ ᠶᠠᠯ᠎ᠠ ᠳᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠢ ᠭᠠᠳᠠᠭᠤᠷᠴᠢᠯᠠᠬᠤ ᠠᠴᠠ ᠬᠡᠯᠲᠦᠷᠢᠭᠦᠯᠬᠦ ᠶᠢ ᠪᠠᠲᠤᠯᠠᠵᠤ᠂ ᠰᠤᠷᠤᠯᠭ᠎ᠠ ᠪᠠᠨ ᠰᠡᠷᠭᠦᠭᠡᠬᠦ᠂ ᠰᠤᠷᠭᠠᠭᠤᠯᠢ ᠳᠡᠪᠰᠢᠬᠦ᠂ ᠠᠵᠢᠯ ᠣᠯᠬᠤ ᠵᠡᠷᠭᠡ ᠲᠠᠯ᠎ᠠ ᠪᠠᠷ ᠬᠢ ᠠᠳᠠᠯᠢ ᠲᠡᠭᠰᠢ ᠡᠷᠬᠡ ᠶᠢ ᠬᠠᠤᠯᠢ ᠶᠣᠰᠣᠭᠠᠷ ᠪᠡᠶᠡᠯᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠨ᠎ᠠ᠃      ᠳᠥᠷᠪᠡᠳᠦᠭᠡᠷ ᠪᠦᠯᠦᠭ     ᠵᠣᠬᠢᠶᠠᠨ ᠪᠠᠶᠢᠭᠤᠯᠵᠤ ᠬᠡᠷᠡᠭᠵᠢᠭᠦᠯᠬᠦ      ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠥᠯᠥᠪᠵᠢᠭᠦᠯᠵᠦ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠲᠦᠯᠬᠢᠨ ᠠᠬᠢᠭᠤᠯᠬᠤ ᠳᠤᠮᠳᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠭᠰᠠᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠦᠪᠯᠡᠯ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠠᠵᠢᠯ ᠢ ᠬᠠᠷᠢᠭᠤᠴᠠᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠪᠣᠳᠠᠲᠠᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ ᠶᠢᠨ ᠬᠠᠮᠢᠶ᠎ᠠ ᠪᠦᠬᠦᠢ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃      ︵ᠭᠤᠷᠪᠠ︶ ᠲᠥᠯᠦᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠳᠤ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠵᠢᠴᠢ ᠬᠡᠦᠬᠡᠳ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠠᠬᠢᠭᠤᠯᠵᠤ᠂ ᠬᠡᠦᠬᠡᠳ ᠤᠨ ᠠᠵᠢᠯ ᠦᠢᠯᠡᠰ ᠤᠨ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠠᠶᠢᠷᠢᠯᠠᠭᠤᠯᠵᠤ᠂ ᠵᠡᠷᠭᠡ ᠳᠤᠨᠢ ᠠᠬᠢᠭᠤᠯᠵᠤ᠂ ᠵᠡᠷᠭᠡ ᠳᠤᠨᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃      ︵ᠳᠥᠷᠪᠡ︶ ᠲᠤᠭᠤᠷᠢᠭ ᠤᠨ ᠱᠠᠲᠤᠨ ᠤ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠎ᠠ᠃ ᠲᠤᠭᠤᠷᠢᠭ ᠤᠨ ᠵᠠᠰᠠᠭ ᠤᠨ ᠣᠷᠳᠣᠨ ᠨᠢ ᠪᠤᠭᠤᠲᠤ ᠬᠤᠲᠠ ᠶᠢᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠱᠠᠲᠤᠨ ᠤ ᠬᠡᠦᠬᠡᠳ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠎ᠠ᠃      ︵ᠲᠠᠪᠤ︶ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠡᠯ᠎ᠡ ᠱᠠᠲᠤᠨ ᠤ ᠲᠥᠯᠦᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃      ︵ᠵᠢᠷᠭᠤᠭ᠎ᠠ︶ ᠬᠡᠦᠬᠡᠳ ᠤᠨ ᠬᠥᠭᠵᠢᠯᠲᠡ ᠶᠢᠨ ᠵᠠᠷᠤᠳᠠᠯ ᠤᠨ ᠳᠡᠮᠵᠢᠯᠭᠡ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠬᠡᠦᠬᠡᠳ ᠤᠨ ᠠᠵᠢᠯ ᠦᠢᠯᠡᠰ ᠪᠠ ᠠᠵᠤ ᠠᠬᠤᠢ ᠨᠡᠶᠢᠭᠡᠮ ᠤᠨ ᠵᠡᠷᠭᠡᠪᠡᠷ ᠬᠥᠭᠵᠢᠬᠦ ᠶᠢ ᠪᠡᠶᠡᠯᠡᠭᠦᠯᠦᠨ᠎ᠡ᠃ ᠲᠤᠭᠤᠷᠢᠭ ᠤᠨ ᠡᠳ᠋ ᠤᠨ ᠵᠠᠰᠠᠭ ᠤᠨ ᠬᠡᠦᠬᠡᠳ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠦᠨᠡᠨᠬᠦ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢᠨ ᠲᠠᠶᠢᠰᠢ ᠬᠡᠯᠪᠡᠶᠢᠯᠭᠡᠨ᠎ᠡ᠃ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠮᠲᠤᠯᠢᠭ ᠤᠨ ᠬᠥᠭᠵᠢᠯᠲᠡ ᠶᠢ ᠳᠡᠮᠵᠢᠨ᠎ᠡ᠃ ᠨᠡᠶᠢᠭᠡᠮ ᠤᠨ ᠬᠦᠴᠦᠨ ᠢ ᠳᠠᠶᠢᠴᠢᠯᠠᠵᠤ᠂ ᠤᠯᠠᠨ ᠠᠷᠭ᠎ᠠ ᠵᠠᠮ ᠢᠶᠠᠷ ᠡᠬᠢ ᠪᠠᠶᠠᠯᠢᠭ ᠢ ᠴᠤᠭᠯᠠᠭᠤᠯᠵᠤ᠂ ᠬᠡᠦᠬᠡᠳ ᠤᠨ ᠦᠢᠯᠡᠰ ᠢ ᠬᠥᠭᠵᠢᠭᠦᠯᠦᠨ᠎ᠡ᠃      ︵ᠳᠣᠯᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ ᠲᠡᠭᠦᠨ ᠤ ᠠᠯᠪᠠᠨ ᠭᠡᠷ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠯᠢᠳᠡᠭᠵᠢᠭᠦᠯᠦᠨ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠨᠢ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠠᠵᠢᠯ ᠢ ᠥᠷᠨᠢᠭᠦᠯᠬᠦ ᠠᠵᠢᠯ ᠤᠨ ᠬᠦᠴᠦᠨ ᠪᠠ ᠲᠤᠰᠬᠠᠢ ᠵᠦᠢᠯ ᠤᠨ ᠵᠠᠷᠤᠳᠠᠯ ᠲᠠᠢ ᠪᠠᠶᠢᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠴᠢᠬᠤᠯᠠ ᠪᠦᠬᠦᠢ ᠬᠥᠮᠥᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠤ ᠳᠡᠮᠵᠢᠯᠭᠡ ᠶᠢ ᠬᠠᠩᠭᠠᠨ᠎ᠠ᠃      ︵ᠨᠠᠢᠮᠠ︶ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢᠨ ᠬᠠᠷᠠᠯᠲᠠ ᠶᠢ ᠬᠠᠷᠢᠭᠤᠴᠠᠯᠭᠠᠲᠤ ᠨᠢᠭᠡᠴᠡ ᠳᠤ ᠵᠠᠳᠠᠯᠬᠤ ᠶᠢᠨ ᠬᠠᠮᠲᠤ ᠬᠠᠷᠠᠯᠲᠠᠲᠤ ᠬᠠᠮᠢᠶᠠᠷᠤᠯᠲᠠ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ ᠮᠡᠳᠡᠭᠦᠯᠬᠦ ᠳᠦᠷᠢᠮ ᠢ ᠪᠦᠷᠢᠨᠰᠢᠭᠦᠯᠵᠦ᠂ ᠬᠠᠷᠢᠭᠤᠴᠠᠯᠭᠠᠲᠤ ᠨᠢᠭᠡᠴᠡ ᠨᠢ ᠵᠢᠯ ᠪᠦᠷᠢ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ  ᠪᠠ ᠳᠠᠷᠠᠭ᠎ᠠ ᠵᠢᠯ ᠤᠨ ᠠᠵᠢᠯ ᠤᠨ ᠲᠣᠬᠢᠷᠠᠭᠤᠯᠤᠯᠲᠠ ᠪᠠᠨ ᠮᠡᠳᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ ᠠᠵᠢᠯ ᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠱᠠᠯᠠᠪᠳᠠᠭᠤᠯᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠵᠢᠴᠢ ᠭᠤᠣᠯ ᠬᠠᠷᠠᠯᠲᠠ ᠶᠢ ᠠᠬᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠨ ᠪᠠᠶᠢᠴᠠᠭᠠᠬᠤ ᠶᠢ ᠥᠷᠨᠢᠭᠦᠯᠦᠨ᠎ᠡ᠃ ᠪᠠᠶᠢᠴᠠᠭᠠᠨ ᠰᠤᠳᠤᠯᠬᠤ ᠳᠦᠷᠢᠮ ᠢ ᠪᠦᠷᠢᠨᠰᠢᠭᠦᠯᠦᠨ᠂ ᠬᠡᠦᠬᠡᠳ ᠤᠨ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠢ ᠪᠣᠶᠢᠵᠢᠭᠤᠯᠤᠨ᠂ ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ ᠬᠡᠦᠬᠡᠳ ᠤᠨ ᠠᠵᠢᠯ ᠤᠨ ᠣᠶᠤᠨ ᠤ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠲᠥᠯᠦᠪᠵᠢᠭᠦᠯᠭᠡ ᠶᠢᠨ ᠭᠤᠣᠯ ᠬᠠᠷᠠᠯᠲᠠ ᠶᠢᠨ ᠣᠨᠣᠯ ᠵᠢᠴᠢ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠦᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠯᠠᠪᠯᠠᠯᠲᠠ ᠬᠠᠩᠭᠠᠨ᠎ᠠ᠃ ᠲᠥᠯᠦᠪᠵᠢᠭᠦᠯᠭᠡ ᠶᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠳᠦᠷᠢᠮ ᠢ ᠪᠦᠷᠢᠨᠰᠢᠭᠦᠯᠵᠦ᠂ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢᠨ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠬᠢᠭᠦᠯᠦᠨ ᠰᠠᠶᠢᠰᠢᠶᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃      ︵ᠶᠢᠰᠦ︶ ᠲᠥᠯᠦᠪᠵᠢᠭᠦᠯᠭᠡ ᠶᠢ ᠬᠡᠷᠡᠭᠵᠢᠭᠦᠯᠬᠦ ᠵᠥᠪᠳᠡᠯᠴᠡᠬᠦ ᠪᠠ ᠬᠡᠷᠡᠭ ᠵᠥᠪᠯᠡᠬᠦ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠺᠣᠮᠢᠰ ᠤᠨ ᠪᠥᠬᠦᠳᠡ ᠬᠤᠷᠠᠯ ᠢ ᠵᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠴᠢᠬᠤᠯᠠ ᠲᠠᠢ ᠦᠶ᠎ᠡ ᠳᠤ ᠺᠣᠮᠢᠰ ᠤᠨ ᠡᠷᠬᠢᠯᠡᠭᠴᠢ ᠴᠠᠭ ᠲᠤᠬᠠᠢ ᠳᠤᠨᠢ ᠡᠷᠬᠢᠯᠡᠨ ᠬᠤᠷᠠᠯᠳᠤᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠣᠨ ᠤ ᠠᠵᠢᠯ ᠤᠨ ᠳ᠋ᠦᠩᠨᠡᠯᠲᠡ ᠪᠠ ᠲᠥᠯᠥᠪᠯᠡᠭᠡ ᠶᠢ ᠬᠢᠨᠠᠨ ᠶᠠᠷᠢᠯᠴᠠᠵᠤ ᠪᠣᠯᠣᠨ᠎ᠠ᠃ ᠬᠡᠷᠡᠭᠴᠡᠭᠡ ᠪᠠᠨ ᠦᠨᠳᠦᠰᠦᠯᠡᠨ ᠺᠣᠮᠢᠰ ᠤᠨ ᠡᠷᠬᠢᠯᠡᠭᠴᠢ ᠠᠴᠠ ᠺᠣᠮᠢᠰ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢ ᠴᠠᠭ ᠲᠤᠬᠠᠢ ᠳᠤᠨᠢ ᠡᠷᠬᠢᠯᠡᠨ ᠬᠤᠷᠠᠯᠳᠤᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠪᠤᠶᠤ ᠴᠢᠬᠤᠯᠠ ᠶᠡᠭᠡ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠺᠣᠮᠢᠰ ᠤᠨ ᠬᠤᠯᠪᠣᠭᠠᠴᠢᠨ ᠤ ᠬᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠤ᠂ ᠪᠠᠶᠢᠳᠠᠯ ᠢᠶᠠᠨ ᠮᠡᠳᠡᠭᠳᠡᠨ᠂ ᠮᠡᠳᠡᠭᠡ ᠵᠠᠩᠭᠢ ᠪᠠᠨ ᠨᠡᠪᠲᠡᠷᠡᠯᠴᠡᠵᠦ᠂ ᠰᠠᠨᠠᠯ ᠰᠣᠨᠣᠰᠬᠤ ᠵᠢᠴᠢ ᠲᠤᠰᠬᠠᠢ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ  ᠤᠨ ᠬᠤᠷᠠᠯ ᠢ ᠵᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠴᠢᠬᠤᠯᠠ ᠲᠠᠢ ᠦᠶ᠎ᠡ ᠳᠤ ᠴᠠᠭ ᠲᠤᠬᠠᠢ ᠲᠤᠨᠢ ᠬᠤᠷᠠᠯᠳᠤᠭᠤᠯᠵᠤ᠂ ᠬᠢᠨᠠᠨ ᠬᠡᠮᠵᠢᠬᠦ ᠲᠠᠯ᠎ᠠ ᠠᠴᠠ ᠦᠨᠡᠯᠡᠨ ᠵᠢᠱᠢᠬᠦ ᠲᠥᠯᠦᠪᠵᠢᠭᠦᠯᠭᠡ ᠶᠢᠨ ᠠᠬᠢᠴᠠ ᠶᠢᠨ ᠪᠠᠶᠢᠳᠠᠯ  ᠢ ᠵᠠᠳᠠᠯᠵᠤ᠂ ᠬᠡᠦᠬᠡᠳ ᠤᠨ ᠬᠥᠭᠵᠢᠯᠲᠡ ᠶᠢᠨ ᠬᠠᠨᠳᠤᠰᠢ ᠶᠢ ᠲᠥᠰᠥᠭᠡᠯᠡᠵᠦ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃      ︵ᠠᠷᠪᠠ︶ ᠲᠥᠯᠦᠪᠵᠢᠭᠦᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠶᠡᠭᠡ ᠪᠠᠷ ᠤᠬᠠᠭᠤᠯᠵᠤ᠂ ᠨᠠᠮ ᠤᠨ ᠲᠥᠪ ᠬᠤᠷᠢᠶᠠᠨ ᠤ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠭᠤᠯᠵᠦ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷᠠᠬᠢ ᠬᠡᠦᠬᠡᠳ ᠤᠨ ᠠᠵᠢᠯ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠤᠬᠠᠭᠤᠯᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠯᠦᠪᠵᠢᠭᠦᠯᠭᠡ ᠶᠢᠨ ᠠᠭᠤᠯᠭ᠎ᠠ ᠪᠠ ᠲᠥᠯᠦᠪᠵᠢᠭᠦᠯᠭᠡ ᠶᠢ ᠬᠡᠷᠡᠭᠵᠢᠭᠦᠯᠬᠦ ᠳᠤᠮᠳᠠᠬᠢ ᠲᠤᠷᠰᠢᠯᠭ᠎ᠠ ᠪᠠ ᠦᠷ᠎ᠡ ᠪᠦᠲᠦᠮᠵᠢ ᠶᠢ ᠤᠬᠠᠭᠤᠯᠵᠤ᠂ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠬᠡᠦᠬᠡᠳ ᠤᠨ ᠬᠥᠭᠵᠢᠯᠲᠡ ᠳᠤ ᠠᠰᠢᠭᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠤᠨ ᠬᠤᠯᠪᠣᠭᠳᠠᠯ ᠪᠦᠬᠦᠢ ᠠᠭᠤᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ  ᠶᠢ ᠺᠠᠳ᠋ᠷᠴᠤᠳ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠮᠡᠳᠡᠯᠭᠡ ᠶᠢ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠪᠣᠯᠪᠠᠰᠤᠷᠠᠭᠤᠯᠤᠯ ᠢ ᠡᠷᠭᠢᠯᠡᠨ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠵᠢᠯᠲᠠᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃      ︵ᠠᠷᠪᠠᠨ ᠨᠢᠭᠡ︶ ᠲᠥᠯᠦᠪᠵᠢᠭᠦᠯᠭᠡ ᠶᠢ ᠬᠡᠷᠡᠭᠵᠢᠭᠦᠯᠬᠦ ᠪᠦᠲᠦᠮᠵᠢᠲᠡᠢ ᠠᠷᠭ᠎ᠠ ᠬᠢᠳᠡᠯ ᠢ ᠪᠠᠷᠢᠮᠲᠠᠯᠠᠬᠤ ᠪᠠ ᠰᠢᠨ᠎ᠡ ᠶᠢ ᠡᠭᠦᠳᠦᠨ᠎ᠡ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠲᠥᠷᠥᠯ ᠬᠤᠪᠢᠶᠠᠨ ᠵᠢᠯᠤᠭᠤᠳᠬᠤ᠂ ᠤᠷᠢᠳᠠᠪᠠᠷ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠰᠠᠶᠢᠨ ᠠᠷᠭ᠎ᠠ ᠪᠠ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠪᠠᠶᠢᠭᠤᠯᠤᠮᠵᠢ ᠪᠠ ᠨᠡᠶᠢᠲᠡ ᠶᠢᠨ ᠠᠰᠠᠷᠠᠮᠵᠢ ᠶᠢᠨ ᠬᠥᠮᠥᠰ ᠤᠨ ᠬᠡᠦᠬᠡᠳ ᠤᠨ ᠡᠷᠬᠡ ᠠᠰᠢᠭ ᠢ ᠪᠠᠲᠤᠯᠠᠬᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠡᠦᠬᠡᠳ ᠤᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠣᠷᠣᠯᠴᠠᠬᠤ ᠶᠠᠪᠤᠴᠠ ᠳᠤ ᠬᠡᠦᠬᠡᠳ ᠤᠨ ᠲᠣᠰ ᠪᠡᠶ᠎ᠡ ᠶᠢᠨ ᠪᠥᠬᠦ ᠲᠠᠯ᠎ᠠ ᠶᠢᠨ ᠬᠥᠭᠵᠢᠯᠲᠡ ᠪᠠᠨ ᠪᠡᠶᠡᠯᠡᠭᠦᠯᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠠᠪᠤᠳᠤᠭᠠᠷ ᠪᠦᠯᠦᠭ        ᠬᠢᠨᠠᠨ ᠬᠡᠮᠵᠢᠵᠦ ᠦᠨᠡᠯᠡᠨ ᠵᠢᠱᠢᠬᠦ      ︵ᠨᠢᠭᠡ︶ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠦᠷᠦᠭᠦᠯᠡᠨ ᠣᠨ ᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠣᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠵᠦ᠂ ᠬᠡᠦᠬᠡᠳ ᠤᠨ ᠬᠥᠭᠵᠢᠯᠲᠡ ᠶᠢᠨ ᠪᠠᠶᠢᠳᠠᠯ ᠢ ᠲᠤᠰᠬᠠᠭᠰᠠᠨ ᠬᠠᠮᠢᠶ᠎ᠠ ᠪᠦᠬᠦᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠤᠨ ᠵᠠᠳᠠᠯᠤᠨ᠎ᠠ᠃ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠠᠴᠠ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠎ ᠠᠴᠠ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ ᠦᠨᠡᠯᠡᠨ ᠵᠢᠱᠢᠬᠦ ᠪᠠᠷ ᠳᠠᠮᠵᠢᠭᠤᠯᠤᠨ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠬᠡᠦᠬᠡᠳ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠨ ᠡᠵᠡᠮᠰᠢᠵᠦ᠂ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠰᠲ᠋ᠧᠮ ᠲᠠᠢ ᠵᠠᠳᠠᠯᠤᠨ ᠦᠨᠡᠯᠡᠵᠦ᠂ ᠲᠥᠯᠦᠪᠵᠢᠭᠦᠯᠭᠡ ᠶᠢᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠮᠠᠭᠠᠳᠯᠠᠵᠤ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠲᠣᠪᠣᠶᠢᠮ᠎ᠠ ᠠᠰᠠᠭᠤᠳᠠᠯ ᠢ ᠡᠷᠢᠨ ᠭᠠᠷᠭᠠᠵᠤ᠂ ᠬᠥᠭᠵᠢᠯᠲᠡ ᠶᠢᠨ ᠬᠠᠨᠳᠤᠰᠢ ᠶᠢ ᠲᠥᠰᠥᠭᠡᠯᠡᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃      ︵ᠬᠤᠶᠠᠷ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ᠂ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠢ ᠬᠢᠨᠠᠨ ᠵᠥᠪᠰᠢᠶᠡᠷᠡᠬᠦ᠂ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠵᠡᠷᠭᠡ ᠶᠢ ᠬᠠᠷᠢᠭᠤᠴᠠᠨ᠎ᠠ᠃      ᠬᠢᠨᠠᠨ ᠬᠡᠮᠵᠢᠬᠦ ᠳᠤᠭᠤᠶᠢᠯᠠᠩ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠥᠮᠥᠨ ᠰᠣᠩᠭᠤᠨ ᠲᠣᠮᠢᠯᠠᠵᠤ ᠣᠷᠣᠯᠴᠠᠭᠤᠯᠤᠨ᠂ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ ᠬᠠᠷᠢᠭᠤᠴᠠᠵᠤ᠂ ᠬᠢᠨᠠᠨ ᠬᠡᠮᠵᠢᠬᠦ ᠲᠥᠰᠥᠯ ᠪᠠ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠣᠨ᠂ ᠳᠤᠮᠳᠠ ᠬᠤᠭᠤᠴᠠᠭ᠎ᠠ ᠪᠠ ᠡᠴᠦᠰ ᠤᠨ ᠬᠤᠭᠤᠴᠠᠭᠠᠨ ᠤ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠲᠤᠰᠢᠶᠠᠵᠤ᠂ ᠣᠨ ᠤ ᠬᠡᠦᠬᠡᠳ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠵᠡᠷᠭᠡ ᠶᠢ ᠨᠠᠶᠢᠷᠠᠭᠤᠯᠤᠨ ᠬᠡᠪᠯᠡᠭᠦᠯᠦᠨ᠎ᠡ᠃ ᠬᠢᠨᠠᠨ ᠬᠡᠮᠵᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ᠂ ᠵᠠᠳᠠᠯᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠬᠦᠢᠰᠦ ᠶᠢᠨ ᠢᠯᠭᠠᠯ ᠪᠠ ᠨᠠᠰᠤ ᠵᠢᠯ ᠤᠨ ᠭᠦᠢᠴᠡᠳᠬᠡᠯ ᠲᠤᠭ᠎ᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃      ᠦᠨᠡᠯᠡᠨ ᠵᠢᠱᠢᠬᠦ ᠳᠤᠭᠤᠶᠢᠯᠠᠩ ᠢ ᠡᠮᠡᠭᠲᠡᠶᠢᠴᠦᠳ ᠬᠡᠦᠬᠡᠳ‌‍ᠤᠨ ᠠᠵᠢᠯ ᠎ ᠤᠨ ᠺᠣᠮᠢᠰ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠬᠠᠷᠢᠭᠤᠴᠠᠬᠤ ᠬᠥᠮᠥᠰ ᠣᠷᠣᠯᠴᠠᠵᠤ᠂ ᠦᠨᠡᠯᠡᠨ ᠵᠢᠱᠢᠬᠦ ᠠᠵᠢᠯ ᠶᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ ᠬᠠᠷᠢᠭᠤᠴᠠᠵᠤ᠂ ᠦᠨᠡᠯᠡᠨ ᠵᠢᠱᠢᠬᠦ ᠲᠥᠰᠥᠯ ᠲᠣᠭᠲᠠᠭᠠᠨ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠺᠣᠮᠢᠰ ᠲᠤ ᠳᠤᠮᠳᠠ ᠬᠤᠭᠤᠴᠠᠭ᠎ᠠ  ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠪᠠᠨ  ᠲᠤᠰᠢᠶᠠᠨ᠎ᠠ᠃ ᠦᠨᠡᠯᠡᠨ ᠵᠢᠱᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠥᠪᠵᠢᠭᠦᠯᠦᠨ ᠬᠡᠷᠡᠭᠵᠢᠭᠦᠯᠬᠦ ᠥᠪᠡᠷ ᠢ ᠪᠠᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠦᠨᠡᠯᠡᠨ ᠵᠢᠱᠢᠬᠦ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ ᠦᠨᠡᠯᠡᠨ ᠵᠢᠱᠢᠬᠦ ᠳᠤᠭᠤᠶᠢᠯᠠᠩ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠡᠦᠬᠡᠳ ᠤᠨ ᠬᠠᠮᠠᠭᠠᠯᠠᠯᠲᠠ ᠬᠢᠭᠡᠳ ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠳᠤ ᠲᠤᠰᠬᠠᠢ ᠵᠦᠢᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠬᠢᠬᠦ ᠶᠢ ᠳᠡᠮᠵᠢᠵᠦ᠂ ᠦᠷ᠎ᠡ ᠳ᠋ᠦᠩ ᠢ ᠳᠤᠮᠳᠠ ᠬᠤᠭᠤᠴᠠᠭ᠎ᠠ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠳᠤ ᠯᠠᠪᠯᠠᠯᠲᠠ ᠪᠣᠯᠭᠠᠵᠤ ᠪᠣᠯᠣᠨ᠎ᠠ᠃      ︵ᠭᠤᠷᠪᠠ︶ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠨᠠᠰᠤ ᠵᠢᠯ ᠬᠤᠪᠢᠶᠠᠨ ᠪᠦᠷᠢᠳᠬᠡᠬᠦ ᠠᠵᠢᠯ ᠢ ᠴᠢᠩᠭᠠᠳᠬᠠᠵᠤ᠂ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠳᠦᠷᠢᠮᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠳᠥᠷᠪᠡ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠪᠣᠯᠪᠠᠰᠤᠷᠠᠭᠤᠯᠤᠯ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠤᠭᠯᠠᠭᠤᠯᠬᠤ ᠠᠷᠭ᠎ᠠ ᠵᠠᠮ᠂ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶ᠎ᠡ ᠪᠠ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠬᠡᠷᠡᠭᠯᠡᠨ᠂ ᠨᠠᠰᠤ ᠵᠢᠯ ᠬᠤᠪᠢᠶᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠪᠠᠶᠠᠯᠢᠭᠵᠢᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠪᠣᠯᠣᠨ ᠦᠨᠡᠯᠡᠨ ᠵᠢᠱᠢᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ  ᠲᠦᠯᠦᠪᠯᠡᠭᠦᠯᠦᠨ᠎ᠡ᠃      ︵ᠲᠠᠪᠤ︶ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠦᠲᠦᠮᠵᠢᠲᠡᠢ ᠠᠰᠢᠭᠯᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠦᠢᠯᠡᠳᠦᠯ ᠢ ᠪᠠᠳᠠᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠬᠡᠮᠵᠢᠵᠦ ᠦᠨᠡᠯᠡᠨ ᠵᠢᠱᠢᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠰᠣᠯᠢᠯᠴᠠᠬᠤ᠂ ᠬᠠᠷᠢᠭᠤ ᠲᠤᠰᠬᠠᠬᠤ ᠪᠠ ᠨᠡᠶᠢᠲᠡᠯᠡᠬᠦ ᠲᠣᠭᠲᠠᠴᠠ ᠶᠢ  ᠪᠠᠶᠢᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠰᠤᠳᠤᠯᠤᠨ ᠮᠠᠭᠠᠳᠯᠠᠬᠤ ᠪᠠ ᠬᠡᠷᠡᠭᠯᠡᠬᠦ ᠶᠢ ᠴᠢᠩᠭᠠᠳᠬᠠᠨ᠂ ᠪᠡᠶᠡᠯᠡᠭᠦᠯᠬᠦ ᠪᠠᠷ ᠵᠢᠱᠢᠬᠦ ᠳᠤ ᠬᠦᠴᠢᠷᠲᠡᠢ᠂ ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢ ᠴᠠᠭ ᠲᠤᠬᠠᠢ ᠲᠤᠨᠢ ᠰᠡᠷᠡᠮᠵᠢᠯᠡᠭᠦᠯᠵᠦ᠂ ᠦᠨᠡᠯᠡᠨ ᠵᠢᠱᠢᠬᠦ ᠳᠤᠮᠳᠠ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠴᠠᠭ ᠲᠤᠬᠠᠢ ᠲᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠴᠠᠭ ᠲᠤᠬᠠᠢ ᠲᠤᠨᠢ ᠳ᠋ᠦᠩᠨᠡᠨ ᠳᠡᠯᠭᠡᠷᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠲᠠᠷᠠᠭᠠᠴᠢ ᠶᠢᠨ ᠱᠠᠲᠤᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠬᠢᠨᠠᠨ ᠬᠡᠮᠵᠢᠬᠦ᠂ ᠬᠥᠳᠡᠯᠦᠩᠭᠦᠢ ᠪᠠᠷ ᠤᠷᠢᠳᠴᠢᠯᠠᠨ ᠰᠡᠷᠡᠮᠵᠢᠯᠡᠭᠦᠯᠬᠦ᠂ ᠨᠠᠷᠢᠯᠢᠭ ᠤᠨᠤᠪᠴᠢᠲᠠᠢ ᠢᠶᠠᠷ ᠭᠠᠷ ᠲᠦᠷᠦᠭᠦ᠂ ᠴᠢᠨᠠᠷ ᠰᠠᠶᠢᠲᠠᠢ ᠪᠠᠷ ᠠᠬᠢᠭᠤᠯᠬᠤ ᠶᠢ ᠪᠡᠶᠡᠯᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号