ᠣᠶᠢᠷ᠎ᠠ ᠶᠢᠨ ᠵᠢᠯ ᠠᠴᠠ᠂ ᠤᠭᠲᠤᠯᠭ᠎ᠠ ᠨᠢᠭᠡᠳᠦᠭᠡᠷ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠨᠴᠠᠭᠠᠢ ᠬᠠᠮᠲᠤᠯᠢᠭ ᠤᠨ ᠬᠠᠪᠰᠤᠷᠤᠨ ᠲᠡᠳᠬᠦᠬᠦ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠡᠬᠢ ᠪᠠᠶᠠᠯᠢᠭ ᠢ | ᠢᠳᠡᠪᠬᠢᠲᠡᠢ ᠬᠤᠯᠪᠣᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠪᠤᠵᠠᠭᠠᠶᠢᠷᠠᠭᠤᠯᠵᠤ᠂ ᠵᠡᠮᠳᠡᠭᠴᠦᠳ ᠢ | ᠲᠡᠳᠬᠦᠵᠦ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠬᠦᠷᠢᠶ᠎ᠡ ᠶᠢ ᠤᠷᠲᠤᠳᠬᠠᠵᠤ᠂ ︽ᠭᠤᠷᠪᠠᠨ ᠠᠩᠬᠠᠷᠤᠯ ᠳᠤ | ᠲᠦᠪᠯᠡᠷᠡᠭᠦᠯᠬᠦ︾ ᠪᠠᠷ ᠭᠠᠷᠳᠠᠴᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠡᠮᠳᠡᠭᠴᠦᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠪᠠ᠃ | ᠨᠢᠭᠡ ᠳᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠢ | ᠲᠡᠳᠬᠦᠵᠦ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ | ᠬᠠᠷᠢᠶᠠᠲᠤ ᠣᠷᠣᠨ ᠤ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠦᠨᠡᠨᠬᠦ ᠰᠠᠶᠢᠵᠢᠷᠠᠭᠤᠯᠵᠤ᠂ | ᠵᠡᠮᠳᠡᠭᠴᠦᠳ ᠤᠨ ᠦᠨᠳᠦᠰᠦᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠤᠭᠲᠤᠯᠭ᠎ᠠ ᠨᠢᠭᠡᠳᠦᠭᠡᠷ | ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠸᠢᠴᠠᠲ ᠤᠨ ᠪᠦᠯᠦᠭ᠂ ᠤᠬᠠᠭᠤᠯᠭ᠎ᠠ ᠶᠢᠨ ᠪᠤᠯᠤᠩ ᠵᠡᠷᠭᠡ ᠣᠯᠠᠨ | ᠵᠦᠢᠯ ᠤᠨ ᠠᠷᠭ᠎ᠠ ᠵᠠᠮ ᠢ ᠦᠷᠭᠦᠯᠵᠢᠯᠡᠨ ᠠᠰᠢᠭᠯᠠᠨ ᠵᠡᠮᠳᠡᠭᠴᠦᠳ ᠤᠨ ᠲᠥᠷᠥ ᠶᠢᠨ ᠪᠣᠳᠣᠯᠭ᠎ᠠ ᠪᠠ ᠵᠡᠮᠳᠡᠭᠴᠦᠳ ᠢ | ᠲᠡᠳᠬᠦᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢᠨ ᠤᠬᠠᠭᠤᠯᠭ᠎ᠠ ᠶᠢ 100 ᠭᠠᠷᠤᠢ ᠤᠳᠠᠭ᠎ᠠ ᠥᠷᠨᠢᠭᠦᠯᠵᠦ᠂ | ᠵᠡᠮᠳᠡᠭᠴᠦᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠡᠭᠦᠨ ᠤ ᠬᠠᠮᠲᠤ᠂ ᠬᠡᠷᠡᠭᠴᠡᠭᠡ ᠪᠦᠬᠦᠢ ᠰᠠᠭᠤᠭᠠᠯᠢ ᠠᠷᠠᠳ ᠲᠤ 20 ᠭᠠᠷᠤᠢ ᠤᠳᠠᠭ᠎ᠠ | ᠭᠤᠶᠤᠴᠢᠯᠠᠨ ᠡᠷᠭᠢᠯᠡᠬᠦ ᠵᠢᠯᠣᠭᠤᠳᠤᠮᠵᠢ ᠬᠠᠩᠭᠠᠵᠤ᠂ ᠨᠥᠬᠦᠪᠦᠷᠢ ᠥᠭᠬᠦ ᠨᠥᠬᠦᠴᠡᠯ ᠳᠤ ᠨᠡᠶᠢᠴᠡᠬᠦ ᠡᠲᠡᠭᠡᠳ ᠢ | ᠪᠦᠬᠦᠨ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠬᠥᠳᠡᠯᠦᠩᠭᠦᠢ ᠡᠬᠡ ᠲᠠᠩᠰᠠ ᠶᠢ | ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠴᠦ ᠡᠷᠬᠢᠨ ᠦᠵᠡᠵᠦ ᠬᠠᠷᠢᠭᠤ | ᠲᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠡᠮᠳᠡᠭᠴᠦᠳ ᠢ ᠳᠡᠮᠵᠢᠨ ᠲᠤᠰᠠᠯᠠᠵᠤ᠂ ᠪᠥᠬᠦ ᠨᠡᠶᠢᠭᠡᠮ | ᠲᠣᠭᠤᠷᠢᠭ ᠢᠶᠠᠷ ᠢᠶᠠᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠡᠮᠳᠡᠭᠴᠦᠳ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠭᠲᠤᠯᠭ᠎ᠠ ᠨᠢᠭᠡᠳᠦᠭᠡᠷ ᠨᠡᠶᠢᠭᠡᠮ | ᠲᠣᠭᠤᠷᠢᠭ ᠤᠨ ᠬᠢᠨ ︽ᠲᠠᠪᠤᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾ ᠳᠤ ᠲᠦᠰᠢᠭᠯᠡᠨ᠂ ᠨᠡᠶᠢᠭᠡᠮ | ᠲᠣᠭᠤᠷᠢᠭ ᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠰᠠᠶᠢᠨ ᠳᠤᠷᠠᠴᠤᠤᠯ᠂ ᠠᠳᠠᠯ | ᠠᠬᠤᠢ ᠶᠢᠨ ᠠᠵᠢᠯᠲᠠᠨ ᠵᠡᠷᠭᠡ ᠶᠢ ᠡᠯᠰᠡᠨ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ | ᠪᠠᠶᠢᠭᠤᠯᠵᠦ᠂ ᠬᠠᠷᠢᠶᠠᠲᠤ ᠣᠷᠣᠨ ᠤ ᠳᠣᠲᠣᠷᠠᠬᠢ ᠬᠦᠴᠢᠷᠳᠡᠯᠲᠡᠢ ᠵᠡᠮᠳᠡᠭ ᠭᠡᠷ ᠪᠦᠯᠢ ᠳᠤ ᠲᠣᠭᠲᠠᠮᠠᠯ | ᠬᠤᠭᠤᠴᠠᠭ᠎ᠠ ᠲᠠᠢ ᠪᠠᠷ ︽ᠡᠭᠦᠳᠡ ᠲᠣᠭᠰᠢᠬᠤ ᠠᠵᠢᠯᠯᠠᠭ᠎ᠠ︾ ᠦᠷᠨᠢᠭᠦᠯᠪᠡ᠃ ᠠᠵᠢᠯᠯᠠᠭ᠎ᠠ ᠶᠢᠨ ᠳᠤᠮᠳᠠ ᠲᠡᠳᠡᠨᠤᠰ ᠲᠠᠢ | ᠵᠣᠭᠤᠭ ᠳᠡᠯᠭᠡᠵᠦ᠂ ᠵᠡᠮᠳᠡᠭᠴᠦᠳ ᠤᠨ ᠭᠡᠷ ᠪᠦᠯᠢ ᠶᠢᠨ ᠬᠦᠴᠢᠷᠳᠡᠯ ᠤᠨ ᠪᠠᠶᠢᠳᠠᠯ ᠪᠠ ᠬᠦᠰᠡᠯ ᠱᠠᠭᠠᠷᠳᠠᠯᠭ᠎ᠠ ᠶᠢ ᠪᠥᠬᠦ | ᠲᠠᠯ᠎ᠠ ᠪᠠᠷ ᠣᠶᠢᠯᠠᠭᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ | ᠬᠠᠷᠠᠯᠲᠠ ᠲᠠᠢ ᠪᠠᠷ ᠬᠠᠪᠰᠤᠷᠤᠨ ᠭᠦᠢᠴᠡᠳᠬᠡᠵᠦ ᠣᠷᠣᠯᠠᠨ ᠬᠤᠳᠠᠯᠳᠤᠨ ᠠᠪᠬᠤ᠂ ᠵᠠᠰᠠᠭ ᠤᠨ ᠶᠠᠪᠤᠳᠠᠯ ᠤᠨ ᠭᠡᠷ | ᠲᠤᠨᠢ ᠬᠦᠷᠴᠦ ᠦᠢᠯᠡᠴᠢᠯᠡᠬᠦ ᠵᠡᠷᠭᠡ ᠡᠯ᠎ᠡ ᠵᠦᠢᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠰᠠᠶᠢᠲᠤᠷ ᠬᠢᠵᠦ᠂ | ᠬᠠᠶᠢᠷ᠎ᠠ ᠬᠠᠯᠠᠮᠵᠢ ᠶᠢ ᠬᠠᠮᠲᠤ ᠳᠤᠨᠢ ᠶᠠᠪᠤᠭᠳᠠᠭᠤᠯᠵᠠᠢ᠃ ᠣᠲᠣ ᠪᠣᠯᠲᠠᠯ᠎ᠠ᠂ ︽ᠡᠭᠦᠳᠡ ᠲᠣᠭᠰᠢᠬᠤ ᠠᠵᠢᠯᠯᠠᠭ᠎ᠠ︾ ᠶᠢ | ᠨᠡᠶᠢᠲᠡ 100 ᠭᠠᠷᠤᠢ ᠤᠳᠠᠭ᠎ᠠ ᠥᠷᠨᠢᠭᠦᠯᠵᠦ᠂ 30 ᠭᠠᠷᠤᠢ ᠵᠦᠢᠯ ᠤᠨ ᠭᠤᠮᠣᠳᠠᠯ ᠱᠠᠭᠠᠷᠳᠠᠯᠭ᠎ᠠ ᠶᠢ ᠬᠤᠷᠢᠶᠠᠨ | ᠴᠤᠭᠯᠠᠭᠤᠯᠵᠤ᠂ 30 ᠭᠠᠷᠤᠢ ᠵᠦᠢᠯ ᠢ ᠰᠢᠢᠳᠪᠦᠷᠢᠯᠡᠵᠡᠢ᠃ | ᠭᠤᠷᠪᠠ ᠳᠤ᠂ ᠬᠦᠷᠢᠶ᠎ᠡ ᠴᠠᠷᠠᠭ᠎ᠠ ᠪᠠᠨ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ᠤᠭᠲᠤᠯᠭ᠎ᠠ ᠨᠢᠭᠡᠳᠦᠭᠡᠷ ᠨᠡᠶᠢᠭᠡᠮ ᠲᠣᠭᠤᠷᠢᠭ ᠤᠨ ᠬᠢᠨ ᠨᠢᠭᠡ ᠲᠠᠯ᠎ᠠ ᠪᠠᠷ ᠨᠡᠶᠢᠭᠡᠮ ᠲᠣᠭᠤᠷᠢᠭ ᠤᠨ | ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠮᠢᠳᠤᠷᠠᠯ ᠨᠢ ᠬᠦᠴᠢᠷᠳᠡᠯᠲᠡᠢ | ᠵᠡᠮᠳᠡᠭᠴᠦᠳ ᠲᠤ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠬᠤᠯᠪᠣᠵᠤ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠪᠠ︔ ᠨᠥᠭᠦᠭᠡ ᠲᠠᠯ᠎ᠠ ᠪᠠᠷ ᠵᠡᠮᠳᠡᠭᠴᠦᠳ ᠢ ᠲᠡᠳᠬᠦᠨ ᠡᠷᠡᠭᠦᠯ ᠢ ᠳᠡᠮᠵᠢᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠢᠯ ᠣᠯᠬᠤ ᠬᠦᠰᠡᠯ ᠲᠠᠢ ᠪᠠ ᠠᠵᠢᠯ ᠣᠯᠬᠤ | ᠴᠢᠳᠠᠪᠤᠷᠢ ᠲᠠᠢ ᠵᠡᠮᠳᠡᠭᠴᠦᠳ ᠤᠨ ᠭᠡᠷ ᠠᠴᠠ ᠪᠠᠨ ᠭᠠᠷᠴᠤ᠂ ᠥᠪᠡᠷ ᠤᠨ ᠴᠢᠷᠮᠠᠶᠢᠯᠭ᠎ᠠ ᠪᠠ ᠣᠶᠤᠨ | ᠤᠬᠠᠭᠠᠨ ᠢᠶᠠᠷ ᠢᠶᠠᠨ ᠨᠡᠶᠢᠭᠡᠮ ᠤᠨ ᠠᠵᠢᠯ ᠤᠨ ᠬᠤᠪᠢᠶᠠᠷᠢᠯᠠᠯ ᠳᠤ ᠣᠷᠣᠯᠴᠠᠵᠤ᠂ ᠬᠤᠪᠢ ᠬᠥᠮᠥᠨ ᠤ ᠦᠨ᠎ᠡ | ᠥᠷᠲᠡᠭ ᠢᠶᠠᠨ ᠪᠡᠶᠡᠯᠡᠭᠦᠯᠦᠨ᠂ ᠨᠡᠶᠢᠭᠡᠮ ᠤᠨ ᠡᠳ᠋ ᠪᠠᠶᠠᠯᠢᠭ ᠢ ᠡᠭᠦᠳᠦᠨ ᠪᠦᠲᠦᠭᠡᠵᠦ᠂ ᠬᠥᠮᠥᠨ ᠲᠥᠷᠥᠯᠬᠢᠲᠡᠨ ᠤ | ᠪᠣᠯᠪᠠᠰᠤᠨ ᠤ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠵᠣᠷᠢᠭᠵᠢᠭᠤᠯᠤᠨ᠎ᠠ᠃ 2023 ᠣᠨ ᠠᠴᠠ ᠨᠠᠰᠢ᠂ | ᠵᠡᠮᠳᠡᠭᠴᠦᠳ ᠤᠨ ᠠᠵᠢᠯ ᠠᠮᠢᠳᠤᠷᠠᠯ ᠤᠨ ᠪᠠᠶᠢᠳᠠᠯ ᠢ 77 ᠬᠥᠮᠥᠨ ᠤᠳᠠᠭ᠎ᠠ ᠣᠶᠢᠯᠠᠭᠠᠨ ᠵᠢᠭᠰᠠᠭᠠᠵᠤ᠂ | ᠵᠡᠮᠳᠡᠭᠴᠦᠳ ᠢ ᠵᠣᠬᠢᠶᠠᠨ ᠪᠠᠶᠢᠭᠤᠯᠤᠨ ᠬᠠᠨᠳᠤᠯᠭ᠎ᠠ ᠲᠠᠢ ᠪᠠᠷ ᠤᠷᠢᠵᠤ ᠡᠯᠰᠡᠬᠦ ᠬᠤᠷᠠᠯ ᠳᠤ ᠨᠢᠭᠡ ᠤᠳᠠᠭ᠎ᠠ | ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠪᠠᠬᠢᠵᠢᠭᠦᠯᠪᠡ᠃ | |