ᠵᠢᠩ ᠤᠣ ᠳᠠᠩ ᠲᠠᠯᠠᠰᠲᠤ ᠵᠢᠴᠢ ᠢᠵᠢ ᠪᠦᠷᠢᠳᠦᠭᠰᠡᠨ ᠬᠡᠷᠴᠢᠮᠡᠯ ᠲᠦᠷᠦᠯ ᠵᠦᠢᠯ ᠤᠨ ᠬᠡᠷᠴᠢᠮᠡᠯ ᠲᠥᠬᠦᠭᠡᠷᠦᠮᠵᠢ ᠶᠠᠭ ᠵᠠᠯᠭᠠᠭ᠎ᠠ ᠪᠠᠷ ᠲᠠᠯᠠᠪᠠᠢ ᠳᠤ ᠣᠷᠣᠵᠤ ᠪᠠᠶᠢᠨ᠎ᠠ
ᠨᠡᠶᠢᠲᠡᠯᠡᠭᠰᠡᠨ ᠴᠠᠭ᠄
2023/6/15
      ᠲᠤᠰ ᠲᠦᠷᠦᠯ ᠵᠦᠢᠯ ᠨᠢ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 256 ᠮᠦ ᠲᠠᠯᠠᠪᠠᠢ ᠶᠢ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 20 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠵᠢᠯ ᠳᠤ 10GW᠎ ᠶᠢᠨ ᠲᠠᠯᠠᠰᠲᠤ ᠲᠠᠲᠠᠬᠤ᠂ 10GW᠎ ᠶᠢᠨ ᠬᠡᠷᠴᠢᠮᠡᠯ ᠢ ᠦᠢᠯᠡᠳᠪᠦᠷᠢᠯᠡᠬᠦ ᠶᠢᠨ ᠬᠠᠮᠲᠤ ᠵᠣᠬᠢᠬᠤ ᠬᠡᠪᠴᠢᠶᠡᠨ ᠤ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠦᠢᠯᠡᠳᠪᠦᠷᠢᠯᠡᠯ ᠤᠨ ᠲᠥᠷᠥᠯ ᠵᠦᠢᠯ ᠢ ᠢᠵᠢ ᠪᠦᠷᠢᠳᠦᠭᠦᠯᠦᠨ᠎ᠡ᠃      ᠣᠳᠣᠬᠠᠨ ᠳᠤ᠂ ᠲᠠᠩ ᠲᠠᠯᠠᠰᠲᠤ ᠦᠢᠯᠡᠳᠪᠦᠷᠢ ᠶᠢᠨ ᠪᠠᠶᠢᠰᠢᠩ ᠤᠨ 640 ᠰᠠᠤᠷᠢ ᠲᠠᠩ ᠲᠠᠯᠠᠰᠲᠤ ᠵᠤᠤᠬ᠎ᠠ ᠶᠢ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠤᠨ ᠦᠢᠯᠡᠳᠪᠦᠷᠢ ᠶᠢᠨ ᠪᠠᠶᠢᠰᠢᠩ ᠢ ᠢᠯᠭᠠᠨ ᠰᠣᠩᠭᠤᠬᠤ ᠮᠠᠰᠢᠨ᠂ ᠴᠠᠪᠠᠤ ᠰᠠᠯᠭᠠᠬᠤ ᠮᠠᠰᠢᠨ᠂ ᠤᠲᠠᠰᠤ ᠬᠡᠷᠴᠢᠬᠦ ᠮᠠᠰᠢᠨ ᠵᠡᠷᠭᠡ ᠪᠠᠷᠤᠭ 200 ᠰᠠᠤᠷᠢ ︵ᠢᠵᠢ︶ ᠲᠥᠬᠦᠭᠡᠷᠦᠮᠵᠢ ᠶᠢ 6 ᠰᠠᠷ᠎ᠠ ᠶᠢᠨ 9᠎ ᠤ ᠡᠳᠦᠷ ᠠᠴᠠ ᠡᠬᠢᠯᠡᠨ ᠵᠠᠯᠭᠠᠯᠳᠤᠭᠠᠪᠠᠷ ᠲᠠᠯᠠᠪᠠᠢ ᠳᠤ ᠣᠷᠣᠭᠤᠯᠵᠤ᠂ 6 ᠰᠠᠷ᠎ᠠ ᠶᠢᠨ 20᠎ ᠤ ᠡᠳᠦᠷ ᠠᠴᠠ ᠡᠬᠢᠯᠡᠨ ᠤᠭᠰᠠᠷᠠᠵᠤ᠂ 7 ᠰᠠᠷ᠎ᠠ ᠳᠤ ᠲᠤᠷᠰᠢᠨ ᠦᠢᠯᠡᠳᠪᠦᠷᠢᠯᠡᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号