ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2023 ᠣᠨ ᠤ 3 ᠰᠠᠷ᠎ᠠ ᠶᠢᠨ 1᠎ ᠤ ᠡᠳᠦᠷ —3 ᠰᠠᠷ᠎ᠠ ᠶᠢᠨ 31᠎ ᠤ ᠡᠳᠦᠷ︶
ᠨᠡᠶᠢᠲᠡᠯᠡᠭᠰᠡᠨ ᠴᠠᠭ᠄
2023/6/2
      3 ᠰᠠᠷ᠎ᠠ ᠶᠢᠨ 7᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠎ ᠠᠴᠠ 2023 ᠣᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ᠂ 2023 ᠣᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ᠂ ᠴᠢᠩᠱᠠᠨ ᠲᠣᠭᠤᠷᠢᠭ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠵᠦ ᠰᠢᠯᠭᠠᠨ ᠠᠪᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃      3 ᠰᠠᠷ᠎ᠠ ᠶᠢᠨ 10᠎ ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾᠎ ᠶᠢᠨ ᠵᠦᠢᠯᠡᠰ ᠵᠢᠩᠬᠢᠨᠢ ᠪᠠᠷ ᠡᠬᠢᠯᠡᠪᠡ᠃ ᠲᠣᠰ ᠲᠥᠷᠥᠯ ᠵᠦᠢᠯ ᠳᠤ 100 ᠲᠦᠮᠡᠨ ᠲᠥᠭᠦᠷᠢᠭ ᠤᠨ ᠪᠡᠯᠡ ᠣᠷᠣᠭᠤᠯᠵᠤ᠂ 2023 ᠣᠨ ᠤ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠠᠷᠢᠶᠠᠯᠠᠭᠳᠠᠨ᠎ᠠ᠃ ︽ᠰᠡᠳᠬᠢᠯ ᠤᠨ ᠲᠥᠯᠥᠪᠯᠡᠭᠡ︾᠎ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ 4 ᠲᠥᠷᠥᠯ ᠵᠦᠢᠯ ᠢᠶᠠᠷ ᠪᠦᠷᠢᠯᠳᠦᠵᠦ᠂ ᠲᠣᠰ ᠲᠣᠰ ︽ᠰᠠᠨᠠᠭ᠎ᠠ ᠠᠮᠤᠷ ᠳᠠᠭᠠᠳᠬᠠᠯ︾᠂ ︽ᠰᠡᠳᠬᠢᠯ ᠢ ᠳᠤᠯᠠᠭᠠᠴᠠᠭᠤᠯᠵᠦ ᠠᠶᠠᠯᠠᠯ ᠢ ᠲᠤᠰᠠᠯᠠᠬᠤ︾᠂ ︽ᠬᠠᠶᠢᠷ᠎ᠠ ᠬᠠᠯᠠᠮᠵᠢ ᠶᠢᠨ ᠭᠤᠣᠯ ᠢᠳᠡᠭᠡᠨ︾ ᠪᠠ ︽ᠬᠠᠯᠠᠭᠤᠨ ᠰᠡᠳᠬᠢᠯ ᠤᠨ ᠬᠢᠴᠢᠶᠡᠯ ᠤᠨ ᠲᠠᠩᠬᠢᠮ︾᠎ ᠤᠨ ᠲᠥᠷᠥᠯ ᠵᠦᠢᠯ ᠪᠠᠶᠢᠵᠤ᠂ ᠠᠮᠤᠷ ᠲᠦᠪᠰᠢᠨ᠂ ᠠᠶᠠᠯᠠᠯ ᠢ ᠲᠤᠰᠠᠯᠠᠬᠤ᠂ ᠬᠤᠭᠤᠯᠠ ᠤᠮᠳᠠ ᠶᠢ ᠲᠤᠰᠠᠯᠠᠬᠤ᠂ ᠰᠡᠳᠬᠢᠯ ᠰᠠᠨᠠᠭ᠎ᠠ ᠶᠢ ᠲᠠᠶᠢᠳᠬᠤᠷᠠᠭᠤᠯᠬᠤ ᠵᠡᠷᠭᠡ ᠣᠯᠠᠨ ᠲᠠᠯ᠎ᠠ ᠪᠠᠷ ᠪᠥᠬᠦ ᠲᠤᠭᠤᠷᠢᠭ ᠤᠨ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠲᠤ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠷᠢᠯᠢᠭ ᠦᠢᠯᠡᠴᠢᠯᠡᠭᠡ ᠬᠠᠩᠭᠠᠨ᠎ᠠ᠃      3 ᠰᠠᠷ᠎ᠠ ᠶᠢᠨ 29᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 2023 ᠣᠨ ᠤ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠭᠤᠣᠯᠳᠠᠯᠭ᠎ᠠ᠂ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃      3 ᠰᠠᠷ᠎ᠠ ᠶᠢᠨ 29᠎ ᠤ ᠡᠳᠦᠷ᠂ ᠥᠪᠥᠷ ᠮᠣᠩᠭᠤᠯ ᠤᠨ ᠠᠶᠢᠰᠢᠮᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠴᠢᠩᠱᠠᠨ ᠲᠣᠭᠤᠷᠢᠭ ᠲᠤ ᠰᠠᠭᠤᠷᠢᠰᠢᠪᠠ᠃ ᠲᠥᠷᠥᠯ ᠵᠦᠢᠯ ᠢ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠠᠴᠠ ᠰᠣᠩᠭᠤᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 87.32 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠎ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠠᠶᠢᠰᠢᠮᠠ ᠰᠢᠨ᠎ᠡ ᠡᠨᠧᠷᠭᠢ ᠶᠢᠨ ᠲᠣᠨᠣᠭᠯᠠᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ᠂ ᠭᠤᠣᠯᠳᠠᠭᠤ ᠵᠢᠯ ᠳᠤ 200 ᠰᠠᠤᠷᠢ ᠪᠣᠯᠣᠳ ᠦᠢᠯᠡᠳᠬᠦᠨ ᠤ ᠪᠢᠲᠡᠭᠦᠮᠵᠢᠯᠡᠯᠳᠦ ᠬᠥᠷᠥᠭᠡᠯᠲᠡ ᠶᠢᠨ ᠲᠥᠬᠦᠭᠡᠷᠦᠮᠵᠢ᠂ 200 ᠰᠠᠤᠷᠢ ᠳᠠᠷᠤᠯᠲᠠᠲᠤ ᠰᠠᠪᠠ ᠪᠠ 700 ᠰᠠᠤᠷᠢ ᠲᠠᠪᠠᠭᠲᠤ ᠬᠤᠭᠤᠯᠠᠢ ᠶᠢᠨ ᠦᠢᠯᠡᠳᠪᠦᠷᠢᠯᠡᠯ ᠤᠨ ᠱᠤᠭᠤᠮ ᠤᠨ ᠦᠢᠯᠡᠳᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠥᠷᠥᠯ ᠵᠦᠢᠯ ᠢ ᠦᠢᠯᠡᠳᠪᠦᠷᠢᠯᠡᠭᠰᠡᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 3 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠡᠶᠡᠯᠡᠭᠦᠯᠵᠦ᠂ ᠵᠢᠯ ᠳᠤ 2000 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠲᠤᠰᠢᠶᠠᠵᠤ᠂ ᠪᠠᠷᠤᠭ 190 ᠠᠵᠢᠯ ᠤᠨ ᠪᠠᠶᠢᠷᠢ ᠬᠠᠩᠭᠠᠨ᠎ᠠ᠃      3 ᠰᠠᠷ᠎ᠠ ᠶᠢᠨ 31᠎ ᠤ ᠡᠳᠦᠷ᠂ ᠴᠢᠩᠱᠠᠨ ᠲᠣᠭᠤᠷᠢᠭ ᠤᠨ ᠬᠢᠨ 2023 ᠣᠨ ᠤ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠵᠠᠢ᠃ ᠲᠤᠰ ᠤᠳᠠᠭ᠎ᠠ ᠶᠢᠨ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠨᠢ ᠬᠤᠩ ᠶᠤᠸᠠᠨ ᠤ ᠳᠥᠷᠪᠡᠳᠦᠭᠡᠷ ᠬᠤᠭᠤᠴᠠᠭᠠᠨ ᠤ 40GW᠎ ᠶᠢᠨ ᠲᠠᠩ ᠲᠠᠯᠠᠰᠲᠤ ᠶᠢᠨ ᠲᠠᠲᠠᠮᠠᠯ ᠭᠤᠣᠯ ᠵᠢᠴᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠵᠢᠩ ᠤᠣ ᠶᠢᠨ 10GW᠎ ᠶᠢᠨ ᠲᠠᠩ ᠲᠠᠯᠠᠰᠲᠤ ᠶᠢᠨ ᠲᠠᠲᠠᠮᠠᠯ ᠪᠠ 10GW᠎ ᠶᠢᠨ ᠬᠡᠷᠴᠢᠮᠡᠯ ᠢᠯᠲᠠᠰᠤ ᠵᠡᠷᠭᠡ ᠲᠦᠷᠦᠯ ᠵᠦᠢᠯ 20 ᠪᠠᠶᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠤᠯᠠᠨ ᠠᠵᠤ ᠦᠢᠯᠡᠰ ᠤᠨ ᠬᠦᠷᠢᠶᠡᠨ ᠳᠤ ᠬᠤᠯᠪᠣᠭᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ 372 ᠳ᠋ᠦᠩᠰᠢᠭᠤᠷ ᠲᠥᠭᠦᠷᠢᠭ ᠲᠤ ᠬᠦᠷᠴᠡᠢ᠃      ᠲᠣᠰ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠪᠤᠭᠤᠲᠤ ᠬᠤᠲᠠ ᠶᠢᠨ ᠬᠤᠪᠢᠶᠠᠷᠢ ᠮᠡᠳᠡᠭᠦᠯᠦᠯᠲᠡ︾᠎ ᠶᠢ ᠨᠡᠶᠢᠲᠡᠯᠡᠵᠦ᠂ ᠴᠢᠩᠱᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠲᠣᠭᠤᠷᠢᠭ ᠤᠨ ᠰᠢᠷᠢᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠵᠠᠢ᠃      ᠲᠣᠰ ᠰᠠᠷ᠎ᠠ ᠳᠤ᠂ G110 ᠤᠯᠤᠰ ᠤᠨ ᠵᠠᠮ ᠤᠨ ᠵᠠᠩᠭᠢᠯᠠᠭ᠎ᠠ ᠶᠢᠨ ᠴᠡᠭ ᠤᠨ ᠲᠦᠷᠭᠡᠨ ᠥᠭᠡᠷᠡᠴᠢᠯᠡᠯᠲᠡ ᠶᠢᠨ ᠢᠨᠵᠧᠨᠧᠷᠢᠩ ᠤᠨ ᠱᠤᠭᠤᠮ ᠠᠯᠤᠰᠯᠠᠭᠰᠠᠨ 6 ᠭᠤᠣᠯ ᠬᠥᠭᠦᠷᠭᠡ ᠶᠢ ᠪᠥᠬᠦ ᠲᠠᠯ᠎ᠠ ᠪᠠᠷ ᠪᠠᠶᠢᠭᠤᠯᠬᠤ ᠱᠠᠲᠤᠨ ᠳᠤ ᠣᠷᠣᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号