ᠴᠢᠩᠱᠠᠨ ᠲᠣᠭᠤᠷᠢᠭ ᠤᠨ ᠬᠢᠨ 2022 ᠣᠨ ᠤ ᠰᠤᠳᠤᠯᠤᠨ ᠨᠡᠭᠡᠭᠡᠬᠦ ᠵᠠᠷᠤᠳᠠᠯ ᠢ ᠪᠦᠬᠦᠨ ᠢ ᠬᠠᠮᠤᠷᠤᠭᠰᠠᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/6/16
      ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠭᠰᠡᠨ ᠪᠠᠶᠢᠳᠠᠯ ᠢ ᠣᠶᠢᠯᠠᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠬᠦ ᠪᠠ ᠡᠮᠬᠢᠯᠡᠨ ᠳᠢᠭᠯᠡᠵᠦ᠂ ᠡᠬᠢ ᠡᠭᠦᠰᠦᠯ ᠤᠨ ᠰᠠᠭᠤᠷᠢ ᠲᠤᠭ᠎ᠠ ᠪᠠᠷᠢᠮᠲᠠ ᠶᠢ ᠪᠠᠳᠤᠳᠬᠠᠵᠦ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠵᠡᠷᠭᠡ ᠪᠠᠶᠢᠳᠠᠯ ᠢ ᠪᠦᠲᠦᠮᠵᠢᠲᠡᠶ ᠰᠡᠷᠭᠡᠶᠢᠯᠡᠬᠦ ᠶᠢᠨ ᠲᠦᠯᠦᠭᠡ᠂ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠤᠰᠬᠠᠢ ᠮᠡᠷᠭᠡᠵᠢᠯ ᠤᠨ ᠺᠠᠳ᠋ᠷᠴᠤᠳ ᠮᠠᠨ ᠤ ᠲᠤᠭᠤᠷᠢᠭ ᠤᠨ 2022 ᠣᠨ ᠤ ᠰᠤᠳᠤᠯᠤᠨ ᠨᠡᠭᠡᠭᠡᠬᠦ ᠵᠠᠷᠤᠳᠠᠯ ᠲᠠᠢ ᠠᠵᠤ ᠠᠬᠤᠶᠢᠯᠠᠯ ᠳᠤ ᠪᠦᠬᠦᠨ ᠢ ᠬᠠᠮᠤᠷᠤᠭᠰᠠᠨ ᠲᠤᠭ᠎ᠠ ᠪᠠᠷᠢᠮᠲᠠ ᠶᠢᠨ ᠬᠢᠨᠠᠨ ᠪᠠᠶᠢᠴᠠᠭᠠᠯᠲᠠ ᠬᠢᠵᠦ᠂ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃      ᠲᠤᠭ᠎ᠠ ᠪᠦᠷᠢᠳᠬᠡᠭᠴᠢ ᠯᠦᠭᠡ ᠪᠦᠲᠦᠮᠵᠢᠲᠡᠶ ᠨᠡᠪᠲᠡᠷᠡᠯᠴᠡᠬᠦ ᠪᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠲᠤᠨᠢ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠠᠷᠢᠨ ᠵᠦᠢᠯᠡᠰ ᠢ ᠪᠠᠶᠢᠴᠠᠭᠠᠨ ᠦᠵᠡᠵᠦ᠂ ᠰᠤᠳᠤᠯᠤᠨ ᠨᠡᠭᠡᠭᠡᠬᠦ ᠲᠥᠷᠥᠯ ᠵᠦᠢᠯ ᠤᠨ ᠰᠡᠳᠦᠪ ᠲᠣᠭᠲᠠᠭᠠᠬᠤ ᠪᠢᠴᠢᠭ᠂ ᠠᠵᠤ ᠠᠬᠤᠶᠢᠯᠠᠯ ᠤᠨ ᠡᠯᠧᠺᠲᠷᠣᠨ ᠡᠬᠡ ᠲᠠᠩᠰᠠ᠂ ᠰᠤᠳᠤᠯᠤᠨ ᠨᠡᠭᠡᠭᠡᠬᠦ ᠠᠵᠢᠯᠲᠠᠨ ᠤ ᠪᠦᠲᠦᠴᠡ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠠᠩᠬᠠᠨ ᠤ ᠮᠠᠲ᠋ᠧᠷᠢᠶᠠᠯ ᠢ ᠤᠷᠪᠠᠭᠤᠯᠤᠨ ᠦᠵᠡᠵᠦ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠪᠠ ᠪᠣᠳᠠᠲᠠᠢ ᠲᠤᠭ᠎ᠠ ᠪᠠᠷᠢᠮᠲᠠ ᠶᠢ ᠬᠠᠷᠭᠤᠭᠤᠯᠬᠤ ᠶᠢᠨ ᠬᠠᠮᠲᠤ᠂ ᠰᠢᠨ᠎ᠡ ᠪᠠᠷ ᠪᠠᠭᠤᠯᠭᠠᠭᠰᠠᠨ ᠰᠤᠳᠤᠯᠤᠨ ᠨᠡᠭᠡᠭᠡᠬᠦ ᠡᠬᠡ ᠲᠠᠩᠰᠠ ᠶᠢ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠨᠠᠷᠢᠨ  ᠲᠠᠶᠢᠯᠪᠦᠷᠢᠯᠠᠪᠠ᠃      ︽ᠬᠡᠪᠢᠰ ᠮᠠᠶ᠋ᠢᠭ︾ ᠤᠨ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠠᠯᠬᠤᠮ ᠤᠨ ᠰᠤᠳᠤᠯᠤᠨ ᠨᠡᠭᠡᠭᠡᠬᠦ ᠵᠠᠷᠤᠳᠠᠯ ᠤᠨ ᠲᠤᠭ᠎ᠠ ᠪᠠᠷᠢᠮᠲᠠ ᠶᠢ ᠪᠦᠷᠢᠳᠬᠡᠬᠦ ᠳᠤ ᠨᠠᠩ ᠣᠨᠣᠪᠴᠢᠲᠠᠶ ᠦᠨᠳᠦᠰᠦᠯᠡᠯ ᠬᠠᠩᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号