ᠪᠤᠭᠤᠲᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠪᠣᠯᠣᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/1
      ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠭᠠᠶᠢᠯᠢ ᠳᠤ ᠬᠤᠯᠪᠣᠭᠳᠠᠬᠤ ᠲᠤᠭ᠎ᠠ ᠪᠠᠷᠢᠮᠲᠠ ᠶᠢ ᠰᠣᠯᠢᠯᠴᠠᠬᠤ᠂ ᠬᠠᠮᠲᠤ ᠪᠠᠷ ᠡᠳ᠋ᠯᠡᠬᠦ ᠶᠢ ᠰᠢᠯᠤᠳᠬᠠᠵᠦ᠂ ᠭᠠᠶᠢᠯᠢ ᠳᠤ ᠬᠤᠯᠪᠣᠭᠳᠠᠭᠰᠠᠨ ᠮᠡᠳᠡᠭᠡ ᠵᠠᠩᠭᠢ ᠶᠢ ᠪᠦᠬᠦ ᠲᠠᠯ᠎ᠠ ᠪᠠᠷ᠂ ᠴᠠᠭ ᠲᠤᠬᠠᠢ ᠳᠤᠨᠢ ᠳᠠᠮᠵᠢᠭᠤᠯᠤᠭᠰᠠᠨ ᠦᠭᠡᠢ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ  ᠶᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠶᠡᠬᠡᠳᠭᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠪᠤᠯᠤᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠴᠢᠩᠱᠠᠨ ᠶᠡᠭᠡ ᠠᠩᠭᠢ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠠᠢ᠃      ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 2022 ᠣᠨ ᠤ ᠴᠢᠩᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠲᠠᠲᠠᠪᠤᠷᠢᠯᠠᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠵᠡᠢ᠃ ᠬᠤᠶᠠᠷ ᠡᠲᠡᠭᠡᠳ ᠢᠶᠠᠷ ᠢᠶᠠᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠬᠤᠲᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠲᠠᠲᠠᠪᠤᠷᠢᠯᠠᠵᠤ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠲᠥᠰᠥᠯ︾᠂ ︽ᠣᠷᠴᠢᠨ ᠠᠬᠤᠢ ᠶᠢᠨ ᠬᠠᠮᠠᠭᠠᠯᠠᠯᠲᠠ ᠶᠢᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠬᠠᠮᠵᠢᠯᠴᠠᠭᠠᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠤᠨ ᠲᠤᠭᠤᠷᠢᠨ ᠳᠤ ᠭᠦᠢᠴᠡᠳ ᠰᠤᠯᠢᠯᠴᠠᠭ᠎ᠠ ᠦᠷᠨᠢᠭᠦᠯᠵᠦ᠂ ᠬᠠᠮᠵᠢᠯᠴᠠᠭᠠᠨ ᠤ ᠬᠤᠶᠠᠷ ᠡᠲᠡᠭᠡᠳ  ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠬᠠᠮᠵᠢᠯᠴᠠᠭᠠᠨ ᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠲᠤᠭ᠎ᠠ ᠪᠠᠷᠢᠮᠲᠠ ᠶᠢ ᠰᠣᠯᠢᠯᠴᠠᠵᠤ ᠬᠠᠮᠲᠤᠪᠠᠷ ᠡᠳ᠋ᠯᠡᠬᠦ ᠠᠵᠢᠯ ᠢ ᠦᠨᠡᠨᠬᠦ ᠴᠢᠩᠭᠠᠳᠬᠠᠵᠤ᠂ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ᠂ ᠮᠡᠳᠡᠭᠡ ᠵᠠᠩᠭᠢ ᠶᠢ ᠮᠡᠳᠡᠭᠡᠯᠡᠬᠦ ᠳᠦᠷᠢᠮ ᠢ ᠪᠣᠶ ᠪᠣᠯᠭᠠᠨ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠲᠤᠰᠢᠶᠠᠵᠤ ᠭᠥᠯᠢᠶᠡᠨ ᠠᠪᠴᠤ᠂ ᠮᠠᠲ᠋ᠧᠷᠢᠶᠠᠯ ᠤᠨ ᠦᠨᠡᠨ ᠪᠣᠳᠠᠲᠠᠢ ᠣᠨᠣᠪᠴᠢᠲᠠᠶ᠂ ᠪᠥᠬᠦ ᠲᠠᠯ᠎ᠠ ᠶᠢᠨ ᠪᠦᠷᠢᠨ ᠲᠡᠭᠦᠯᠳᠡᠷ ᠪᠠᠶᠢᠬᠤ ᠶᠢ ᠦᠨᠡᠨᠬᠦ ᠪᠠᠲᠤᠯᠠᠵᠤ᠂ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠨᠡᠪᠲᠡᠷᠡᠯᠴᠡᠨ ᠰᠢᠢᠳᠪᠦᠷᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号