ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/6/15
      qsq_20235229432.jpg
      ᠰᠤᠷᠪᠤᠯᠵᠢᠯᠠᠭᠰᠠᠨ ᠭᠤᠣᠯ ᠰᠡᠳᠦᠪ᠄ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠨ᠎ᠡ      ᠰᠤᠷᠪᠤᠯᠵᠢᠯᠠᠭᠰᠠᠨ ᠴᠠᠭ᠄ 2023 ᠣᠨ ᠤ 5 ᠰᠠᠷ᠎ᠠ ᠶᠢᠨ 22 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ    ᠵᠣᠣ ᠵᠢᠶᠠᠨ      ᠰᠤᠷᠪᠤᠯᠵᠢᠯᠠᠭᠰᠠᠨ ᠠᠬᠤᠢ ᠪᠠᠶᠢᠳᠠᠯ᠄ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠨ᠎ᠡ      【ᠬᠥᠲᠥᠯᠥᠭᠴᠢ】      ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠠᠮᠠᠷ ᠠᠬᠢᠴᠠ ᠲᠠᠢ ᠪᠣᠯᠤᠭᠰᠠᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠣᠤ ᠵᠢᠶᠠᠨ】      2022 ᠣᠨ ᠳᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ  ᠪᠠᠷ ᠳᠠᠮᠵᠢᠨ ᠠᠵᠤ ᠦᠢᠯᠡᠰ ᠤᠨ ᠬᠠᠷᠢᠴᠠᠭ᠎ᠠ ᠬᠤᠯᠪᠣᠭ᠎ᠠ ᠲᠠᠢ᠂ ᠠᠵᠢᠯ ᠲᠥᠷᠥᠯ ᠤᠨ ᠬᠢᠨ ᠣᠶᠢᠷᠠᠯᠴᠠᠭ᠎ᠠ᠂ ᠡᠳ᠋ ᠬᠥᠷᠥᠩᠭᠡ ᠶᠢᠨ ᠶᠠᠰᠤ ᠴᠢᠨᠠᠷ ᠠᠳᠠᠯᠢ᠂ ᠡᠵᠡᠩᠨᠡᠯᠲᠡ ᠶᠢᠨ ᠠᠳᠠᠯᠢ ᠲᠥᠷᠥᠯ ᠤᠨ ᠰᠡᠳᠭᠢᠴᠡ ᠶᠢᠨ ᠶᠤᠰᠤᠭᠠᠷ᠂ ᠭᠤᠣᠯᠳᠠᠯᠭ᠎ᠠ ᠲᠠᠢ ᠬᠥᠭᠵᠢᠭᠦᠯᠬᠦ᠂ ᠶᠡᠭᠡ ᠪᠠᠷ ᠪᠣᠶᠢᠵᠢᠭᠤᠯᠬᠤ᠂ ᠣᠳᠣᠬᠢ ᠪᠠᠶᠢᠳᠠᠯ ᠢ ᠪᠠᠷᠢᠮᠲᠠᠯᠠᠬᠤ ᠪᠠ ︽ᠳᠥᠷᠪᠡᠨ ᠳᠡᠰ ᠳᠠᠪᠬᠤᠷᠭ᠎ᠠ︾ ᠶᠢᠨ ᠲᠤᠬᠠᠶᠢᠯᠠᠭᠰᠠᠨ ᠠᠵᠢᠯ ᠤᠨ ᠬᠤᠪᠢᠶᠠᠷᠢ ᠲᠣᠭᠤᠷᠢᠭ ᠠᠴᠠ ᠰᠠᠯᠭᠠᠵᠤ ᠭᠠᠷᠭᠠᠬᠤ ᠪᠠᠷ ᠤᠤᠯ ᠤᠨ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠳᠠᠬᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠬᠢᠨᠠᠨ ᠬᠠᠮᠢᠶᠠᠷᠤᠯᠲᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ︽5 + N︾  ᠶᠡᠷᠦᠩᠬᠡᠢ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ︽ᠬᠤᠣᠰ ᠴᠢᠭᠯᠡᠯ ᠢᠶᠠᠷ ᠣᠷᠣᠵᠤ᠂ ᠰᠣᠯᠪᠢᠴᠠᠨ ᠲᠤᠰᠢᠶᠠᠯ ᠬᠠᠷᠢᠭᠤᠴᠠᠬᠤ︾ ᠤᠳᠤᠷᠢᠳᠬᠤ ᠪᠠᠶᠢᠭᠤᠯᠤᠮᠵᠢ ᠶᠢᠨ ᠶᠣᠰᠣᠭᠠᠷ᠂ ᠲᠣᠮᠢᠯᠠᠬᠤ ᠪᠠ ᠢᠯᠡ ᠪᠠᠷ ᠰᠣᠩᠭᠤᠨ ᠤᠷᠢᠬᠤ ᠬᠡᠯᠪᠡᠷᠢ ᠪᠠᠷ 14 ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠭᠲᠠᠭᠠᠵᠤ᠂ ᠨᠠᠮ ᠤᠨ ᠵᠣᠬᠢᠶᠠᠨ ᠪᠠᠶᠢᠭᠤᠯᠤᠯᠲᠠ᠂ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠪᠠ ᠡᠵᠡᠩᠨᠡᠯᠲᠡ ᠬᠠᠮᠢᠶᠠᠷᠤᠯᠲᠠ ᠶᠢᠨ ᠳᠠᠪᠬᠤᠷᠭ᠎ᠠ ᠶᠢ ᠪᠠᠶᠢᠭᠤᠯᠵᠤ ᠪᠦᠷᠢᠨ ᠲᠡᠭᠦᠯᠳᠡᠷ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠪᠠᠶᠢᠭᠤᠯᠵᠤ᠂ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠴᠢᠬᠤᠯᠠ ᠶᠡᠭᠡ ᠡᠵᠡᠩᠨᠡᠯᠲᠡ ᠬᠠᠮᠢᠶᠠᠷᠤᠯᠲᠠ ᠶᠢᠨ ᠵᠦᠢᠯᠡᠰ ᠢ ᠰᠤᠳᠤᠯᠤᠨ ᠶᠠᠷᠢᠯᠴᠠᠬᠤ ᠤᠷᠢᠳᠠᠴᠢ ᠨᠠᠷᠢᠨ ᠳᠠᠩᠰᠠ᠂ ᠴᠢᠩᠱᠠᠨ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠬᠤᠷᠠᠯ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠲᠤᠬᠠᠢ ᠰᠠᠨᠠᠯ᠂ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠠᠳᠠᠨᠠᠬᠢ ᠬᠡᠷᠡᠭ ᠮᠡᠳᠡᠭᠴᠢ ᠶᠢ ᠰᠣᠩᠭᠤᠨ ᠤᠷᠢᠬᠤ ᠪᠠ ᠬᠠᠮᠢᠶᠠᠷᠬᠤ ᠠᠷᠭ᠎ᠠ ᠵᠡᠷᠭᠡ  ᠶᠢ ᠲᠤᠭᠲᠠᠭᠠᠵᠤ᠂ ᠪᠦᠷᠢᠨ ᠲᠡᠭᠦᠯᠳᠡᠷ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠣᠮᠫᠠᠨᠢ ᠶᠢᠨ ᠵᠠᠰᠠᠯᠲᠠ ᠶᠢᠨ ᠠᠷᠭ᠎ᠠ ᠬᠡᠯᠪᠡᠷᠢ  ᠨᠢ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠥᠲᠥᠯᠥᠨ ᠵᠢᠯᠤᠭᠤᠳᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      【ᠬᠥᠲᠥᠯᠥᠭᠴᠢ】      ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠬᠡᠷᠬᠢᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠣᠤ ᠵᠢᠶᠠᠨ】      ᠨᠢᠭᠡ ᠳᠤ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠤᠬᠢᠷᠠᠭᠤᠯᠤᠨ᠎ᠠ᠃ ᠡᠳ᠋ ᠬᠥᠷᠥᠩᠭᠡ ᠬᠠᠮᠢᠶᠠᠷᠤᠯᠲᠠ ᠶᠢᠨ ᠴᠢᠳᠠᠪᠬᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠤᠨ ᠲᠣᠳᠣᠷᠬᠠᠢ ᠬᠠᠭᠤᠳᠠᠰᠤ ᠪᠠ ᠳᠠᠩᠰᠠᠯᠠᠭᠤᠯᠬᠤ ᠵᠦᠢᠯᠡᠰ ᠤᠨ ᠲᠣᠳᠣᠷᠬᠠᠢ ᠬᠠᠭᠤᠳᠠᠰᠤ ᠶᠢ ᠪᠠᠭᠲᠠᠭᠠᠭᠰᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠠᠰᠠᠭ ᠵᠠᠬᠢᠷᠭ᠎ᠠ ᠠᠵᠤ ᠠᠬᠤᠶᠢᠯᠠᠯ ᠤᠨ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠠᠰᠠᠭ ᠵᠠᠬᠢᠷᠭᠠᠨᠴᠢᠯᠠᠭᠰᠠᠨ ᠬᠠᠮᠢᠶᠠᠷᠤᠯᠲᠠ ᠠᠴᠠ ᠬᠠᠤᠯᠢᠵᠢᠭᠤᠯᠬᠤ᠂ ᠵᠠᠬ᠎ᠠ ᠳᠡᠯᠭᠡᠭᠦᠷᠴᠢᠯᠡᠬᠦ ᠲᠡᠶᠢᠰᠢ ᠬᠤᠪᠢᠷᠠᠭᠤᠯᠬᠤ᠂ ᠬᠡᠷᠡᠭ ᠤᠨ ᠡᠮᠦᠨ᠎ᠡ ᠬᠢᠨᠠᠨ ᠵᠥᠪᠰᠢᠶᠡᠷᠡᠬᠦ ᠶᠢ ᠬᠡᠷᠡᠭ ᠤᠨ ᠳᠤᠮᠳᠠ ᠪᠠᠶᠢᠴᠠᠭᠠᠬᠤ᠂ ᠬᠡᠷᠡᠭ ᠤᠨ ᠲᠠᠷᠠᠭ᠎ᠠ ᠳᠠᠩᠰᠠᠯᠠᠭᠤᠯᠬᠤ ᠲᠡᠶᠢᠰᠢ ᠬᠤᠪᠢᠷᠠᠭᠤᠯᠬᠤ᠂ ᠰᠢᠭᠤᠳ ᠬᠢᠨᠠᠨ ᠬᠠᠮᠢᠶᠠᠷᠤᠯᠲᠠ ᠶᠢ ᠲᠣᠳᠣᠷᠬᠠᠢ ᠬᠠᠭᠤᠳᠠᠰᠤ ᠶᠢᠨ ᠮᠠᠶ᠋ᠢᠭ ᠤᠨ᠂ ᠳᠦᠷᠢᠮᠴᠢᠯᠡᠭᠰᠡᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠤᠶᠠᠷ ᠲᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠳᠡᠭᠡᠷ᠎ᠡ ᠭᠤᠷᠪᠠᠨ ᠱᠠᠲᠤᠨ ᠤ ᠲᠥᠷᠥ ᠶᠢᠨ ᠪᠣᠳᠣᠯᠭ᠎ᠠ ᠶᠢ ᠬᠤᠷᠢᠶᠠᠩᠭᠤᠶᠢᠯᠠᠨ ᠳᠠᠷᠤᠮᠠᠯᠯᠠᠨ ᠲᠠᠷᠬᠠᠭᠠᠵᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠬᠥᠳᠡᠯᠮᠦᠷᠢ ᠬᠦᠴᠦᠨ ᠬᠡᠷᠡᠭᠯᠡᠬᠦ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠤᠨ ᠪᠠᠶᠢᠭᠤᠯᠤᠯᠲᠠ ᠶᠢ ᠵᠢᠷᠤᠮᠵᠢᠭᠤᠯᠬᠤ ᠵᠡᠷᠭᠡ ᠢᠵᠢ ᠪᠦᠷᠢᠳᠦᠭᠦᠯᠬᠦ ᠳᠦᠷᠢᠮ ᠢ ᠰᠢᠨ᠎ᠡ ᠪᠠᠷ ᠵᠠᠰᠠᠪᠤᠷᠢ ᠣᠷᠣᠭᠤᠯᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠳᠦᠷᠢᠮ ᠤᠨ ᠵᠢᠷᠤᠮᠵᠢᠯ ᠢ ᠨᠢᠭᠡᠳᠬᠡᠬᠦ᠂ ᠠᠵᠢᠯ ᠤᠨ ᠰᠢᠰᠲ᠋ᠧᠮᠵᠢ ᠶᠢ ᠨᠢᠭᠡᠳᠬᠡᠬᠦ ᠵᠠᠷᠴᠢᠮ ᠶᠣᠰᠣᠭᠠᠷ᠂  ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠡᠨᠬᠦ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢᠨ ᠶᠣᠰᠣᠭᠠᠷ ᠠᠵᠢᠯᠯᠠᠬᠤ ᠶᠢ ᠠᠬᠢᠭᠤᠯᠤᠨ᠎ᠠ᠃ ᠭᠤᠷᠪᠠ ᠳᠤ ᠲᠤᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠲᠤᠭᠤᠷᠢᠭ ‍ᠤᠨ‌ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠵᠢᠷᠤᠮᠵᠢᠯ᠂ ᠬᠢᠨᠠᠨ ᠰᠢᠯᠭᠠᠯᠲᠠ ᠶᠢᠨ ᠬᠢᠵᠠᠭᠠᠷᠯᠠᠯ᠂ ᠲᠣᠭᠲᠠᠭᠠᠯ ᠠᠴᠠ ᠵᠥᠷᠢᠴᠡᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠤᠯᠪᠤᠭᠠᠯᠠᠨ ᠬᠥᠳᠡᠯᠦᠯᠴᠡᠵᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠱᠠᠲᠤᠨ ᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ ᠬᠢᠵᠠᠭᠠᠷᠯᠠᠯ ᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠥᠨᠳᠥᠷ ᠲᠦᠪᠰᠢᠨ ᠤ ᠠᠮᠤᠷ ᠲᠦᠪᠰᠢᠨ ᠢᠶᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃ ᠳᠥᠷᠪᠡ ᠳᠤ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠦᠷᠢᠨᠰᠢᠭᠦᠯᠦᠨ᠎ᠡ᠃ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠵᠦᠷᠢᠶᠡᠴᠢᠯᠡᠭᠰᠡᠨ ᠲᠥᠷᠥᠯ ᠬᠤᠪᠢᠶᠠᠭᠰᠠᠨ ᠬᠢᠨᠠᠨ ᠰᠢᠯᠭᠠᠯᠲᠠ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠪᠠᠭ ᠤᠨ ᠣᠨ ᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠵᠢᠩᠬᠢᠨᠢ ᠲᠤᠰᠢᠶᠠᠯ ᠤᠨ ᠣᠨ ᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠳᠡᠳ᠋ ᠲᠤᠰᠢᠶᠠᠯ ᠤᠨ ᠣᠨ ᠤ ᠶᠡᠷᠦᠩᠬᠡᠶᠢᠯᠡᠭᠰᠡᠨ ᠰᠢᠯᠭᠠᠨ ᠦᠨᠡᠯᠡᠵᠦ ᠬᠤᠪᠢ ᠲᠣᠭᠲᠠᠭᠠᠬᠤ ᠪᠦᠲᠦᠴᠡ ᠶᠢ ᠲᠡᠭᠦᠯᠳᠡᠷᠵᠢᠭᠦᠯᠵᠦ᠂ ᠰᠢᠨᠵᠢ ᠴᠢᠨᠠᠷ ᠢ ᠲᠣᠭᠲᠠᠭᠠᠬᠤ ᠬᠠᠷᠠᠯᠲᠠ᠂ ᠬᠡᠮᠵᠢᠶ᠎ᠡ ᠶᠢ ᠲᠣᠭᠲᠠᠭᠠᠬᠤ ᠬᠠᠷᠠᠯᠲᠠ ᠵᠢᠴᠢ ᠬᠤᠪᠢ ᠨᠡᠮᠡᠬᠦ ᠵᠦᠢᠯ ᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠥᠷᠢ ᠰᠢᠷᠢ ᠶᠢ ᠢᠯᠭᠠᠷᠠᠭᠤᠯᠤᠨ ᠬᠤᠷᠢᠶᠠᠬᠤ᠂ ᠥᠷᠢ ᠰᠢᠷᠢ ᠶᠢ ᠠᠷᠢᠯᠭᠠᠬᠤ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ᠂ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ ᠵᠡᠷᠭᠡ ᠭᠦᠢᠴᠡᠳᠬᠡᠯ ᠲᠤᠭ᠎ᠠ ᠶᠢ ᠲᠤᠪᠤᠶᠢᠯᠭᠠᠨ᠎ᠠ᠃      【ᠬᠥᠲᠥᠯᠥᠭᠴᠢ】      ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠬᠡᠷᠬᠢᠨ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠵᠣᠤ ᠵᠢᠶᠠᠨ】      2023 ᠣᠨ ᠳᠤ᠂ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ︽ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠲᠠᠯ᠎ᠠ ᠪᠠᠷ ᠦᠷᠭᠦᠯᠵᠢᠯᠡᠨ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤᠳᠬᠠᠵᠤ᠂ ᠨᠠᠮ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠲᠤ ᠪᠠᠬᠢ ᠤᠯᠤᠰ ᠲᠦᠷᠦ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠯᠠᠯᠲᠠ ᠣᠯᠬᠤ ᠳᠠᠪᠠᠭᠤᠯᠢᠭ ᠢ ᠪᠦᠷᠢᠯᠳᠦᠭᠦᠯᠦᠨ᠎ᠡ︔ ᠪᠠᠬᠢᠵᠢᠭᠦᠯᠦᠭᠰᠡᠨ ᠰᠠᠭᠤᠷᠢᠨ ᠳᠡᠭᠡᠷ᠎ᠡ ᠭᠤᠣᠯᠳᠠᠯᠭ᠎ᠠ ᠲᠠᠢ ᠬᠦᠴᠦᠯᠡᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠰᠠᠶᠢᠲᠤᠷ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠢᠳᠡᠪᠬᠢ ᠬᠦᠴᠦᠨ ᠢ ᠭᠦᠢᠴᠡᠳ ᠨᠢᠭᠲᠠᠷᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ︔ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠠᠷᠢᠯᠢᠭ ᠤᠨᠤᠪᠴᠢᠲᠠᠢ ᠢᠶᠠᠷ ᠪᠣᠭᠤᠮᠲᠠ ᠰᠢᠪᠲᠤᠯᠵᠤ᠂ ︽ᠴᠢᠩᠱᠠᠨ ᠤ ᠬᠤᠰᠢᠭᠤᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ︾ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠪᠠ ︽ᠤᠯᠠᠭᠠᠨ ᠵᠠᠭᠠᠮᠠᠲᠤ ᠬᠤᠰᠢᠭᠤᠴᠢ︾ ᠨᠠᠮ ᠤᠨ ᠭᠡᠰᠢᠭᠦᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠪᠠᠷ ᠭᠠᠷᠳᠠᠴᠠ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ︽ᠨᠢᠭᠡ ᠠᠵᠤ ᠠᠬᠤᠶᠢᠯᠠᠯ ᠨᠢᠭᠡ ᠣᠨᠴᠠᠯᠢᠭ᠂ ᠨᠢᠭᠡ ᠰᠠᠯᠠᠭ᠎ᠠ ᠬᠡᠯᠲᠡᠰ ᠨᠢᠭᠡ ᠨᠠᠷᠠᠲᠤ ᠲᠥᠷᠥᠯ ᠲᠡᠮᠳᠡᠭᠲᠦ︾ ᠶᠢ ᠪᠡᠶᠡᠯᠡᠭᠦᠯᠦᠨ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠦᠢᠯᠡᠳᠪᠦᠷᠢᠯᠡᠯ ᠡᠵᠡᠩᠨᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠤᠯᠤᠰ ᠲᠥᠷᠥ ᠶᠢᠨ ᠳᠠᠪᠠᠭᠤᠯᠢᠭ ᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ᠂ ᠥᠷᠢᠰᠦᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号