ᠴᠢᠩᠱᠠᠨ ᠲᠣᠭᠤᠷᠢᠭ ᠤᠨ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/14
      ᠴᠢᠩᠱᠠᠨ ᠵᠠᠰᠠᠭ ᠲᠠᠷᠬᠠᠭᠠᠭᠰᠠᠨ〔2023〕12 ᠳ᠋ᠤᠭᠠᠷ ᠲᠣᠭᠠᠲᠤ      ᠴᠢᠩᠱᠠᠨ ᠲᠣᠭᠤᠷᠢᠭ ᠤᠨ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠬᠠᠮᠢᠶ᠎ᠠ ᠪᠦᠬᠦᠢ ᠨᠢᠭᠡᠴᠡ᠄      ︽ᠴᠢᠩᠱᠠᠨ ᠲᠣᠭᠤᠷᠢᠭ ᠤᠨ ︿ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ﹀ ᠢ ᠡᠭᠦᠳᠦᠨ ᠪᠠᠶᠢᠭᠤᠯᠬᠤ ᠠᠵᠢᠯ ᠤᠨ ᠲᠥᠰᠥᠯ︾ ᠢ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠵᠦᠪᠯᠡᠯ ᠤᠨ 2023 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ      2023 ᠣᠨ ᠤ 4 ᠰᠠᠷ᠎ᠠ ᠶᠢᠨ 28 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠴᠢᠩᠱᠠᠨ ᠲᠣᠭᠤᠷᠢᠭ ᠤᠨ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠲᠥᠰᠥᠯ      ᠪᠤᠭᠤᠲᠤ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ  ᠶᠢ ᠡᠭᠦᠳᠦᠨ ᠪᠠᠶᠢᠭᠤᠯᠬᠤ ᠪᠠ ᠴᠢᠩᠱᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ  ᠪᠠᠷ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨᠡᠯᠡᠯᠲᠡ ᠬᠢᠭᠡᠳ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨᠡᠯᠡᠯᠲᠡ ᠶᠢᠨ ᠨᠠᠷᠢᠨ ᠳᠦᠷᠢᠮ︾ ᠢ ᠦᠨᠳᠦᠰᠦᠯᠡᠨ᠂ ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠤᠭᠲᠠᠭᠠᠪᠠ᠃      ᠨᠢᠭᠡ᠂ ᠠᠵᠢᠯ ᠤᠨ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭᠠᠲᠦ ᠳᠦᠷᠢᠮ︾ ᠢ ᠨᠠᠷᠢᠨ ᠬᠢᠨᠠᠮᠠᠭᠠᠢ ᠨᠠᠶᠢᠲᠠᠪᠦᠷᠢᠵᠢᠭᠤᠯᠵᠦ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠪᠠᠷ ᠭᠤᠣᠯ ᠪᠣᠯᠭᠠᠨ᠂ ᠢᠳᠡᠭᠡᠨ ᠤ ᠠᠮᠤᠷ ᠲᠦᠪᠰᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠮᠠᠨ ᠤ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠡᠭᠦᠳᠪᠡᠯ ᠵᠠᠪᠠᠯ ᠪᠦᠲᠦᠭᠡᠵᠦ᠂ ᠪᠠᠶᠢᠯᠳᠤᠪᠠᠯ ᠵᠠᠪᠠᠯ ᠢᠯᠠᠬᠤ︾ ᠡᠷᠡᠰ ᠵᠣᠷᠢᠭ ᠢᠶᠠᠷ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠤᠨ᠎ᠠ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠡᠭᠦᠳᠦᠨ ᠪᠠᠶᠢᠭᠤᠯᠬᠤ ᠠᠵᠢᠯ ᠢ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠴᠢᠩᠱᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠃      ᠠᠵᠢᠯ ᠤᠨ ᠤᠳᠤᠷᠢᠳᠬᠤ ᠳᠤᠭᠤᠶᠢᠯᠠᠩ ᠨᠢ ᠪᠥᠬᠦ ᠲᠤᠭᠤᠷᠢᠭ ᠤᠨ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠵᠠᠳᠠᠯᠤᠨ ᠨᠠᠶᠢᠳᠠᠪᠤᠷᠢᠵᠢᠭᠤᠯᠬᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠨ᠎ᠠ︔ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠲᠦᠯᠬᠢᠨ ᠠᠬᠢᠭᠤᠯᠬᠤ ᠡᠬᠡ ᠲᠠᠩᠰᠠ ᠶᠢ ᠰᠤᠳᠤᠯᠤᠨ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ  ᠱᠠᠯᠠᠪᠳᠠᠭᠤᠯᠨ ᠪᠠᠶᠢᠴᠠᠭᠠᠬᠤ᠂ ᠨᠡᠪᠲᠡᠷᠡᠭᠦᠯᠬᠦ ᠶᠢ ᠴᠢᠩᠭᠠᠳᠬᠠᠨ᠎ᠠ︔ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠡᠭᠦᠷᠭᠡ ᠶᠢ ᠡᠯ᠎ᠡ ᠬᠤᠯᠪᠣᠭᠳᠠᠯ ᠪᠦᠬᠦᠢ ᠨᠢᠭᠡᠴᠢ ᠳᠤ ᠳᠠᠮᠵᠢᠭᠤᠯᠤᠨ ᠬᠤᠪᠢᠶᠠᠷᠢᠯᠠᠨ᠎ᠠ︔ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠪᠣᠯᠵᠣᠨ ᠶᠠᠷᠢᠯᠴᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠤᠨ ᠳᠦᠷᠢᠮ ᠤᠨ ᠲᠣᠭᠲᠠᠴᠠ ᠶᠢ ᠪᠠᠶᠢᠭᠤᠯᠤᠨ᠎ᠠ︔ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ᠳᠤᠭᠤᠶᠢᠯᠠᠩ ᠤᠨ ᠳᠠᠷᠤᠭ᠎ᠠ᠄ ᠪᠠᠢ ᠶᠦᠨ ᠰᠢ    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠵᠢᠶᠠᠩ ᠲᠢᠶᠠᠨ ᠴᠧᠩ    ᠵᠠᠰᠠᠭ ᠤᠨ ᠣᠷᠳᠣᠨ ᠤ ᠳᠡᠳ᠋ ᠳᠠᠷᠤᠭ᠎ᠠ      ᠬᠠᠨ ᠰᠢᠶᠣᠣ ᠫᠢᠩ     ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ      ᠳᠤᠭᠤᠶᠢᠯᠠᠩ ᠤᠨ ᠭᠡᠰᠢᠭᠦᠨ᠄ ᠰᠢᠦᠢ ᠰᠢᠶᠣᠣ ᠶᠢᠩ     ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ     ᠵᠤᠤ ᠺᠠᠢ     ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠦ᠋ ᠱᠧᠩ ᠴᠢᠶᠠᠩ     ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ      ᠯᠦ ᠬᠠᠢ ᠸᠧᠢ      ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠯᠢ ᠶᠠ ᠫᠢᠩ       ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠭᠦᠸᠧ ᠵᠢᠶᠠᠨ ᠭᠤᠸᠠᠩ    ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ      ᠯᠢ ᠬᠠᠢ ᠹᠧᠩ     ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠵᠧᠩ ᠾᠧ ᠫᠢᠩ    ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠬᠤᠤ ᠶᠦᠩ ᠸᠠᠩ    ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠦ᠋ ᠵᠢᠶᠧ      ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ      ᠯᠢ ᠸᠧᠨ ᠳ᠋ᠡ         ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠹᠧᠩ ᠸᠧᠨ ᠨᠠ        ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠨᠢᠶᠧ  ᠿᠦᠩ      ᠴᠢᠯᠦᠭᠡᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠵᠠᠩ ᠢᠦᠢ       ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ      ᠸᠠᠩ  ᠿᠦᠢ ᠴᠢᠩ       ᠰᠢᠨᠵᠢᠯᠡᠬᠦ ᠤᠬᠠᠭᠠᠨ ᠵᠠᠮ  ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠡᠷᠬᠢᠯᠡᠭᠴᠢ      ᠢᠦᠢ ᠫᠧᠢ ᠱᠠᠨ     ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠵᠠᠩ ᠶᠦᠩ       ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠪᠥᠸᠧ ᠯᠢ ᠯᠢ      ᠤᠰᠤᠲᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠸᠠᠩ ᠰᠢᠶᠣᠣ ᠵᠢᠤᠸᠠᠨ       ᠴᠢᠩ ᠹᠦ᠋ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠵᠣᠣ ᠰᠢᠦᠢ      ᠰᠢᠩ ᠱᠧᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ  ᠳᠠᠷᠤᠭ᠎ᠠ      ᠮᠠ ᠸᠧᠨ ᠯᠢᠶᠠᠩ      ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠠᠵᠢᠯ ᠤᠨ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠬᠤᠤ ᠶᠦᠩ ᠸᠠᠩ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ ᠡᠷᠬᠢᠯᠡᠭᠴᠢ ᠶᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠯᠢ ᠭᠤᠸᠠᠨ ᠱᠧᠩ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠤᠸᠠᠢ ᠹᠧᠩ᠂ ᠲᠣᠭᠤᠷᠢᠭ ᠤᠨ ᠲᠣᠮᠣ ᠳ᠋ᠠᠶᠢᠲ᠋ᠠ ᠶᠢᠨ ᠲᠥᠪ ᠤᠨ ᠳᠡᠳ᠋ ᠡᠷᠬᠢᠯᠡᠭᠴᠢ ᠯᠢ ᠶᠠ ᠨᠠᠨ᠂ ᠲᠣᠭᠤᠷᠢᠭ ᠤᠨ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠤᠷᠢᠶᠠᠵᠦ ᠦᠭᠬᠦ ᠲᠥᠪ ᠤᠨ ᠳᠣᠯᠣᠳᠤᠭᠠᠷ ᠳᠡᠰ ᠤᠨ ᠠᠵᠢᠯᠲᠠᠨ ᠦ᠋ ᡁᠢ ᠳ᠋ᠦᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠶᠠᠨ ᠵᠢᠶᠦ᠋ᠨ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠽᠧᠦ ᠶᠠᠩ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠢᠶᠧ ᠰᠢᠨ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠹᠦ᠋ ᠿᠦᠩ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠴᠢᠶᠣᠤ ᠭᠠᠩ᠂ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠣᠷᠴᠢᠨ ᠲᠣᠭᠤᠷᠢᠨ ᠤ ᠢᠳᠡᠭᠡᠨ ᠡᠮ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠯᠢ ᠭᠠᠩ ᠡᠭᠦᠷᠭᠡᠯᠡᠵᠦ᠂ ᠠᠯᠪᠠᠨ ᠭᠡᠷ ᠤᠨ ᠠᠵᠢᠯᠲᠠᠨ ᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠡᠯ᠎ᠡ ᠪᠦᠷᠢᠯᠳᠦᠭᠦᠨ ᠨᠢᠭᠡᠴᠡ ᠠᠴᠠ ᠲᠤᠬᠢᠷᠠᠭᠤᠯᠤᠨ᠎ᠠ᠃      ᠠᠯᠪᠠᠨ ᠭᠡᠷ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠬᠢᠨᠠᠨ ᠵᠢᠯᠤᠭᠤᠳᠬᠤ᠂ ᠪᠠᠶᠢᠴᠠᠭᠠᠵᠤ ᠰᠢᠯᠭᠠᠨ ᠬᠢᠨᠠᠬᠤ᠂ ᠪᠦᠷᠢᠳᠬᠡᠨ ᠬᠤᠷᠢᠶᠠᠩᠭᠤᠶᠢᠯᠠᠬᠤ᠂ ᠮᠡᠳᠡᠭᠡ ᠵᠠᠩᠭᠢ ᠲᠠᠢ ᠬᠠᠷᠢᠯᠴᠠᠬᠤ ᠵᠡᠷᠭᠡ ᠪᠣᠳᠠᠲᠠᠢ ᠠᠵᠢᠯ ᠢ ᠬᠠᠷᠢᠭᠤᠴᠠᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ ᠵᠢᠴᠢ ᠴᠠᠭ ᠤᠨ ᠲᠣᠬᠢᠷᠠᠭᠤᠯᠤᠯᠲᠠ      ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ      ᠴᠢᠩᠱᠠᠨ ᠲᠣᠭᠤᠷᠢᠭ ᠤᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠥᠮᠥᠨ ᠲᠣᠮᠢᠯᠠᠨ ᠡᠭᠦᠳᠦᠨ ᠪᠠᠶᠢᠭᠤᠯᠬᠤ ᠠᠵᠢᠯ ᠤᠨ ᠠᠯᠪᠠᠨ ᠭᠡᠷ ᠢ  ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠥᠰᠥᠯ᠂ ᠠᠵᠢᠯ ᠤᠨ ᠡᠭᠦᠷᠭᠡ ᠶᠢ ᠠᠬᠢᠭᠤᠯᠬᠤ ᠡᠬᠡ ᠲᠠᠩᠰᠠ ᠶᠢ ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠵᠤ ᠨᠠᠶᠢᠳᠠᠪᠤᠷᠢᠵᠢᠭᠤᠯᠤᠨ᠂ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠠᠯᠠᠭ᠎ᠠ ᠮᠥᠴᠢᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠡᠭᠦᠳᠦᠨ ᠪᠠᠶᠢᠭᠤᠯᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠵᠡᠷᠭᠡ ᠶᠢ ᠲᠣᠳᠣᠷᠬᠠᠶᠢᠯᠠᠨ᠎ᠠ︔ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠡᠯ᠎ᠡ ᠬᠤᠯᠪᠣᠭᠳᠠᠯ ᠪᠦᠬᠦᠢ ᠨᠢᠭᠡᠴᠡ ᠳᠤ ᠤᠯᠠᠮᠵᠢᠯᠠᠨ ᠬᠤᠪᠢᠶᠠᠷᠢᠯᠠᠨ᠎ᠠ︔ ᠪᠣᠯᠵᠣᠨ ᠶᠠᠷᠢᠯᠴᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠡᠭᠦᠳᠦᠨ ᠪᠠᠶᠢᠭᠤᠯᠬᠤ ᠠᠵᠢᠯ ᠤᠨ ᠳᠦᠷᠢᠮ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃      ᠴᠠᠭ ᠤᠨ ᠲᠣᠬᠢᠷᠠᠭᠤᠯᠤᠯᠲᠠ᠄ 2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ      ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠪᠠᠲᠤᠯᠠᠭ᠎ᠠ ᠪᠠᠨ ᠨᠡᠮᠡᠭᠳᠡᠭᠦᠯᠵᠦ᠂ ᠢᠳᠡᠭᠡᠨ ᠤ ᠠᠮᠤᠷ ᠲᠦᠪᠰᠢᠨ ᠤ ᠪᠠᠶᠢᠳᠠᠯ  ᠰᠠᠶᠢᠲᠦᠷ ᠪᠠᠶᠢᠬᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠪᠠ ︽ᠳᠥᠷᠪᠡᠨ ᠬᠠᠮᠤᠭ ᠤᠨ ᠴᠢᠩᠭ᠎ᠠ︾  ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠤ ᠰᠠᠨᠠᠭ᠎ᠠ ᠠᠮᠤᠷ ᠢᠨᠵᠧᠨᠧᠷᠢᠩ᠂ ᠢᠳᠡᠭᠡᠨ ᠦᠢᠯᠡᠳᠪᠦᠷᠢᠯᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠤ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠢᠳᠡᠭᠡᠨ ᠤ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠪᠠᠶᠢᠷᠢᠰᠢᠯ ᠢ ᠪᠣᠶ ᠪᠣᠯᠭᠠᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠵᠡᠷᠭᠡ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠪᠠᠷ ᠠᠬᠢᠭᠤᠯᠤᠨ᠎ᠠ᠃      ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨᠡᠯᠡᠯᠲᠡ ᠶᠢᠨ ᠨᠠᠷᠢᠨ ᠳᠦᠷᠢᠮ︾ ᠲᠠᠢ ᠬᠠᠷᠢᠴᠠᠭᠤᠯᠵᠤ᠂ ᠪᠠᠷᠢᠮᠵᠢᠶ᠎ᠠ ᠶᠢ ᠡᠭᠦᠳᠦᠨ ᠪᠠᠶᠢᠭᠤᠯᠬᠤ ᠠᠵᠢᠯ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠳᠤ ᠴᠢᠭᠯᠡᠭᠦᠯᠦᠨ᠂ ᠰᠠᠭᠤᠷᠢ ᠠᠵᠢᠯ᠂ ᠴᠢᠳᠠᠪᠤᠷᠢ ᠶᠢᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠢᠳᠡᠭᠡᠨ ᠤ ᠠᠮᠤᠷ ᠲᠦᠪᠰᠢᠨ ᠤ ᠪᠠᠶᠢᠳᠠᠯ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠦᠭᠡᠶᠢᠰᠬᠡᠬᠦ ᠵᠦᠢᠯ ᠵᠡᠷᠭᠡ 6 ᠲᠠᠯ᠎ᠠ ᠪᠠᠷ ᠥᠪᠡᠷ ᠤᠨ ᠪᠠᠶᠢᠴᠠᠭᠠᠯᠲᠠ ᠶᠢ ᠬᠢᠨᠠᠮᠠᠭᠠᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠢᠭᠯᠡᠭᠦᠯᠬᠦ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠰᠢᠯᠢᠳᠡᠭ ᠢ ᠪᠠᠳᠠᠷᠠᠭᠤᠯᠤᠨ ᠳᠤᠲᠠᠭᠤᠳᠠᠯ ᠢ ᠨᠥᠬᠦᠪᠦᠷᠢᠯᠡᠵᠦ᠂ ᠡᠭᠦᠳᠪᠡᠯ ᠯᠠᠪᠲᠠᠢ ᠠᠮᠵᠢᠯᠲᠠ ᠣᠯᠬᠤ ᠶᠢ ᠦᠨᠡᠨᠬᠦ  ᠪᠠᠲᠤᠯᠠᠨ᠎ᠠ᠃      1᠂ ᠡᠭᠦᠳᠦᠨ ᠪᠠᠶᠢᠭᠤᠯᠬᠤ ᠪᠤᠯᠪᠠᠰᠤᠷᠠᠯ᠃ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠨᠢ ᠡᠯ᠎ᠡ ᠵᠡᠭᠡᠯᠢ ᠪᠠᠯᠭᠠᠰᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ᠂ ᠡᠯ᠎ᠡ ᠢᠳᠡᠭᠡᠨ ᠤ ᠠᠵᠤ ᠠᠬᠤᠶᠢᠯᠠᠯ ᠳᠤ ᠡᠭᠦᠳᠦᠨ ᠪᠠᠶᠢᠭᠤᠯᠬᠤ ᠪᠤᠯᠪᠠᠰᠤᠷᠠᠯ ᠥᠷᠨᠢᠭᠦᠯᠬᠦ ᠶᠢ ᠲᠥᠷᠥᠯ ᠬᠤᠪᠢᠶᠠᠨ ᠵᠣᠬᠢᠶᠠᠨ ᠪᠠᠶᠢᠭᠤᠯᠵᠤ᠂ ᠪᠤᠯᠪᠠᠰᠤᠷᠠᠯ ᠤᠨ ᠠᠭᠤᠯᠭ᠎ᠠ ᠨᠢ ᠡᠭᠦᠳᠦᠨ ᠪᠠᠶᠢᠭᠤᠯᠬᠤ ᠡᠭᠦᠷᠭᠡ ᠶᠢᠨ ᠲᠣᠭᠤᠷᠢᠨ ᠳᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠯᠲᠠ ᠬᠢᠵᠦ ᠬᠤᠪᠢ ᠣᠯᠬᠤ ᠪᠠ ᠬᠤᠪᠢ ᠬᠠᠰᠤᠬᠤ ᠵᠡᠷᠭᠡ ᠲᠠᠢ ᠤᠶᠠᠯᠳᠤᠭᠤᠯᠤᠨ᠎ᠠ᠃ ᠡᠭᠦᠨ ᠤ ᠬᠠᠮᠲᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠭᠦᠢᠴᠡᠳᠬᠡᠯ ᠲᠤᠭ᠎ᠠ ᠨᠢᠭᠡᠪᠦᠷᠢ ᠶᠢ ᠰᠤᠷᠴᠤ ᠣᠶᠢᠯᠠᠭᠠᠬᠤ᠂ ᠬᠡᠷᠡᠭᠯᠡᠵᠦ ᠴᠢᠳᠠᠬᠤ᠂ ᠨᠠᠷᠢᠯᠢᠭ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠶᠢᠨ ᠡᠬᠢ ᠪᠠᠷ ᠡᠬᠢᠯᠡᠵᠦ᠂ ᠪᠠᠶᠢᠩᠭᠤᠵᠢᠭᠤᠯᠤᠨ ᠠᠬᠢᠭᠤᠯᠤᠨ᠎ᠠ᠃      2᠂ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠨᠢ ᠡᠭᠦᠳᠦᠨ ᠪᠠᠶᠢᠭᠤᠯᠬᠤ ᠠᠵᠢᠯ ᠤᠨ ᠲᠥᠰᠥᠯ ᠤᠨ ᠶᠣᠰᠣᠭᠠᠷ ᠬᠠᠷᠢᠭᠤᠴᠠᠯᠭᠠᠲᠤ ᠰᠠᠯᠠᠭ᠎ᠠ ᠮᠥᠴᠢᠷ ᠤᠨ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢᠨ ᠴᠠᠭ ᠤᠨ ᠠᠬᠢᠴᠠ ᠶᠢ ᠲᠣᠳᠣᠷᠬᠠᠶᠢᠯᠠᠵᠤ᠂ ᠡᠯ᠎ᠡ ᠢᠳᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠠᠵᠢᠯ ᠤᠨ ᠠᠬᠢᠴᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠯ᠎ᠡ ᠭᠤᠭᠴᠤᠭ᠎ᠠ᠂ ᠡᠯ᠎ᠡ ᠴᠠᠭ ᠬᠤᠭᠤᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠬᠢᠨᠠᠨ ᠬᠠᠮᠢᠶᠠᠷᠬᠤ᠂ ᠡᠭᠦᠳᠦᠨ ᠪᠠᠶᠢᠭᠤᠯᠬᠤ ᠬᠢᠯᠠᠰ ᠴᠡᠭ ᠤᠨ ᠠᠵᠢᠯ ᠪᠠ ᠡᠭᠦᠳᠦᠨ ᠪᠠᠶᠢᠭᠤᠯᠤᠭᠰᠠᠨ ᠲᠤᠷᠰᠢᠯᠭ᠎ᠠ ᠪᠠᠨ ᠳ᠋ᠦᠩᠨᠡᠵᠦ᠂ ᠣᠷᠣᠨ ᠨᠤᠲᠤᠭ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠢ ᠪᠣᠶ ᠪᠣᠯᠭᠠᠵᠤ᠂ ᠴᠠᠭ ᠲᠤᠬᠠᠢ ᠳᠤᠨᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠶᠢᠨ ᠡᠬᠢ ᠪᠠᠷ ᠡᠬᠢᠯᠡᠵᠦ᠂ ᠪᠠᠶᠢᠩᠭᠤᠵᠢᠭᠤᠯᠤᠨ ᠠᠬᠢᠭᠤᠯᠤᠨ᠎ᠠ᠃      3᠂ ᠮᠠᠲ᠋ᠧᠷᠢᠶᠠᠯ ᠪᠡᠯᠡᠳᠬᠡᠬᠦ᠃ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠦᠨᠡᠯᠡᠯᠲᠡ ᠶᠢᠨ ᠨᠠᠷᠢᠨ ᠳᠦᠷᠢᠮ︾ ᠤᠨ ᠳᠣᠲᠣᠷᠠᠬᠢ 6 ᠲᠠᠯ᠎ᠠ᠂ 36 ᠶᠡᠭᠡ ᠵᠦᠢᠯ᠂ 112 ᠪᠠᠭ᠎ᠠ ᠵᠦᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠪᠠᠷᠢᠮᠵᠢᠶᠠᠯᠠᠵᠤ᠂ ᠡᠭᠦᠳᠦᠨ ᠪᠠᠶᠢᠭᠤᠯᠬᠤ ᠮᠠᠲ᠋ᠧᠷᠢᠶᠠᠯ ᠢ ᠲᠥᠷᠥᠯ ᠬᠤᠪᠢᠶᠠᠨ᠂ ᠨᠠᠷᠢᠯᠢᠭᠵᠢᠭᠤᠯᠤᠨ ᠪᠡᠯᠡᠳᠬᠡᠵᠦ᠂ ᠴᠠᠭᠠᠰᠤ ᠪᠠ ᠡᠯᠧᠺᠲᠷᠣᠨ ᠲᠠᠩᠰᠠ ᠡᠪᠬᠡᠮᠡᠯ ᠢ ᠦᠢᠯᠡᠳᠴᠦ᠂ 2022 ᠣᠨ  ᠠᠴᠠ ᠡᠬᠢᠯᠡᠨ ᠡᠭᠦᠳᠦᠨ ᠪᠠᠶᠢᠭᠤᠯᠵᠤ ᠰᠢᠯᠭᠠᠨ ᠠᠪᠬᠤ ᠬᠦᠷᠲᠡᠯᠡᠬᠢ ᠬᠠᠮᠢᠶ᠎ᠠ ᠪᠦᠬᠦᠢ ᠠᠭᠤᠯᠭ᠎ᠠ ᠶᠢ ᠵᠢᠷᠤᠮᠵᠢᠭᠤᠯᠤᠨ ᠪᠠᠷᠢᠮᠵᠢᠶᠠᠵᠢᠭᠤᠯᠵᠤ ᠡᠮᠬᠢᠳᠬᠡᠨ᠎ᠡ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠶᠢᠨ ᠡᠬᠢ ᠪᠠᠷ ᠡᠬᠢᠯᠡᠵᠦ᠂ ᠪᠠᠶᠢᠩᠭᠤᠵᠢᠭᠤᠯᠤᠨ ᠠᠬᠢᠭᠤᠯᠤᠨ᠎ᠠ᠃      4᠂ ᠴᠡᠭ ᠪᠠᠶᠢᠷᠢ ᠶᠢ ᠴᠣᠭᠴᠠᠯᠠᠨ ᠪᠠᠶᠢᠭᠤᠯᠤᠨ᠎ᠠ᠃ ᠢᠯᠡ ᠪᠠᠶᠢᠴᠠᠭᠠᠬᠤ ᠵᠠᠩᠭᠢᠯᠠᠭ᠎ᠠ ᠶᠢᠨ ᠴᠡᠭ  ᠪᠠᠶᠢᠷᠢ ᠳᠤ ᠡᠮᠨᠡᠯᠭᠡ ᠶᠢᠨ ᠬᠤᠷᠢᠶ᠎ᠠ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠡ᠂ ᠲᠠᠷᠢᠶᠠᠯᠠᠩ ᠤᠨ ᠲᠠᠷᠢᠮᠠᠯ ᠤᠨ ᠨᠢᠭᠡᠴᠡ᠂ ᠨᠢᠲᠤᠯᠬᠤ ᠠᠵᠤ ᠠᠬᠤᠶᠢᠯᠠᠯ ᠪᠠ ᠡᠯ᠎ᠡ ᠲᠥᠷᠥᠯ ᠤᠨ ᠢᠳᠡᠭᠡᠨ ᠤ ᠠᠵᠤ ᠠᠬᠤᠶᠢᠯᠠᠯ ᠵᠡᠷᠭᠡ 23 ᠲᠥᠷᠥᠯ ᠪᠠᠭᠲᠠᠨ᠎ᠠ︔ ᠳᠠᠯᠳᠠᠭᠤᠷ ᠰᠤᠷᠪᠤᠯᠵᠢᠯᠠᠬᠤ ᠵᠠᠩᠭᠢᠯᠠᠭ᠎ᠠ ᠶᠢᠨ ᠴᠡᠭ ᠲᠤ ᠰᠤᠷᠭᠠᠭᠤᠯᠢ ᠶᠢᠨ ᠡᠷᠬᠢᠨ ᠲᠣᠭᠤᠷᠢᠨ᠂ ᠰᠦᠯᠵᠢᠶᠡᠨ ᠤ ᠲᠠᠪᠴᠠᠩ᠂ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠳᠡᠯᠭᠡᠭᠦᠷ ᠪᠠ ᠵᠢᠵᠢᠭ ᠢᠳᠡᠭᠡᠨ ᠤᠮᠳᠠᠭᠠᠨ᠂ ᠵᠢᠵᠢᠭ ᠬᠡᠲᠦ ᠳᠡᠯᠭᠡᠭᠦᠷ᠂ ᠵᠢᠵᠢᠭ ᠳᠡᠯᠭᠡᠭᠦᠷᠴᠢᠨ ᠵᠡᠷᠭᠡ 9 ᠲᠥᠷᠥᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠᠭᠲᠠᠨ᠎ᠠ᠃ 4 ᠳ᠋ᠤᠭᠡᠷ ᠰᠠᠷ᠎ᠠ ᠠᠴᠠ ᠡᠬᠢᠯᠡᠨ᠂ ᠲᠣᠥᠷᠵᠢᠭᠤᠯᠬᠤ ᠱᠠᠭᠠᠷᠳᠠᠯᠭ᠎ᠠ ᠶᠣᠰᠣᠭᠠᠷ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠬᠠᠷᠢᠶ᠎ᠠ ᠣᠷᠣᠨ ᠤ ᠪᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠴᠡᠭ ᠤᠨ ᠪᠣᠳᠠᠲᠠᠢ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢ  ᠲᠤᠲᠤᠷᠬᠠᠶᠢᠯᠠᠨ᠎ᠠ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠶᠢᠨ ᠡᠬᠢ ᠪᠠᠷ ᠡᠬᠢᠯᠡᠵᠦ᠂ 5 ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ ᠪᠠᠶᠢᠩᠭᠤᠵᠢᠭᠤᠯᠤᠨ ᠠᠬᠢᠭᠤᠯᠵᠦ᠂ ᠬᠠᠮᠠᠭᠠᠯᠠᠨ᠎ᠠ᠃      5᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠨ᠎ᠠ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠥᠷᠥᠯ ᠵᠦᠢᠯ ᠳᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠣᠶᠤᠨᠴᠢ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠲᠣᠭᠲᠠᠴᠠ ᠶᠢᠨ ᠰᠢᠨ᠎ᠡ ᠶᠢ ᠡᠭᠦᠳᠬᠦ᠂ ︽ᠭᠤᠷᠪᠠᠨ ᠵᠢᠵᠢᠭ︾ ᠢ ᠵᠠᠰᠠᠬᠤ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ + ᠢᠯᠡ ᠲᠣᠭᠤᠭ᠎ᠠ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠵᠡᠷᠭᠡ 10 ᠵᠦᠢᠯ ᠤᠨ ᠠᠭᠤᠯᠭ᠎ᠠ ᠪᠠᠭᠲᠠᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠪᠠᠷᠢᠮᠵᠢᠶ᠎ᠠ ᠶᠢᠨ ᠦᠨᠡᠯᠡᠯᠲᠡ ᠶᠢᠨ ᠭᠤᠣᠯᠳᠠᠯᠭ᠎ᠠ ᠶᠢ ᠬᠠᠷᠭᠤᠭᠤᠯᠵᠤ᠂ ᠬᠠᠷᠢᠶ᠎ᠠ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠵᠢᠱᠢᠶ᠎ᠡ ᠦᠵᠡᠭᠦᠯᠬᠦ ᠲᠥᠷᠥᠯ ᠵᠦᠢᠯ ᠢ ᠰᠣᠩᠭᠤᠨ ᠲᠣᠭᠲᠠᠭᠠᠵᠤ᠂ ᠪᠥᠬᠦ ᠲᠤᠭᠤᠷᠢᠭ ᠲᠤ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠳᠠᠭᠤᠷᠢᠰᠬᠠᠵᠤ ᠪᠣᠯᠬᠤ ᠬᠢᠯᠠᠰ ᠴᠡᠭ ᠢ ᠪᠣᠶ ᠪᠤᠯᠭᠠᠨ᠎ᠠ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠶᠢᠨ ᠡᠬᠢ ᠪᠠᠷ ᠡᠬᠢᠯᠡᠵᠦ᠂ ᠪᠠᠶᠢᠩᠭᠤᠵᠢᠭᠤᠯᠤᠨ ᠠᠬᠢᠭᠤᠯᠤᠨ᠎ᠠ᠃      6᠂ ᠤᠬᠠᠭᠤᠯᠭ᠎ᠠ ᠶᠢ ᠡᠭᠦᠳᠦᠨ ᠪᠠᠶᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠪᠠᠶᠢᠭᠤᠯᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠡᠭᠦᠳᠦᠨ ᠪᠠᠶᠢᠭᠤᠯᠬᠤ ᠤᠬᠠᠭᠤᠯᠭ᠎ᠠ ᠳᠤ ᠢᠳᠡᠪᠬᠢᠲᠡᠢ ᠣᠷᠣᠯᠴᠠᠭᠤᠯᠵᠤ᠂ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠬᠠᠮᠲᠤᠪᠠᠷ ᠪᠣᠶ  ᠪᠤᠯᠭᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠣᠨᠴᠠᠯᠢᠭ ᠲᠠᠢ ᠤᠬᠠᠭᠤᠯᠭ᠎ᠠ ᠶᠢᠨ ᠲᠥᠰᠥᠯ ᠪᠤᠶᠤ ᠲᠥᠯᠥᠪᠯᠡᠭᠡ ᠶᠢ ᠲᠣᠭᠲᠠᠭᠠᠵᠤ᠂ ᠡᠭᠦᠳᠦᠨ ᠪᠠᠶᠢᠭᠤᠯᠬᠤ ᠤᠬᠠᠭᠤᠯᠭ᠎ᠠ ᠶᠢᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠤᠬᠠᠭᠤᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠬᠤᠲᠠ ᠶᠢᠨ ᠠᠷᠠᠳ ᠤᠨ ᠮᠡᠳᠡᠬᠦ ᠨᠣᠷᠮ᠎ᠠ ᠶᠢ 90%  ᠠᠴᠠ ᠳᠣᠣᠷ᠎ᠠ ᠪᠠᠶᠢᠯᠭᠠᠬᠤ ᠦᠭᠡᠢ ᠬᠠᠷᠠᠯᠲᠠ ᠶᠢᠨ ᠶᠣᠰᠣᠭᠠᠷ ᠪᠥᠬᠦ ᠲᠠᠯ᠎ᠠ ᠶᠢᠨ᠂ ᠣᠯᠠᠨ ᠬᠦᠷᠢᠶ᠎ᠡ ᠴᠠᠷᠠᠭ᠎ᠠ᠂ ᠣᠯᠠᠨ ᠬᠡᠯᠪᠡᠷᠢ ᠣᠯᠠᠨ ᠬᠠᠷᠠᠭᠠᠰᠤ  ᠠᠴᠠ ᠡᠭᠦᠳᠦᠨ ᠪᠠᠶᠢᠭᠤᠯᠬᠤ ᠤᠬᠠᠭᠤᠯᠭ᠎ᠠ ᠶᠢ ᠥᠷᠨᠢᠭᠦᠯᠦᠨ᠎ᠡ᠃      ᠴᠠᠭ ᠤᠨ ᠲᠣᠬᠢᠷᠠᠭᠤᠯᠤᠯᠲᠠ᠄ 2023 ᠣᠨ ᠤ 5 ᠰᠠᠷ᠎ᠠ ᠳᠤ ᠡᠬᠢᠯᠡᠭᠦᠯᠵᠦ᠂ ᠪᠠᠶᠢᠩᠭᠤᠵᠢᠭᠤᠯᠤᠨ ᠥᠷᠨᠢᠭᠦᠯᠵᠦ᠂ ᠰᠢᠯᠭᠠᠨ ᠬᠤᠷᠢᠶᠠᠬᠤ  ᠠᠴᠠ ᠡᠮᠦᠨᠡᠬᠢ 1 ᠰᠠᠷ᠎ᠠ ᠶᠢᠨ ᠥᠨᠳᠥᠷ ᠨᠢᠭᠲᠠᠴᠠ ᠲᠠᠢ ᠲᠥᠪᠯᠡᠷᠡᠭᠦᠯᠦᠭᠰᠡᠨ ᠤᠬᠠᠭᠤᠯᠭ᠎ᠠ ᠶᠢ ᠶᠠᠪᠤᠭᠳᠠᠭᠤᠯᠤᠨ᠎ᠠ᠃      7᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠃ ᠦᠨᠦ ᠵᠢᠯ᠂ ᠲᠤᠭᠤᠷᠢᠭ ᠤᠨ ᠵᠠᠰᠠᠭ ᠤᠨ ᠣᠷᠳᠣᠨ ᠲᠤᠰᠠᠭᠠᠷ ᠪᠤᠶᠤ ᠪᠤᠰᠤᠳ ᠬᠤᠰᠢᠭᠤ ᠰᠢᠶᠠᠨ ᠲᠣᠭᠤᠷᠢᠭ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠪᠣᠳᠠᠲᠤ ᠪᠠᠶᠢᠯᠳᠤᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠰᠣᠷᠢᠯᠲᠠ ᠪᠠᠷ ᠳᠠᠮᠵᠢᠭᠤᠯᠤᠨ ᠲᠣᠰ ᠣᠷᠣᠨ ᠪᠦᠰᠡ ᠶᠢᠨ ︽ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠠᠳᠡᠯ ᠢ ᠪᠠᠶᠢᠴᠠᠭᠠᠬᠤ᠂ ᠰᠢᠢᠳᠪᠦᠷᠢᠯᠡᠬᠦ᠂ ᠮᠡᠳᠡᠭᠦᠯᠬᠦ ᠪᠠ ᠮᠡᠳᠡᠭᠡ ᠵᠠᠩᠭᠢ ᠨᠡᠶᠢᠲᠡᠯᠡᠬᠦ ᠠᠵᠢᠯ ᠤᠨ ᠲᠠᠰ ᠳᠠᠷᠠᠭᠠᠯᠠᠯ ᠢ ᠲᠡᠭᠦᠯᠳᠡᠷᠵᠢᠭᠦᠯᠬᠦ ᠪᠠᠷ ᠲᠥᠯᠥᠪᠯᠡᠵᠦ ᠪᠣᠶ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠳᠤ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃      8᠂ ᠬᠠᠷᠢᠭᠤᠴᠠᠯᠭ᠎ᠠ ᠶᠢᠨ ᠳᠠᠭᠠᠳᠬᠠᠯ᠃ ︽ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠡᠷᠬᠡ ᠲᠡᠭᠰᠢ ᠪᠠᠷ ᠥᠷᠢᠰᠦᠯᠳᠦᠬᠦ᠂ ᠣᠯᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ︾ ᠵᠠᠷᠴᠢᠮ ᠶᠣᠰᠣᠭᠠᠷ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠭᠠᠵᠠᠷ ᠣᠷᠣᠨ ᠤ ᠪᠣᠳᠠᠲᠤ ᠪᠠᠶᠢᠳᠠᠯ ᠪᠠ ᠢᠳᠡᠭᠡᠨ ᠦᠢᠯᠡᠳᠪᠦᠷᠢᠯᠡᠵᠦ ᠡᠵᠡᠩᠨᠡᠭᠴᠢᠳ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ  ᠲᠠᠢ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠲᠡᠭᠦᠨ ᠤ ᠪᠦᠲᠦᠭᠡᠭᠳᠡᠬᠦᠨ ᠪᠠ ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ᠂ ᠬᠠᠮᠲᠤ ᠶᠢᠨ ᠬᠤᠭᠤᠯᠠ ᠢᠳᠡᠬᠦ ᠨᠢᠭᠡᠴᠡ ︵ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ᠂ ᠨᠠᠰᠤᠵᠢᠯ ᠤᠨ ᠪᠠᠶᠢᠭᠤᠯᠤᠮᠵᠢ ᠶᠢᠨ ᠬᠤᠭᠤᠯᠠᠨ ᠭᠡᠷ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠ ᠢᠳᠡᠬᠦ ᠡᠵᠡᠩᠨᠡᠯᠲᠡ ᠶᠢᠨ ᠨᠢᠭᠡᠴᠡ ᠵᠡᠷᠭᠡ ᠪᠠᠭᠲᠠᠨ᠎ᠠ︶ ᠶᠢᠨ ᠶᠡᠭᠡ ᠬᠡᠮᠵᠢᠶᠡᠨ ᠤ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠡ᠂ ᠲᠥᠪ ᠤᠨ ᠲᠣᠭᠤᠭᠠᠨ ᠭᠡᠷ ᠪᠠ ᠬᠤᠭᠤᠯᠠ ᠲᠦᠭᠡᠭᠡᠬᠦ ᠨᠢᠭᠡᠴᠡ ᠨᠦᠭᠦᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠬᠤ ᠶᠢ ᠭᠤᠣᠯᠳᠠᠯᠭ᠎ᠠ ᠲᠠᠢ ᠠᠬᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠰᠦᠯᠵᠢᠶ᠎ᠡ ᠪᠠᠷ ᠢᠳᠡᠭᠡᠨ ᠪᠣᠷᠣᠯᠠᠭᠤᠯᠬᠤ ᠲᠠᠪᠴᠠᠩ᠂ ᠢᠳᠡᠭᠡᠨ ᠤᠮᠳᠠᠭᠠᠨ ᠤ ᠬᠡᠯᠬᠢᠶᠡᠵᠢᠭᠰᠡᠨ ᠠᠵᠤ ᠠᠬᠤᠶᠢᠯᠠᠯ᠂ ᠬᠡᠯᠬᠢᠶᠡᠵᠢᠭᠰᠡᠨ ᠬᠡᠲᠦ ᠳᠡᠯᠭᠡᠭᠦᠷ ᠵᠢᠴᠢ ᠪᠤᠰᠤᠳ ᠠᠶᠤᠯ ᠲᠦᠭᠰᠢᠭᠦᠷᠢ ᠪᠠᠷ ᠨᠡᠯᠢᠶᠡᠳ ᠥᠨᠳᠥᠷ ᠢᠳᠡᠭᠡᠨ ᠦᠢᠯᠡᠳᠪᠦᠷᠢᠯᠡᠵᠦ ᠡᠵᠡᠩᠨᠡᠬᠦ ᠨᠢᠭᠡᠴᠡ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠭᠤᠯᠤᠨ᠎ᠠ᠃      ᠴᠠᠭ ᠤᠨ ᠲᠣᠬᠢᠷᠠᠭᠤᠯᠤᠯᠲᠠ᠄ 2023 ᠣᠨ ᠤ 4 ᠰᠠᠷ᠎ᠠ ᠳᠤ ᠡᠬᠢᠯᠡᠭᠦᠯᠵᠦ᠂ ᠦᠷᠭᠦᠯᠵᠢᠯᠡᠨ ᠠᠬᠢᠭᠤᠯᠤᠨ᠎ᠠ᠃      9᠂ ᠶᠠᠪᠤᠴᠠ ᠶᠢᠨ ᠡᠵᠡᠮᠳᠡᠯ᠃ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠭᠦᠢᠴᠡᠳᠬᠡᠬᠦ ᠲᠤᠭ᠎ᠠ  ᠪᠠᠷ ᠭᠤᠣᠯᠯᠠᠭᠤᠯᠤᠨ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠠᠵᠤ ᠠᠬᠤᠶᠢᠯᠠᠯ ᠢ ᠱᠠᠯᠠᠪᠳᠠᠭᠤᠯᠵᠦ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠢᠳᠡᠭᠡᠨ ᠤ ᠲᠥᠷᠥᠯ ᠵᠦᠢᠯ ᠯᠦᠭᠡ ᠲᠣᠬᠢᠷᠠᠯᠴᠠᠭᠰᠠᠨ ᠲᠠᠯᠠᠪᠤᠷ ᠭᠠᠵᠠᠷ᠂ ᠲᠥᠬᠦᠭᠡᠷᠦᠮᠵᠢ᠂ ᠠᠵᠢᠯᠲᠠᠨ ᠵᠡᠷᠭᠡ ᠨᠥᠬᠦᠴᠡᠯ ᠢ ᠪᠦᠷᠢᠳᠦᠭᠦᠯᠬᠦ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠨᠢ ᠪᠦᠷᠢᠨ ᠲᠡᠭᠦᠯᠳᠡᠷ᠂ ᠪᠦᠲᠦᠮᠵᠢᠲᠡᠶ ᠠᠵᠢᠯᠯᠠᠬᠤ ᠶᠢ ᠪᠡᠶᠡᠯᠡᠭᠦᠯᠵᠦ᠂ ᠢᠳᠡᠭᠡᠨ ᠤ ᠠᠵᠤ ᠠᠬᠤᠶᠢᠯᠠᠯ ᠤᠨ ᠬᠠᠤᠯᠢ ᠶᠣᠰᠣᠭᠠᠷ ᠢᠯᠡ ᠨᠡᠶᠢᠲᠡᠯᠡᠬᠦ ᠴᠢᠬᠤᠯᠠᠲᠠᠢ ᠵᠦᠢᠯᠡᠰ ᠢ ᠢᠯᠡ ᠨᠡᠶᠢᠲᠡᠯᠡᠪᠡᠰᠦ ᠵᠣᠬᠢᠬᠤ ᠶᠢ ᠨᠢ ᠪᠦᠬᠦᠨ ᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ  ᠬᠦᠯᠢᠶᠡᠨ᠎ᠡ᠃      ᠴᠠᠭ ᠤᠨ ᠲᠣᠬᠢᠷᠠᠭᠤᠯᠤᠯᠲᠠ᠄ ᠪᠠᠶᠢᠩᠭᠤᠵᠢᠭᠤᠯᠤᠨ ᠥᠷᠨᠢᠭᠦᠯᠵᠦ᠂ 2023 ᠣᠨ ᠤ 3 ᠰᠠᠷ᠎ᠠ — 12 ᠰᠠᠷ᠎ᠠ ᠪᠣᠯᠲᠠᠯ᠎ᠠ ᠭᠤᠣᠯᠳᠠᠯᠭ᠎ᠠ ᠲᠠᠢ ᠠᠬᠢᠭᠤᠯᠤᠨ᠎ᠠ᠃      ︵ᠭᠤᠷᠪᠠ︶ ᠥᠪᠡᠷ ᠲᠡᠭᠡᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠱᠠᠲᠤ ᠦᠶ᠎ᠡ      ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠠᠴᠠ ᠲᠦᠷᠦᠭᠦᠯᠡᠵᠦ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠦᠨᠡᠯᠡᠬᠦ ᠨᠠᠷᠢᠨ ᠳᠦᠷᠢᠮ ᠪᠠ ᠬᠠᠷᠢᠶ᠎ᠠ ᠣᠷᠣᠨ ᠤ ᠴᠡᠭ ᠪᠠᠶᠢᠷᠢ ᠲᠠᠢ ᠬᠠᠷᠢᠴᠠᠭᠤᠯᠤᠨ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠶᠢ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃      ᠴᠠᠭ ᠤᠨ ᠲᠣᠬᠢᠷᠠᠭᠤᠯᠤᠯᠲᠠ᠄ ᠪᠠᠶᠢᠩᠭᠤᠵᠢᠭᠤᠯᠤᠨ ᠥᠷᠨᠢᠭᠦᠯᠵᠦ᠂ 2023 ᠣᠨ ᠤ 3 ᠰᠠᠷ᠎ᠠ  — 12 ᠰᠠᠷ᠎ᠠ ᠪᠣᠯᠲᠠᠯ᠎ᠠ ᠭᠤᠣᠯᠳᠠᠯᠭ᠎ᠠ ᠲᠠᠢ ᠠᠬᠢᠭᠤᠯᠤᠨ᠎ᠠ᠃      ︵ᠳᠥᠷᠪᠡ︶ ᠦᠨᠡᠯᠡᠵᠦ ᠰᠢᠯᠭᠠᠨ ᠠᠪᠬᠤ ᠱᠠᠲᠤ ᠦᠶ᠎ᠡ      ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠦᠵᠡᠯ ᠰᠠᠨᠠᠭ᠎ᠠ ᠪᠠᠨ ᠨᠢᠭᠡᠳᠬᠡᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠠᠩᠬᠠᠨ ᠤ ᠰᠢᠯᠭᠠᠷᠠᠭᠤᠯᠤᠯᠲᠠ ᠶᠢ ᠬᠦᠯᠢᠶᠡᠬᠦ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠦᠨᠡᠯᠡᠵᠦ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃      ᠴᠠᠭ ᠤᠨ ᠲᠣᠬᠢᠷᠠᠭᠤᠯᠤᠯᠲᠠ᠄ 6 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠩᠬᠠᠨ ᠤ ᠰᠢᠯᠭᠠᠷᠠᠭᠤᠯᠤᠯᠲᠠ ᠶᠢ ᠬᠦᠯᠢᠶᠡᠨ᠎ᠡ︔ 12 ᠰᠠᠷ᠎ᠠ ᠳᠤ ᠤᠯᠤᠰ ᠤᠨ ᠰᠢᠯᠭᠠᠨ ᠠᠪᠬᠤ ᠶᠢ ᠬᠦᠯᠢᠶᠡᠨ᠎ᠡ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠠᠷᠢᠨ ᠨᠠᠶᠢᠲᠠᠪᠦᠷᠢᠵᠢᠭᠤᠯᠵᠦ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃      ︵ᠬᠤᠶᠠᠷ︶ ᠡᠯ᠎ᠡ ᠬᠤᠯᠪᠣᠭᠳᠠᠯ ᠪᠦᠬᠦᠢ ᠨᠢᠭᠡᠴᠡ ᠡᠭᠦᠳᠦᠨ ᠪᠠᠶᠢᠭᠤᠯᠬᠤ ᠠᠵᠢᠯ ᠢᠶᠠᠷ ᠲᠣᠬᠢᠶᠠᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠡᠭᠦᠳᠦᠨ ᠪᠠᠶᠢᠭᠤᠯᠬᠤ ᠠᠵᠢᠯ ᠤᠨ ᠳᠤᠮᠳᠠ ᠪᠣᠶ ᠪᠣᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳᠦᠷᠢᠮ ᠤᠨ ᠬᠡᠯᠪᠡᠷᠢ ᠪᠠᠷ ᠴᠠᠭ ᠲᠤᠬᠠᠢ ᠳᠤᠨᠢ ᠲᠣᠭᠲᠠᠪᠤᠷᠢᠵᠢᠭᠤᠯᠵᠤ᠂ ᠭᠠᠵᠠᠷ ᠣᠷᠣᠨ ᠤ ᠣᠨᠴᠠᠯᠢᠭ ᠲᠠᠢ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠮᠠᠨ ᠤ ᠲᠤᠭᠤᠷᠢᠭ ᠤᠨ ᠥᠷᠭᠡᠨ ᠣᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃      ︵ᠭᠤᠷᠪᠠ︶ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠬᠢᠯᠡᠨ᠂ ᠲᠣᠭᠤᠷᠢᠭ ᠤᠨ ᠡᠭᠦᠳᠦᠨ ᠪᠠᠶᠢᠭᠤᠯᠬᠤ ᠠᠯᠪᠠᠨ ᠭᠡᠷ ᠠᠴᠠ ᠡᠭᠦᠳᠦᠨ ᠪᠠᠶᠢᠭᠤᠯᠬᠤ ᠠᠵᠢᠯ ᠳᠤ ︽ᠬᠤᠣᠰ ᠭᠠᠷᠠᠭ︾ ᠤᠨ ᠲᠣᠬᠢᠷᠠᠭᠤᠯᠤᠨ ᠮᠡᠳᠡᠭᠡᠯᠡᠬᠦ ᠲᠣᠭᠲᠠᠴᠠ ᠶᠢ ᠬᠡᠷᠡᠭᠵᠢᠭᠦᠯᠬᠦ ᠶᠢᠨ ᠬᠠᠮᠲᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠡᠭᠦᠳᠦᠨ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠬᠤ᠂ ᠱᠠᠯᠠᠪᠳᠠᠭᠤᠯᠤᠨ ᠭᠦᠢᠴᠡᠳᠬᠡᠬᠦ ᠪᠠ ᠦᠨᠡᠯᠡᠨ ᠶᠠᠷᠢᠯᠴᠠᠵᠤ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠳᠤ ᠥᠯᠥ ᠦᠯᠡᠳᠡᠭᠡᠯ ᠦᠭᠡᠢ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号