︽ᠲᠣᠭᠤᠢ ᠲᠡᠷᠭᠡ ᠪᠠᠷ ᠰᠢᠨ᠎ᠡ ᠪᠣᠳᠠᠰ ᠢ ᠰᠣᠯᠢᠵᠣ︾ ᠥᠨᠳᠥᠰᠥᠳᠡᠨ ᠤ ᠪᠥᠯᠬᠦᠮᠳᠡᠯ ᠤᠨ ᠰᠢᠨ᠎ᠡ ᠭᠡᠪ ᠰᠣᠷᠳᠠᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2023/6/1
      ᠥᠨᠳᠥᠰᠥᠳᠡᠨ ᠤ ᠪᠥᠯᠬᠦᠮᠳᠡᠯ ᠤᠨ ᠭᠥᠴᠥᠨ ᠢ ᠨᠢᠭᠳᠠᠷᠠᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠣᠨ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠠᠮᠢᠳᠣᠷᠠᠯ ᠤᠨ ᠣᠷᠴᠢᠨ ᠲᠣᠭᠤᠷᠢᠨ ᠢᠶᠠᠨ ᠭᠤᠶᠣᠵᠢᠭᠤᠯᠬᠤ ᠢᠳᠡᠪᠬᠢ ᠴᠢᠨᠠᠷ ᠢ ᠴᠢᠩᠭᠠᠳᠬᠠᠵᠣ᠂ ᠪᠣᠯᠪᠠᠰᠣᠨ ᠬᠤᠳᠠ ᠶᠢᠨ ᠡᠭᠦᠳᠥᠨ ᠪᠠᠶᠢᠭᠤᠯᠣᠯᠳᠠ ᠳᠤ ᠭᠥᠴᠥᠨ ᠨᠡᠮᠡᠷᠢᠯᠡᠬᠦ ᠶᠢᠨ ᠲᠥᠯᠥᠬᠡ᠂ ᠣᠶᠢᠷ᠎ᠡ ᠳᠤ᠂ ᠬᠤᠰᠢᠭᠤᠴᠢ ᠵᠠᠮ ᠤᠨ ᠵᠡᠭᠡᠯᠢ ᠭᠤᠳᠣᠮᠵᠢ ᠶᠢᠨ ᠴᠢᠩ ᠶᠤᠸᠠᠨ ᠨᠡᠶᠢᠭᠡᠮ ᠲᠣᠭᠤᠷᠢᠭ ᠤᠨ ᠬᠢᠨ ︽ᠬᠠᠭᠤᠴᠢᠨ ᠢ ᠡᠪᠳᠡᠵᠦ ᠰᠢᠨ᠎ᠡ ᠶᠢ ᠪᠠᠶᠢᠭᠤᠯᠬᠤ︾ ᠲᠣᠭᠤᠢ ᠲᠡᠷᠭᠡ ᠰᠣᠯᠢᠬᠤ ᠠᠵᠢᠯᠯᠠᠭ᠎ᠠ ᠶᠢ ᠥᠷᠨᠢᠬᠦᠯᠥᠨ᠂ ᠳᠤᠭᠤᠢ ᠲᠡᠷᠭᠡ ᠶᠢᠨ ᠰᠠᠷᠠᠪᠴᠢ ᠤᠨ ᠬᠡᠷᠡᠭᠯᠡᠬᠦ ᠨᠣᠷᠮ᠎ᠡ ᠶᠢ ᠲᠡᠭᠡᠭᠰᠢᠯᠡᠬᠦᠯᠥᠨ᠂ ᠬᠠᠭᠤᠴᠢᠨ ᠬᠠᠶᠠᠭᠳᠠᠮᠠᠯ ᠲᠣᠭᠤᠢ ᠲᠡᠷᠭᠡ ᠶᠢᠨ ᠠᠰᠠᠷ ᠤᠨ ᠭᠤᠳᠣᠮᠵᠢ ᠢ ᠡᠵᠡᠯᠡᠭᠦ ᠪᠠᠶᠢᠳᠠᠯ ᠢ ᠪᠠᠭᠠᠰᠬᠠᠵᠣ᠂ ᠨᠡᠶᠢᠭᠡᠮ ᠲᠣᠭᠤᠷᠢᠭ ᠤᠨ ᠥᠨᠳᠥᠰᠥᠨ ᠱᠠᠳᠣᠨ ᠤ ᠵᠠᠰᠠᠯᠳᠠ ᠶᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠡᠶ᠎ᠡ ᠵᠣᠬᠢᠴᠡᠯ ᠲᠠᠢ ᠪᠣᠯᠪᠠᠰᠣᠨ ᠨᠡᠶᠢᠭᠡᠮ ᠲᠣᠭᠤᠷᠢᠭ ᠢ ᠪᠥᠳᠥᠭᠡᠨ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠠᠵᠢᠯᠯᠠᠭᠠᠨ ᠤ ᠲᠣᠮᠳᠠ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠣᠷᠳᠣ ᠬᠤᠭᠤᠴᠠᠭ᠎ᠠ ᠪᠠᠷ ᠭᠡᠷᠡᠭᠯᠡᠬᠦ ᠥᠬᠡᠢ ᠪᠠᠶᠢᠭᠰᠠᠨ ᠲᠣᠭᠤᠢ ᠲᠡᠷᠭᠡ ᠪᠠᠨ ᠠᠵᠢᠯᠠᠯᠠᠭᠠᠨ ᠤ ᠭᠠᠵᠠᠷ ᠲᠤ ᠠᠪᠠᠴᠢᠵᠣ ᠰᠣᠯᠢᠵᠣ᠂ ᠨᠡᠶᠢᠭᠡᠮ ᠲᠣᠭᠤᠷᠢᠭ ᠤᠨ ᠬᠢᠨ ᠪᠠᠰᠨ ᠬᠠᠶᠠᠭᠳᠠᠮᠠᠯ ᠡᠳ᠋ ᠢ ᠬᠤᠷᠢᠶᠠᠨ ᠠᠪᠬᠤ ᠭᠠᠵᠠᠷ ᠤᠨ ᠠᠵᠢᠯᠳᠡᠨ ᠢ ᠠᠵᠢᠯᠯᠠᠭᠠᠨ ᠤ ᠲᠣᠬᠠᠢ ᠶᠢᠨ ᠲᠠᠯᠠᠪᠠᠢ ᠳᠤ ᠣᠷᠢᠵᠣ᠂ ᠲᠣᠭᠤᠢ ᠲᠡᠷᠭᠡ ᠨᠢᠬᠡᠪᠣᠷᠢ ᠶᠢ ᠵᠠᠬ᠎ᠠ ᠲᠡᠯᠭᠡᠬᠦᠷ ᠤᠨ ᠬᠤᠷᠢᠶᠠᠨ ᠠᠪᠬᠤ ᠥᠨ᠎ᠡ  ᠪᠠᠷ ᠬᠤᠷᠢᠶᠠᠨ ᠠᠪᠴᠣ᠂ ᠲᠣᠭᠤᠢ ᠲᠡᠷᠭᠡ ᠶᠢᠨ ᠬᠠᠷᠢᠶᠠᠯᠠᠯ ᠢ ᠨᠣᠳᠠᠯᠠᠨ ᠲᠣᠭᠳᠠᠭᠠᠬᠤ ᠶᠢᠨ ᠬᠠᠮᠳᠣ15 ᠲᠥᠬᠦᠷᠢᠭ ᠤᠨ ᠥᠷᠳᠡᠭ ᠲᠠᠢ ᠠᠷᠢᠭᠤᠨ ᠴᠡᠪᠡᠷ ᠤᠨ ᠴᠠᠭᠠᠨᠰᠣ ᠶᠢ ᠪᠡᠯᠡᠭ ᠪᠣᠯᠭᠠᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠳᠤ  ᠭᠥᠷᠭᠡᠵᠣ᠂ ᠵᠠᠷᠢᠮ ᠰᠠᠭᠤᠭᠠᠯᠢ ᠠᠷᠠᠳ ᠨᠠᠰᠣ ᠠᠭᠰᠢᠷᠠᠵᠣ ᠲᠣᠭᠤᠢ ᠲᠡᠷᠭᠡ ᠪᠠᠨ ᠥᠪᠡᠷ ᠢᠶᠠᠨ ᠲᠥᠯᠬᠢᠬᠦ ᠳᠤ ᠲᠥᠬᠦᠮ ᠥᠭᠡᠢ ᠪᠠᠶᠢᠳᠠᠯ ᠳᠤ ᠴᠢᠭᠯᠡᠬᠦᠯᠥᠨ᠂ ᠬᠤᠰᠢᠭᠤᠴᠢ ᠵᠠᠮ ᠤᠨ ︽ᠠᠨᠠᠷ ᠤᠨ ᠥᠷ᠎ᠡ︾ ᠶᠢᠨ ᠰᠠᠶᠢᠨ ᠲᠣᠷᠠᠴᠣᠣᠯ ᠰᠠᠨᠠᠴᠢᠯᠠᠭ᠎ᠠ ᠠᠴᠠ ᠪᠠᠨ ᠰᠠᠭᠤᠭᠠᠯᠢ ᠠᠷᠠᠳ ᠤᠨ ᠭᠡᠷ ᠳᠤ ᠭᠥᠷᠴᠣ ᠲᠣᠭᠤᠢ ᠲᠡᠷᠭᠡ ᠶᠢ ᠨᠢ ᠠᠵᠢᠯᠠᠭᠠᠨ ᠤ ᠲᠣᠬᠠᠢ ᠶᠢᠨ ᠲᠠᠯᠠᠪᠠᠢ ᠳᠤ ᠵᠥᠭᠡᠭᠡᠪᠣᠷᠢᠯᠠᠵᠣ᠂ ︽ᠠᠨᠠᠷ ᠤᠨ ᠥᠷ᠎ᠡ︾ ᠶᠢᠨ ᠵᠣᠷᠢᠭ ᠰᠠᠨᠠᠭ᠎ᠠ ᠶᠢ ᠭᠥᠢᠴᠡᠳ ᠪᠠᠳᠠᠷᠠᠭᠤᠯᠣᠨ᠂ ᠠᠵᠢᠯᠯᠠᠭᠠᠨ ᠤ ᠲᠣᠬᠠᠢ ᠶᠢᠨ ᠲᠠᠯᠠᠪᠠᠢ ᠮᠠᠰᠢ ᠶᠡᠭᠡ ᠬᠥᠷ ᠬᠥᠭᠵᠢᠶᠡᠨ ᠲᠠᠢ ᠠᠭᠤᠷ ᠠᠮᠢᠰᠬᠤᠯ ᠢᠶᠠᠷ ᠪᠢᠯᠬᠠᠵᠣ᠂ ᠵᠠᠭᠤ ᠭᠠᠷᠣᠢ ᠬᠡᠷᠡᠭᠯᠡᠬᠦ ᠥᠭᠡᠢ ᠪᠠᠶᠢᠭᠰᠠᠨ ᠲᠣᠭᠤᠢ ᠲᠡᠷᠭᠡ ᠶᠢ ᠰᠣᠯᠢᠵᠣ᠂ ᠴᠡᠪᠡᠷ ᠲᠡᠭᠰᠢ ᠣᠷᠣᠰᠢᠨ ᠰᠠᠭᠤᠬᠤ ᠳᠤ ᠲᠣᠬᠢᠷᠠᠮᠵᠢᠳᠠᠢ ᠣᠷᠴᠢᠨ ᠲᠣᠭᠤᠷᠢᠨ ᠢ ᠡᠭᠦᠳᠬᠦ ᠳᠤ ︽ᠪᠣᠬᠢᠷᠳᠣᠯ ᠥᠬᠡᠢ ᠬᠥᠴᠥᠨ ᠴᠢᠳᠠᠯ︾ ᠢ ᠨᠡᠮᠡᠷᠢᠯᠡᠵᠡᠢ᠃      ᠲᠣᠰ ᠣᠳᠠᠭᠠᠨ ᠤ ᠠᠵᠢᠯᠯᠠᠭ᠎ᠠ ᠶᠢ ᠥᠷᠨᠢᠬᠦᠯᠬᠦ ᠪᠠᠷ ᠲᠠᠮᠵᠢᠭᠤᠯᠣᠨ ᠥᠨᠳᠥᠰᠥᠳᠡᠨ ᠨᠦᠭᠦᠳ ᠤᠨ ᠣᠯᠡᠨ ᠲᠥᠮᠡᠨ ᠤ ᠰᠡᠳᠬᠢᠯ ᠣᠯᠠᠮ ᠨᠢᠭᠳᠠᠷᠠᠵᠣ᠂ ᠣᠷᠣᠰᠢᠨ ᠰᠠᠭᠤᠷᠢᠰᠢᠬᠤ ᠣᠷᠴᠢᠨ ᠨᠣᠭᠦᠴᠡᠯ ᠢ ᠥᠨᠡᠨ ᠪᠣᠳᠠᠳᠠᠢ ᠰᠠᠶᠢᠵᠢᠷᠠᠭᠤᠯᠣᠨ᠂ ᠵᠠᠰᠠᠯᠳᠠ ᠶᠢᠨ ᠥᠷ᠎ᠡ ᠪᠥᠳᠥᠮᠵᠢ ᠶᠢ ᠲᠠᠰᠣᠷᠠᠯᠳᠠ ᠥᠭᠡᠢ ᠪᠠᠬᠢᠭᠦᠯᠵᠣ᠂ ᠥᠨᠳᠥᠰᠥᠳᠡᠨ ᠤ ᠪᠥᠯᠬᠦᠮᠳᠡᠯ ᠤᠨ ᠰᠢᠨ᠎ᠡ ᠭᠡᠪ ᠰᠣᠷᠳᠠᠯ ᠢ ᠣᠯᠠᠮ ᠨᠢᠬᠡ ᠠᠯᠬᠤᠮ ᠢᠯᠡᠷᠡᠭᠦᠯᠥᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号