ᠲᠠᠩᠰᠠ ᠡᠪᠬᠡᠮᠡᠯ ᠤᠨ ᠠᠮᠤᠷ ᠲᠦᠪᠰᠢᠨ ᠪᠣᠯ ᠲᠠᠩᠰᠠ ᠡᠪᠬᠡᠮᠡᠯ ᠤᠨ ᠠᠵᠢᠯ ᠤᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠤᠨ᠎ᠠ᠂ ᠴᠢᠩᠱᠠᠨ ᠲᠣᠭᠤᠷᠢᠭ ᠤᠨ ᠲᠠᠩᠰᠠ ᠡᠪᠬᠡᠮᠡᠯ ᠤᠨ ᠣᠷᠳᠣᠨ ᠣᠶᠢᠷ᠎ᠠ ᠶᠢᠨ | ᠬᠤᠭᠤᠴᠠᠭᠠᠨ ᠳᠤ ᠲᠠᠩᠰᠠ ᠡᠪᠬᠡᠮᠡᠯ ᠢ ᠲᠤᠭᠠᠴᠢᠯᠠᠬᠤ ᠠᠵᠢᠯ ᠢ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ ᠳᠤ | ᠲᠤᠰᠬᠠᠢ ᠪᠠᠶᠢᠴᠠᠭᠠᠯᠲᠠ ᠬᠢᠵᠦ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠰᠡᠷᠭᠡᠶᠢᠯᠡᠬᠦ ᠪᠠᠷ ᠭᠤᠣᠯ ᠪᠣᠯᠭᠠᠬᠤ︾ | ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠤᠯᠠ ᠵᠠᠳᠠᠭᠠᠢ᠂ ᠭᠤᠷᠢᠳᠠᠬᠤ ᠰᠡᠳᠬᠢᠯᠭᠡ ᠶᠢ ᠡᠷᠡᠰ ᠰᠡᠷᠭᠡᠶᠢᠯᠡᠨ᠂ | ᠲᠠᠩᠰᠠ ᠡᠪᠬᠡᠮᠡᠯ ᠢ ᠥᠴᠥᠬᠡᠨ ᠴᠦ ᠠᠯᠳᠠᠯ ᠦᠭᠡᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠲᠣᠭᠤᠷᠢᠭ ᠤᠨ ᠲᠠᠩᠰᠠ ᠡᠪᠬᠡᠮᠡᠯ ᠤᠨ ᠣᠷᠳᠣᠨ ᠤ ᠳᠡᠳ᠋ ᠳᠠᠷᠤᠭ᠎ᠠ ᠪᠠᠶᠢᠴᠠᠭᠠᠯᠲᠠ ᠬᠢᠬᠦ ᠳᠡᠭᠡᠨ᠂ ᠲᠠᠩᠰᠠ | ᠡᠪᠬᠡᠮᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠨᠢ ᠤᠯᠤᠰ ᠤᠨ ᠠᠮᠤᠷ ᠲᠦᠪᠰᠢᠨ᠂ ᠵᠠᠰᠠᠭ ᠤᠨ ᠡᠷᠬᠡ ᠶᠢᠨ | ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠬᠦ ᠣᠨᠴᠠᠭᠠᠶ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠷ ᠲᠠᠩᠰᠠ ᠡᠪᠬᠡᠮᠡᠯ ᠤᠨ ᠠᠮᠤᠷ ᠲᠦᠪᠰᠢᠨ ᠤ | ᠠᠵᠢᠯ ᠢ ᠰᠠᠶᠢᠲᠤᠷ ᠬᠢᠨ᠎ᠡ᠃ ᠪᠦᠷᠢᠨ ᠲᠡᠭᠦᠯᠳᠡᠷ ᠨᠠᠶᠢᠳᠠᠪᠤᠷᠢᠲᠠᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠵᠢᠷᠤᠮᠵᠢᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠳᠠᠭᠰᠢ ᠳᠠᠭᠠᠭᠠᠴᠢᠯᠠᠭᠤᠯᠬᠤ | ᠠᠵᠢᠯᠲᠠᠨ ᠢ ᠴᠢᠩᠭ᠎ᠠ ᠬᠠᠮᠢᠶᠠᠷᠴᠤ᠂ ᠦᠢᠯᠡᠴᠢᠯᠡᠭᠡᠨ ᠤ ᠶᠠᠪᠤᠴᠠ ᠶᠢ ᠴᠢᠩᠭ᠎ᠠ ᠬᠢᠨᠠᠨ ᠬᠠᠮᠢᠶᠠᠷᠴᠤ᠂ ᠠᠵᠢᠯᠲᠠᠨ ᠤ | ᠰᠡᠷᠭᠡᠶᠢᠯᠡᠯᠲᠡ ᠶᠢᠨ ᠱᠤᠭᠤᠮ᠂ ᠳᠦᠷᠢᠮ ᠤᠨ ᠰᠡᠷᠭᠡᠶᠢᠯᠡᠯᠲᠡ ᠶᠢᠨ ᠱᠤᠭᠤᠮ᠂ ᠮᠡᠷᠭᠡᠵᠢᠯ ᠤᠨ ᠰᠡᠷᠭᠡᠶᠢᠯᠡᠯᠲᠡ ᠶᠢᠨ | ᠱᠤᠭᠤᠮ ᠵᠡᠷᠭᠡ ᠭᠤᠷᠪᠠᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ᠂ ᠲᠠᠩᠰᠠ ᠡᠪᠬᠡᠮᠡᠯ ᠢ ᠡᠪᠳᠡᠨ | ᠰᠦᠢᠳᠬᠡᠬᠦ ᠪᠠ ᠨᠢᠭᠤᠴᠠ ᠶᠢ ᠵᠠᠳᠠᠷᠠᠭᠤᠯᠬᠤ ᠠᠳᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ |