ᠮᠠᠰᠢᠨ ᠲᠡᠷᠭᠡ ᠪᠣᠷᠣᠯᠠᠭᠤᠯᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2023/6/13
      ᠴᠢᠩᠱᠠᠨ ᠲᠣᠭᠤᠷᠢᠭ ᠤᠨ ᠮᠠᠰᠢᠨ ᠲᠡᠷᠭᠡ ᠪᠣᠷᠣᠯᠠᠭᠤᠯᠬᠤ ᠠᠵᠢᠯ ᠲᠥᠷᠥᠯ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠠᠰᠢᠨ ᠲᠡᠷᠭᠡ ᠪᠣᠷᠣᠯᠠᠭᠤᠯᠤᠨ ᠡᠵᠡᠩᠨᠡᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠮᠠᠰᠢᠨ ᠲᠡᠷᠭᠡ ᠪᠣᠷᠣᠯᠠᠭᠤᠯᠤᠭᠰᠠᠨ ᠵᠠᠭᠠᠯᠳᠤᠯᠭ᠎ᠠ ᠶᠢᠨ ᠮᠡᠳᠡᠭᠡᠯᠡᠯ ᠵᠢᠴᠢ ᠵᠠᠳᠠᠯᠤᠯᠲᠠ ᠬᠢᠬᠦ ᠶᠠᠷᠢᠯᠴᠠᠬᠤ ᠬᠤᠷᠠᠯ ᠬᠤᠷᠠᠯᠳᠤᠭᠤᠯᠪᠠ᠃       ᠬᠤᠷᠠᠯ ᠠᠴᠠ 2023 ᠣᠨ ᠤ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠠᠵᠢᠯ ᠲᠦᠷᠦᠯ ᠤᠨ 12345 ᠤᠨ ᠲᠠᠪᠴᠠᠩ ᠤᠨ ᠵᠠᠭᠠᠯᠳᠤᠯᠭ᠎ᠠ ᠳᠤ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠨᠡᠶᠢᠲᠡᠯᠡᠵᠡᠢ᠃ 2023 ᠣᠨ ᠤ 1 — 5 ᠰᠠᠷ᠎ᠠ ᠳᠤ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 12345 ᠲᠠᠪᠴᠠᠩ ᠢᠶᠠᠷ ᠳᠠᠮᠵᠢᠭᠤᠯᠤᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠠᠵᠢᠯ ᠲᠥᠷᠥᠯ ᠤᠨ ᠠᠰᠠᠭᠤᠳᠠᠯ ᠤᠨ ᠲᠤᠬᠠᠢ ᠨᠡᠶᠢᠲᠡ 150 ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠠᠢ᠃ ᠵᠠᠭᠠᠯᠳᠤᠵᠤ ᠢᠯᠡᠴᠢᠯᠡᠨ ᠮᠡᠳᠡᠭᠦᠯᠬᠦ  ᠶᠢᠨ ᠭᠤᠣᠯ ᠠᠰᠠᠭᠤᠳᠠᠯ ᠭᠡᠪᠡᠯ᠄ ᠡᠵᠡᠩᠨᠡᠭᠴᠢᠳ ᠠᠴᠠ ᠬᠡᠷᠡᠭᠯᠡᠭᠴᠢᠳ  ᠢ ᠠᠯᠪᠠᠳᠠᠵᠤ ᠪᠠᠶᠢᠭᠠᠳ ᠳᠠᠭᠠᠳᠬᠠᠯ ᠬᠤᠳᠠᠯᠳᠤᠨ ᠠᠪᠤᠭᠤᠯᠵᠤ᠂ ᠨᠡᠶᠢᠯᠡᠭᠦᠯᠦᠨ ᠪᠣᠷᠣᠯᠠᠭᠤᠯᠬᠤ  ᠶᠢ ᠬᠦᠯᠢᠶᠡᠯᠭᠡᠬᠦ︔ ᠬᠡᠷᠡᠭᠯᠡᠭᠴᠢᠳ ᠲᠡᠷᠭᠡ ᠪᠠᠨ ᠭᠠᠷᠭᠠᠵᠤ ᠠᠪᠬᠤ ᠳᠠᠭᠠᠨ ᠲᠡᠷᠭᠡ ᠨᠢ ᠭᠡᠷ᠎ᠡ ᠳᠤ ᠪᠣᠯᠵᠣᠨ ᠲᠣᠭᠲᠠᠭᠰᠠᠨ ᠲᠡᠷᠭᠡᠨ ᠤ ᠬᠡᠯᠪᠡᠷᠢ᠂ ᠲᠣᠬᠢᠷᠠᠭᠤᠯᠤᠯᠲᠠ᠂ ᠭᠠᠳᠠᠷ ᠥᠩᠭᠡ ᠵᠡᠷᠭᠡ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠵᠡᠢ᠃      ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠠᠵᠢᠯ ᠲᠥᠷᠥᠯ ᠤᠨ ᠬᠡᠷᠡᠭᠯᠡᠭᠴᠢᠳ ᠤᠨ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠵᠦ᠂ ᠪᠦᠬᠦ ᠲᠤᠭᠤᠷᠢᠭ ᠤᠨ ᠮᠠᠰᠢᠨ ᠲᠡᠷᠭᠡ ᠪᠣᠷᠣᠯᠠᠭᠤᠯᠬᠤ ᠠᠵᠢᠯ ᠲᠥᠷᠥᠯ ᠤᠨ ᠡᠵᠡᠩᠨᠡᠭᠴᠢᠳ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠡᠨ ᠲᠠᠸᠠᠷ ᠪᠣᠷᠣᠯᠠᠭᠤᠯᠪᠠᠯ ᠬᠡᠨ ᠬᠠᠷᠢᠭᠤᠴᠠᠬᠤ᠂ ᠬᠡᠨ ᠦᠢᠯᠡᠴᠢᠯᠡᠭᠡ ᠬᠠᠩᠭᠠᠪᠠᠯ ᠬᠡᠨ ᠬᠠᠷᠢᠭᠤᠴᠠᠬᠤ︾ ᠵᠠᠷᠴᠢᠮ ᠢ ᠦᠨᠳᠦᠰᠦᠯᠡᠨ᠂ ᠠᠵᠤ ᠠᠬᠤᠶᠢᠯᠠᠯ ᠤᠨ ᠳᠣᠲᠣᠭᠠᠳᠤ ᠶᠢᠨ ᠬᠡᠷᠡᠭᠯᠡᠭᠡᠨ ᠤ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠭᠠᠯᠳᠤᠯᠭ᠎ᠠ ᠶᠢ ᠰᠢᠢᠳᠪᠦᠷᠢᠯᠡᠬᠦ ᠠᠷᠭ᠎ᠠ ᠵᠠᠮ ᠢ ᠵᠠᠷᠯᠠᠨ ᠨᠡᠶᠢᠲᠡᠯᠡᠵᠦ᠂ ᠬᠡᠷᠡᠭᠯᠡᠭᠡᠨ ᠤ ᠵᠢᠭᠤᠷᠠᠯᠳᠤᠭᠠᠨ ᠢ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠂ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠡᠷᠬᠡ ᠲᠡᠭᠰᠢ ᠲᠥᠪ ᠭᠤᠥᠯᠴᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠬᠠᠮᠰᠠᠷ   ᠠᠴᠠ ᠪᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠶᠢ ᠠᠪᠴᠤ᠂ ᠪᠥᠬᠦ ᠲᠤᠭᠤᠷᠢᠭ ᠤᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠮᠠᠰᠢᠨ ᠲᠡᠷᠭᠡ ᠪᠣᠷᠣᠯᠠᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号