ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠰᠣ ᠨᠡᠮᠡᠬᠦ ᠥᠷᠲᠡᠭᠡ ᠶᠢᠨ ᠳᠠᠬᠢᠨ ᠪᠠᠶᠢᠴᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2023/6/15
      ᠣᠶᠢᠷ᠎ᠠ ᠳᠤ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠬᠠᠷᠢᠯᠴᠠᠨ ᠰᠣᠯᠪᠢᠴᠠᠨ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ ᠳᠠᠬᠢᠨ ᠪᠠᠶᠢᠴᠠᠭᠠᠯᠲᠠ ᠬᠢᠪᠡ᠃ ᠳᠠᠬᠢᠨ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠳ ᠬᠡᠮ ᠰᠣᠭᠤᠭ ᠤᠨ ᠠᠰᠠᠭᠤᠳᠠᠯ ᠤᠨ ᠨᠠᠷᠢᠨ ᠲᠠᠩᠰᠠ ᠲᠠᠢ ᠴᠢᠩᠭ᠎ᠠ ᠬᠠᠷᠢᠴᠠᠭᠤᠯᠤᠨ᠂ ᠠᠵᠢᠯ ᠤᠨ ᠡᠬᠡ ᠲᠠᠩᠰᠠ ᠶᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠬᠠᠶᠢᠨ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠵᠦᠢᠯ ᠳᠠᠷᠠᠭᠠᠯᠠᠨ ᠳᠠᠬᠢᠨ ᠪᠠᠶᠢᠴᠠᠭᠠᠵᠤ ᠰᠢᠯᠭᠠᠨ ᠠᠪᠤᠭᠰᠠᠨ ᠪᠠᠶᠢᠨ᠎ᠠ᠃ ᠳᠠᠬᠢᠨ ᠪᠠᠶᠢᠴᠠᠭᠠᠬᠤ ᠪᠠᠷ ᠳᠡᠮᠵᠢᠨ᠂ 8 ᠲᠣᠰᠣ ᠨᠡᠮᠡᠬᠦ ᠥᠷᠲᠡᠭᠡ ᠨᠢ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ 39 ᠵᠦᠢᠯ ᠤᠨ ᠠᠰᠠᠭᠤᠳᠠᠯ ᠤᠨ ᠳᠠᠯᠳᠠ ᠬᠡᠮ ᠢ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠭᠰᠠᠨ ᠪᠥᠭᠡᠳ ᠲᠤᠬᠠᠢ ᠶᠢᠨ ᠲᠠᠯᠠᠪᠤᠷ ᠲᠤ ᠴᠡᠭᠴᠡᠯᠡᠨ ᠥᠭᠡᠷᠡᠴᠢᠯᠡᠵᠦ ᠳᠠᠬᠢᠨ ᠪᠠᠶᠢᠴᠠᠭᠠᠭᠰᠠᠨ ᠰᠠᠨᠠᠯ ᠤᠨ ᠪᠢᠴᠢᠭ ᠪᠠᠭᠤᠯᠭᠠᠪᠠ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ︽ᠠᠶᠦᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠠᠵᠢᠯᠲᠠᠨ ᠠᠵᠢᠯᠴᠢᠨ ᠤ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠤᠯᠪᠠᠰᠤᠷᠠᠯ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠴᠢᠩᠭᠠᠷᠠᠭᠤᠯᠤᠨ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠴᠠ ᠬᠠᠷᠢᠶᠠᠲᠤ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠡᠵᠡᠩᠨᠡᠯᠲᠡ ᠶᠢᠨ ᠦᠢᠯᠡᠰ ᠤᠨ ᠳᠠᠯᠳᠠ ᠬᠡᠮ ᠢ ᠪᠠᠶᠢᠴᠠᠭᠠᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶᠠᠲᠤ ᠣᠷᠣᠨ ᠤ ᠲᠣᠰᠣ ᠨᠡᠮᠡᠬᠦ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号