ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠪᠠᠷᠢᠮᠵᠢᠶ᠎ᠠ ᠶᠢ ᠨᠡᠶᠢᠲᠡᠯᠡᠬᠦ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/10
      ᠴᠢᠩᠱᠠᠨ ᠵᠠᠰᠠᠭ ᠠᠯᠪᠠᠨ ᠲᠠᠷᠬᠠᠭᠠᠭᠰᠠᠨ〔2023〕8 ᠳ᠋ᠤᠭᠠᠷ ᠲᠣᠭᠠᠲᠤ      ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠪᠠᠷᠢᠮᠵᠢᠶ᠎ᠠ ᠶᠢ ᠨᠡᠶᠢᠲᠡᠯᠡᠬᠦ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ      ᠲᠤᠭᠤᠷᠢᠭ ᠤᠨ ᠬᠠᠷᠢᠶ᠎ᠠ ᠡᠯ᠎ᠡ ᠨᠢᠭᠡᠴᠡ ᠳᠤ᠄       ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠴᠢᠩᠱᠠᠨ ᠲᠣᠭᠤᠷᠢᠭ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠪᠠᠷᠢᠮᠵᠢᠶ᠎ᠠ ᠶᠢ ᠲᠣᠭᠲᠠᠭᠠᠨ᠎ᠠ᠃       1᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠴᠢᠬᠤᠯᠠ ᠶᠡᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ︔       2᠂ ᠶᠡᠷᠦᠩᠬᠡᠢ ᠲᠥᠯᠦᠪᠵᠢᠭᠦᠯᠭᠡ᠂ ᠴᠢᠬᠤᠯᠠ ᠣᠷᠣᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠤᠰᠬᠠᠢ ᠵᠦᠢᠯ ᠤᠨ ᠲᠥᠯᠦᠪᠵᠢᠭᠦᠯᠭᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔      3᠂ ᠬᠥᠳᠡᠯᠮᠦᠷᠢ ᠠᠵᠢᠯ ᠣᠯᠭᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠠᠮᠤᠷ ᠲᠦᠪᠰᠢᠨ᠂ ᠴᠢᠳᠠᠪᠤᠷᠢᠲᠠᠨ ᠢ ᠱᠠᠩᠨᠠᠬᠤ ᠵᠡᠷᠭᠡ ᠲᠠᠯ᠎ᠠ ᠶᠢᠨ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔       4᠂ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔      5᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃       ᠡᠯ᠎ᠡ ᠨᠢᠭᠡᠴᠡ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠶᠢ ᠡᠬᠢᠯᠡᠭᠦᠯᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠶᠢ ᠨᠡᠶᠢᠲᠡᠯᠡᠬᠦ ᠵᠢᠴᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠲᠣᠬᠢᠷᠠᠭᠤᠯᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠭᠦᠢᠴᠡᠳᠬᠡᠵᠦ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃        ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2023 ᠣᠨ ᠤ 5 ᠰᠠᠷ᠎ᠠ ᠶᠢᠨ 10᠎ ᠤ ᠡᠳᠦᠷ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号