5 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠾᠧᠪᠸᠢ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠪᠡᠭᠡᠵᠢᠩ ᠲᠢᠶᠠᠨᠵᠢᠨ ᠾᠧᠪᠸᠢ ᠶᠢᠨ | ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ᠂ ᠱᠠᠨᠰᠢ | ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ | ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠠᠵᠤ | ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠵᠢᠴᠢ ᠶᠡᠷᠦᠩᠬᠡᠢ ᠱᠦᠵᠢ ᠪᠤᠭᠤᠲᠤ ᠶᠢᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ᠴᠢᠬᠤᠯᠠ | ᠵᠢᠭᠠᠪᠤᠷᠢ ᠳᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ | ᠲᠣᠬᠢᠷᠠᠭᠤᠯᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠰᠢᠰᠲ᠋ᠧᠮᠲᠦ ᠰᠡᠳᠬᠢᠬᠦᠢ ᠪᠠᠷ | ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠰᠢᠢᠳᠪᠦᠷᠢᠯᠡᠬᠦ ᠰᠡᠳᠬᠢᠬᠦᠢ︾ | ᠶᠢ ᠪᠠᠲᠤ ᠪᠣᠶ ᠪᠣᠯᠭᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ ᠪᠥᠬᠦ ᠬᠦᠴᠦᠨ ᠢᠶᠠᠷ ᠢᠶᠠᠨ ᠪᠡᠷᠬᠡ | ᠰᠡᠳᠦᠪ ᠢ ᠰᠢᠢᠳᠪᠦᠷᠢᠯᠡᠵᠦ᠂ ︽ᠲᠣᠳᠣᠷᠬᠠᠢ ᠬᠠᠭᠤᠳᠠᠰᠤᠵᠢᠭᠤᠯᠬᠤ︾᠂ ︽ᠬᠠᠷᠢᠭᠤᠴᠠᠯᠭᠠᠵᠢᠭᠤᠯᠬᠤ︾ ᠪᠠᠷ ᠡᠯ᠎ᠡ | ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠣᠳᠠᠲᠠᠢ ᠪᠥᠭᠡᠳ ᠨᠠᠷᠢᠯᠢᠭ ᠠᠳᠬᠤᠨ᠎ᠠ᠃ ᠤᠨᠢᠨ ᠳᠡᠭᠡᠷ᠎ᠡ | ᠨᠢ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ | ᠦᠷ᠎ᠡ ᠪᠦᠲᠦᠮᠵᠢ ᠶᠢ ᠲᠤᠪᠤᠶᠢᠯᠭᠠᠵᠦ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠬᠤᠷᠢᠶᠠᠬᠤ᠂ ᠳᠦᠷᠢᠮ ᠢ | ᠳᠡᠭᠡᠭᠰᠢᠯᠡᠭᠦᠯᠬᠦ ᠳᠡᠭᠡᠳᠦ ᠬᠢᠵᠠᠭᠠᠷ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠨᠡᠩ | ᠤᠯᠠᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠡᠭᠦᠳᠴᠦ᠂ ᠪᠦᠬᠦ ᠲᠤᠭᠤᠷᠢᠭ ᠤᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠭᠰᠠᠨ | ᠪᠠᠶᠢᠨ᠎ᠠ᠃ |