ᠥᠨᠳᠥᠰᠥᠳᠡᠨ ᠤ ᠪᠥᠯᠬᠦᠮᠳᠡᠯ ᠢᠶᠠᠷ ᠡᠶ᠎ᠡ ᠵᠣᠬᠢᠴᠡᠯ ᠢ ᠠᠬᠢᠭᠤᠯᠵᠣ᠂ ᠡᠷᠡᠭᠦᠯ ᠮᠡᠨᠳᠣ ᠶᠢᠨ ᠬᠥᠮᠥᠵᠢᠯ ᠢ ᠨᠡᠶᠢᠭᠡᠮ ᠲᠣᠭᠤᠷᠢᠭ ᠲᠤ ᠣᠷᠣᠭᠤᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/6/12
      ᠥᠷᠭᠡᠨ ᠣᠯᠡᠨ ᠰᠠᠭᠤᠭᠠᠯᠢ ᠠᠷᠠᠳ ᠪᠣᠯᠣᠨ ᠠᠵᠢᠯᠳᠡᠨ ᠠᠵᠢᠯᠴᠢᠨ ᠤ ᠡᠷᠡᠭᠦᠯ ᠮᠡᠨᠳᠣ ᠶᠢᠨ ᠥᠵᠡᠯ ᠣᠬᠠᠮᠰᠡᠷ ᠢ ᠴᠢᠩᠭᠠᠳᠬᠠᠵᠣ᠂ ᠥᠨᠳᠥᠰᠥᠳᠡᠨ ᠨᠦᠭᠦᠳ ᠤᠨ ᠬᠤᠭᠤᠷᠣᠨᠳᠥᠭᠢ ᠬᠠᠷᠢᠯᠴᠡᠨ ᠨᠡᠪᠳᠡᠷᠡᠯᠴᠡᠵᠣ ᠰᠣᠯᠢᠯᠴᠠᠬᠤ ᠲᠠᠪᠴᠡᠩ ᠢ ᠪᠠᠶᠢᠭᠤᠯᠬᠤ ᠶᠢᠨ ᠬᠠᠮᠳᠣ ᠰᠢᠨᠵᠢᠯᠡᠬᠦ ᠣᠬᠠᠭᠠᠨᠴᠢ ᠪᠣᠯᠪᠠᠰᠣᠨ ᠡᠷᠡᠭᠦᠯ ᠡᠩᠭᠡ ᠠᠮᠢᠳᠣᠷᠠᠯ ᠤᠨ ᠠᠷᠭ᠎ᠠ ᠮᠠᠶ᠋ᠢᠭ ᠪᠣᠯᠣᠨ ᠥᠢᠯᠨ ᠠᠵᠢᠯᠯᠠᠭ᠎ᠠ ᠶᠢ ᠰᠠᠨᠠᠭᠠᠴᠢᠯᠡᠨ᠂ ᠡᠷᠡᠭᠦᠯ ᠰᠠᠷᠠᠭᠤᠯ ᠠᠮᠢᠳᠣᠷᠡᠯ ᠤᠨ ᠨᠡᠶᠢᠭᠡᠮ ᠤᠨ ᠣᠷᠴᠢᠨ ᠨᠥᠭᠦᠴᠡᠯ ᠢ ᠪᠣᠢ ᠪᠣᠯᠭᠠᠬᠤ ᠶᠢᠨ ᠲᠥᠯᠥᠭᠡ᠂ ᠣᠶᠢᠷ᠎ᠡ ᠳᠤ ᠠᠷᠠᠳᠴᠢᠯᠡᠯ ᠨᠡᠶᠢᠭᠡᠮ ᠲᠣᠭᠤᠷᠢᠭ ᠤᠨ ᠬᠢᠨ ᠡᠷᠡᠭᠦᠯ ᠮᠡᠨᠳᠣ ᠶᠢᠨ ᠲᠣᠰᠬᠠᠢ ᠮᠡᠷᠭᠡᠵᠢᠯᠳᠡᠨ ᠢ ᠣᠷᠢᠵᠣ ︽ᠥᠨᠳᠥᠰᠥᠳᠡᠨ ᠤ ᠪᠥᠯᠬᠦᠮᠳᠡᠯ ᠢᠶᠠᠷ ᠡᠶ᠎ᠡ ᠵᠣᠬᠢᠴᠡᠯ ᠢ ᠠᠬᠢᠭᠤᠯᠵᠣ᠂ ᠡᠷᠡᠭᠦᠯ ᠮᠡᠨᠳᠣ ᠶᠢᠨ ᠬᠥᠮᠥᠵᠢᠯ ᠢ ᠨᠡᠶᠢᠭᠡᠮ ᠲᠣᠭᠤᠷᠢᠭ ᠲᠤ ᠣᠷᠣᠭᠤᠯᠬᠤ︾ ᠲᠠᠶᠢᠯᠣᠮᠵᠢ ᠶᠢᠨ ᠠᠵᠢᠯᠯᠠᠭ᠎ᠠ ᠶᠢ ᠥᠷᠨᠢᠬᠦᠯᠪᠠ᠃      ᠲᠣᠰᠬᠠᠢ ᠮᠡᠷᠭᠡᠵᠢᠯᠳᠡᠨ ᠠᠴᠠ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠥᠷᠢᠯᠡᠬᠦ ︵ᠲᠥᠷᠭᠡᠨ ᠠᠪᠣᠷᠠᠯᠳᠠ᠂ ᠵᠢᠷᠣᠭᠡ ᠠᠭᠤᠰᠬᠢᠨ ᠤ ᠠᠡᠷᠭᠦᠯᠳᠡ᠂ ᠴᠡᠭᠡᠵᠢᠨ ᠤ ᠭᠠᠳᠠᠷ ᠲᠠᠯ᠎ᠠ ᠳᠤ ᠲᠠᠷᠣᠯᠳᠠ ᠥᠭᠬᠦ︶᠂ ᠵᠢᠷᠣᠭᠡ ᠲᠠᠷᠢᠬᠢᠨ ᠤ ᠴᠢᠰᠣᠨ ᠰᠣᠳᠠᠯ ᠤᠨ ᠡᠪᠡᠳᠴᠢᠨ ᠢ ᠰᠡᠷᠭᠡᠶᠢᠯᠡᠬᠦ ᠪᠠ ᠰᠠᠶᠢᠵᠢᠷᠠᠭᠤᠯᠬᠤ᠂ ᠥᠷᠭᠦᠯᠵᠢᠯᠡᠨ ᠲᠣᠬᠢᠶᠠᠯᠳᠣᠳᠠᠭ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠬᠦ ᠪᠠ ᠰᠠᠶᠢᠵᠢᠷᠠᠭᠤᠯᠬᠤ᠂ ᠠᠭᠠᠷ ᠤᠨ ᠪᠣᠬᠢᠷᠳᠣᠯ ᠤᠨ ᠬᠠᠮᠠᠭᠠᠯᠠᠯᠳᠠ ᠵᠡᠷᠭᠡ ᠣᠯᠠᠨ ᠲᠠᠯ᠎ᠠ ᠶᠢᠨ ᠡᠷᠡᠭᠦᠯ ᠮᠡᠨᠳᠣ ᠶᠢᠨ ᠬᠥᠮᠥᠵᠢᠯ ᠤᠨ ᠮᠡᠳᠡᠯᠭᠡ ᠶᠢᠨ ᠲᠠᠶᠢᠯᠣᠮᠵᠢ ᠬᠢᠭᠰᠡᠨ ᠪᠠᠶᠢᠨ᠎ᠠ᠃      ᠲᠣᠰ ᠣᠳᠠᠭᠠᠨ ᠤ ᠡᠷᠡᠭᠦᠯ ᠮᠡᠨᠳᠣ ᠶᠢᠨ ᠮᠡᠳᠡᠯᠭᠡ ᠶᠢᠨ ᠬᠥᠮᠥᠵᠢᠯ ᠤᠨ ᠲᠠᠶᠢᠯᠣᠮᠵᠢ ᠨᠢ ᠥᠷᠭᠡᠨ ᠣᠯᠡᠨ ᠰᠠᠭᠤᠭᠠᠯᠢ ᠠᠷᠠᠳ ᠪᠣᠯᠣᠨ ᠠᠵᠢᠯᠳᠡᠨ ᠠᠵᠢᠯᠴᠢᠨ ᠤ ᠡᠷᠡᠭᠦᠯ ᠮᠡᠨᠳᠣ ᠶᠢᠨ ᠮᠡᠳᠡᠯᠭᠡ ᠪᠠ ᠡᠷᠡᠭᠦᠯ ᠮᠡᠨᠳᠣ ᠶᠢᠨ ᠬᠡᠪ ᠪᠣᠯᠪᠠᠰᠣᠷᠡᠯ ᠤᠨ ᠬᠢᠷᠢ ᠲᠥᠪᠰᠢᠨ ᠢ ᠣᠯᠡᠮ ᠨᠢᠬᠡ ᠠᠯᠬᠤᠮ ᠲᠡᠭᠡᠭᠰᠢᠯᠡᠬᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠬᠥᠮᠥᠵᠢᠯ ᠢ ᠬᠥᠨᠵᠡᠭᠡᠶᠢᠷᠡᠭᠦᠯᠥᠨ᠂ ᠡᠶ᠎ᠡ ᠵᠣᠬᠢᠴᠡᠯ ᠲᠠᠢ ᠨᠡᠶᠢᠭᠡᠮ ᠲᠣᠭᠤᠷᠢᠭ ᠤᠨ ᠣᠷᠴᠢᠨ ᠨᠥᠭᠦᠴᠡᠯ ᠢ ᠪᠣᠢ ᠪᠣᠯᠭᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号