1—5 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠢᠳᠡᠭᠡᠨ ᠤᠮᠳᠠᠭᠠᠨ ᠤ ᠬᠡᠷᠡᠭᠯᠡᠭᠡ ᠶᠢᠨ ᠨᠡᠮᠡᠭᠳᠡᠯ ᠤᠨ ᠬᠠᠨᠳᠤᠰᠢ ᠢᠯᠡᠳᠲᠡ ᠴᠢᠩᠭᠠᠷᠠᠪᠠ
ᠨᠡᠶᠢᠲᠡᠯᠡᠭᠰᠡᠨ ᠴᠠᠭ᠄
2023/6/19
      ︽5 · 1︾  ᠤ ᠠᠮᠠᠷᠠᠯᠲᠠ ᠶᠢᠨ ᠬᠤᠭᠤᠴᠠᠭᠠᠨ ᠤ ᠠᠵᠤ ᠠᠬᠤᠢ ᠰᠥᠨᠢ ᠶᠢᠨ ᠠᠵᠤ ᠠᠬᠤᠢ ᠶᠢᠨ ᠳᠠᠪᠬᠤᠴᠠᠭᠰᠠᠨ ᠨᠥᠯᠥᠭᠡᠯᠡᠯ ᠳᠣᠣᠷ᠎ᠠ᠂ ᠴᠢᠩᠱᠠᠨ ᠲᠣᠭᠤᠷᠢᠭ ᠤᠨ ᠬᠤᠭᠤᠯᠠᠨ ᠭᠡᠷ ᠤᠨ ᠵᠠᠬᠢᠶᠠᠯᠠᠭ᠎ᠠ ᠳᠦᠭᠦᠷᠴᠦ᠂ ᠳᠠᠶᠢᠯᠠᠯᠭ᠎ᠠ ᠲᠠᠰᠤᠷᠠᠯᠳᠡ ᠦᠭᠡᠢ ᠶᠠᠪᠤᠭᠳᠠᠵᠤ᠂ 1—5 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠤᠨᠤᠭ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠵᠠᠷᠤᠳᠠᠯ ᠤᠨ ᠣᠷᠣᠯᠭ᠎ᠠ 12.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ ᠪᠠᠷ ᠳᠡᠭᠡᠭᠰᠢᠯᠡᠵᠡᠢ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠤᠭᠤᠯᠠᠨ ᠵᠠᠷᠤᠳᠠᠯ ᠤᠨ ᠣᠷᠣᠯᠭ᠎ᠠ ᠶᠢ 3.95 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.6% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠴᠠ 27.9 ᠵᠠᠭᠤᠨ ᠤ ᠨᠢᠭᠡᠴᠢ ᠥᠨᠳᠥᠷ ᠪᠣᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 3.7 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠬᠥᠮᠥᠰ ᠤᠨ ᠬᠦᠷᠢᠶᠡᠯᠡᠯ  ᠢ ᠲᠦᠷᠭᠡᠨ  ᠢᠶᠠᠷ ᠣᠯᠵᠤ᠂ 1—5 ᠳ᠋ᠤᠭᠠᠷ ᠰᠠᠷ᠎ᠠ ᠳᠤ ᠲᠣᠮᠣ ᠬᠤᠪᠢ ᠬᠥᠮᠥᠨ ᠤ ᠢᠳᠡᠭᠡᠨ ᠤᠮᠳᠠᠭᠠᠨ ᠤ ᠣᠷᠣᠯᠭ᠎ᠠ  ᠶᠢ 1.05 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 47.3% ᠪᠠᠷ ᠨᠡᠮᠡᠭᠳᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号