ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠭᠤᠷᠰᠤᠭ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/12
      ᠴᠢᠩᠱᠠᠨ ᠲᠣᠭᠤᠷᠢᠭ ᠤᠨ ᠪᠣᠭᠤᠷᠰᠤᠭ ‍ᠤᠨ‌ᠢᠳᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠢ ᠱᠠᠯᠠᠪᠳᠠᠭᠤᠯᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠪᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠵᠢᠴᠢ ᠢᠳᠡᠭᠡᠨ ᠤ ᠨᠡᠮᠡᠯᠲᠡ ᠡᠳ᠋ ᠤᠨ ᠬᠥᠮᠥᠷᠭᠡ᠂ ᠦᠢᠯᠡᠳᠪᠦᠷᠢᠯᠡᠯ ᠤᠨ ᠲᠠᠰᠤᠭ᠂ ᠪᠦᠲᠦᠭᠡᠭᠳᠡᠬᠦᠨ ᠢ ᠬᠠᠳᠠᠭᠠᠯᠠᠬᠤ ᠲᠠᠰᠤᠭ ᠲᠤ ᠭᠦᠨᠵᠡᠭᠡᠶᠢᠷᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠬᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠪᠦᠲᠦᠭᠡᠭᠳᠡᠬᠦᠨ ᠢ ᠬᠠᠳᠠᠭᠠᠯᠠᠬᠤ ᠵᠡᠷᠭᠡ ᠣᠯᠠᠨ ᠵᠠᠩᠭᠢᠯᠠᠭ᠎ᠠ ᠶᠢᠨ ᠬᠠᠮᠢᠶᠠᠷᠤᠯᠲᠠ ᠵᠢᠴᠢ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠤ ᠶᠠᠪᠤᠴᠠ ᠶᠢ ᠲᠡᠭᠦᠯᠳᠡᠷᠵᠢᠭᠦᠯᠦᠨ᠂ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠨᠡᠮᠡᠯᠲᠡ ᠡᠳ᠋ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠥᠰ ᠲᠤ ᠬᠠᠤᠯᠢ ᠴᠠᠭᠠᠵᠠ ᠬᠠᠤᠯᠢ ᠲᠣᠭᠲᠠᠭᠠᠯ ᠤᠨ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠨᠠᠶᠢᠳᠠᠪᠤᠷᠢᠵᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠠᠢ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠭᠤᠷᠰᠤᠭ ᠤᠨ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠠᠶᠤᠯ ᠲᠦᠭᠰᠢᠭᠦᠷᠢ ᠶᠢ ᠬᠢᠵᠠᠭᠠᠷᠯᠠᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号