3 ᠰᠠᠷ᠎ᠠ ᠶᠢᠨ 7 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 | ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ 2023 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ 2023 ᠣᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠲᠥᠷᠥᠯ ᠵᠦᠢᠯ ᠤᠨ | ᠪᠡᠯᠡ ᠮᠥᠩᠭᠦ ᠶᠢᠨ ᠲᠣᠬᠢᠷᠠᠭᠤᠯᠤᠯᠲᠠ᠂ 2023 ᠣᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ᠂ | ᠴᠢᠩᠱᠠᠨ ᠲᠣᠭᠤᠷᠢᠭ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠵᠦ ᠰᠢᠯᠭᠠᠨ ᠠᠪᠬᠤ | ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃ | 3 ᠰᠠᠷ᠎ᠠ ᠶᠢᠨ 10 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾ ᠶᠢᠨ ᠵᠦᠢᠯᠡᠰ ᠵᠢᠩᠬᠢᠨᠢ ᠪᠠᠷ | ᠡᠬᠢᠯᠡᠪᠡ᠃ ᠲᠣᠰ ᠲᠥᠷᠥᠯ ᠵᠦᠢᠯ ᠳᠤ 100 ᠲᠦᠮᠡᠨ ᠲᠥᠭᠦᠷᠢᠭ ᠤᠨ ᠪᠡᠯᠡ ᠣᠷᠣᠭᠤᠯᠵᠤ᠂ 2023 ᠣᠨ ᠤ | ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠳᠤ ᠬᠠᠷᠢᠶᠠᠯᠠᠭᠳᠠᠨ᠎ᠠ᠃ ︽ᠰᠡᠳᠬᠢᠯ ᠤᠨ ᠲᠥᠯᠥᠪᠯᠡᠭᠡ︾ ᠨᠢ ᠵᠠᠰᠠᠭ ᠤᠨ ᠣᠷᠳᠣᠨ ᠤ ᠦᠢᠯᠡᠴᠢᠯᠡᠭᠡ | ᠬᠤᠳᠠᠯᠳᠤᠨ ᠠᠪᠬᠤ 4 ᠲᠥᠷᠥᠯ ᠵᠦᠢᠯ ᠢᠶᠠᠷ ᠪᠦᠷᠢᠯᠳᠦᠵᠦ᠂ ᠲᠣᠰ ᠲᠣᠰ ︽ᠰᠠᠨᠠᠭ᠎ᠠ ᠠᠮᠤᠷ ᠳᠠᠭᠠᠳᠬᠠᠯ︾᠂ | ︽ᠰᠡᠳᠬᠢᠯ ᠢ ᠳᠤᠯᠠᠭᠠᠴᠠᠭᠤᠯᠵᠦ ᠠᠶᠠᠯᠠᠯ ᠢ ᠲᠤᠰᠠᠯᠠᠬᠤ︾᠂ ︽ᠬᠠᠶᠢᠷ᠎ᠠ ᠬᠠᠯᠠᠮᠵᠢ ᠶᠢᠨ ᠭᠤᠣᠯ ᠢᠳᠡᠭᠡᠨ︾ ᠪᠠ | ︽ᠬᠠᠯᠠᠭᠤᠨ ᠰᠡᠳᠬᠢᠯ ᠤᠨ ᠬᠢᠴᠢᠶᠡᠯ ᠤᠨ ᠲᠠᠩᠬᠢᠮ︾ ᠤᠨ ᠲᠥᠷᠥᠯ ᠵᠦᠢᠯ ᠪᠠᠶᠢᠵᠤ᠂ ᠠᠮᠤᠷ ᠲᠦᠪᠰᠢᠨ᠂ ᠠᠶᠠᠯᠠᠯ ᠢ | ᠲᠤᠰᠠᠯᠠᠬᠤ᠂ ᠬᠤᠭᠤᠯᠠ ᠤᠮᠳᠠ ᠶᠢ ᠲᠤᠰᠠᠯᠠᠬᠤ᠂ ᠰᠡᠳᠬᠢᠯ ᠰᠠᠨᠠᠭ᠎ᠠ ᠶᠢ ᠲᠠᠶᠢᠳᠬᠤᠷᠠᠭᠤᠯᠬᠤ ᠵᠡᠷᠭᠡ ᠣᠯᠠᠨ ᠲᠠᠯ᠎ᠠ ᠪᠠᠷ | ᠪᠥᠬᠦ ᠲᠤᠭᠤᠷᠢᠭ ᠤᠨ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠲᠤ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠷᠢᠯᠢᠭ ᠦᠢᠯᠡᠴᠢᠯᠡᠭᠡ ᠬᠠᠩᠭᠠᠨ᠎ᠠ᠃ | 3 ᠰᠠᠷ᠎ᠠ ᠶᠢᠨ 29 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 | ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ 2023 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ 2023 ᠣᠨ ᠤ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠭᠤᠣᠯᠳᠠᠯᠭ᠎ᠠ᠂ | ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ | 3 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠠᠶᠢᠰᠢᠮᠠ ᠶᠢᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠴᠢᠩᠱᠠᠨ ᠲᠣᠭᠤᠷᠢᠭ ᠲᠤ ᠰᠠᠭᠤᠷᠢᠰᠢᠪᠠ᠃ | ᠲᠥᠷᠥᠯ ᠵᠦᠢᠯ ᠢ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠠᠴᠠ | ᠰᠣᠩᠭᠤᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 87.32 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ | ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠠᠶᠢᠰᠢᠮᠠ ᠰᠢᠨ᠎ᠡ ᠡᠨᠧᠷᠭᠢ ᠶᠢᠨ | ᠲᠣᠨᠣᠭᠯᠠᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ᠂ ᠭᠤᠣᠯᠳᠠᠭᠤ ᠵᠢᠯ ᠳᠤ 200 ᠰᠠᠤᠷᠢ ᠪᠣᠯᠣᠳ | ᠦᠢᠯᠡᠳᠬᠦᠨ ᠤ ᠪᠢᠲᠡᠭᠦᠮᠵᠢᠯᠡᠯᠳᠦ ᠬᠥᠷᠥᠭᠡᠯᠲᠡ ᠶᠢᠨ ᠲᠥᠬᠦᠭᠡᠷᠦᠮᠵᠢ᠂ 200 ᠰᠠᠤᠷᠢ ᠳᠠᠷᠤᠯᠲᠠᠲᠤ ᠰᠠᠪᠠ ᠪᠠ 700 | ᠰᠠᠤᠷᠢ ᠲᠠᠪᠠᠭᠲᠤ ᠬᠤᠭᠤᠯᠠᠢ ᠶᠢᠨ ᠦᠢᠯᠡᠳᠪᠦᠷᠢᠯᠡᠯ ᠤᠨ ᠱᠤᠭᠤᠮ ᠤᠨ ᠦᠢᠯᠡᠳᠬᠦ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ᠲᠥᠷᠥᠯ ᠵᠦᠢᠯ ᠢ ᠦᠢᠯᠡᠳᠪᠦᠷᠢᠯᠡᠭᠰᠡᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 3 | ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠡᠶᠡᠯᠡᠭᠦᠯᠵᠦ᠂ ᠵᠢᠯ ᠳᠤ 2000 ᠲᠦᠮᠡᠨ ᠲᠥᠭᠦᠷᠢᠭ ᠠᠴᠠ | ᠳᠡᠭᠡᠭᠰᠢ ᠭᠠᠶᠢᠯᠢ ᠲᠤᠰᠢᠶᠠᠵᠤ᠂ ᠪᠠᠷᠤᠭ 190 ᠠᠵᠢᠯ ᠤᠨ ᠪᠠᠶᠢᠷᠢ ᠬᠠᠩᠭᠠᠨ᠎ᠠ᠃ | 3 ᠰᠠᠷ᠎ᠠ ᠶᠢᠨ 31 ᠤ ᠡᠳᠦᠷ᠂ ᠴᠢᠩᠱᠠᠨ ᠲᠣᠭᠤᠷᠢᠭ ᠤᠨ ᠬᠢᠨ 2023 ᠣᠨ ᠤ ᠴᠢᠬᠤᠯᠠ ᠶᠡᠭᠡ ᠲᠦᠷᠦᠯ | ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠵᠠᠢ᠃ ᠲᠤᠰ ᠤᠳᠠᠭ᠎ᠠ ᠶᠢᠨ | ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠨᠢ ᠬᠤᠩ ᠶᠤᠸᠠᠨ ᠤ ᠳᠥᠷᠪᠡᠳᠦᠭᠡᠷ ᠬᠤᠭᠤᠴᠠᠭᠠᠨ ᠤ 40GW ᠶᠢᠨ | ᠲᠠᠩ ᠲᠠᠯᠠᠰᠲᠤ ᠶᠢᠨ ᠲᠠᠲᠠᠮᠠᠯ ᠭᠤᠣᠯ ᠵᠢᠴᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ | ᠵᠢᠩ ᠤᠣ ᠶᠢᠨ 10GW ᠶᠢᠨ ᠲᠠᠩ ᠲᠠᠯᠠᠰᠲᠤ ᠶᠢᠨ ᠲᠠᠲᠠᠮᠠᠯ ᠪᠠ 10GW ᠶᠢᠨ ᠬᠡᠷᠴᠢᠮᠡᠯ ᠢᠯᠲᠠᠰᠤ ᠵᠡᠷᠭᠡ | ᠲᠦᠷᠦᠯ ᠵᠦᠢᠯ 20 ᠪᠠᠶᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ | ᠦᠢᠯᠡᠳᠬᠦ ᠵᠡᠷᠭᠡ ᠤᠯᠠᠨ ᠠᠵᠤ ᠦᠢᠯᠡᠰ ᠤᠨ ᠬᠦᠷᠢᠶᠡᠨ ᠳᠤ ᠬᠤᠯᠪᠣᠭᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ | 372 ᠳ᠋ᠦᠩᠰᠢᠭᠤᠷ ᠲᠥᠭᠦᠷᠢᠭ ᠲᠤ ᠬᠦᠷᠴᠡᠢ᠃ | ᠲᠣᠰ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠪᠤᠭᠤᠲᠤ ᠬᠤᠲᠠ ᠶᠢᠨ ᠬᠤᠪᠢᠶᠠᠷᠢ | ᠮᠡᠳᠡᠭᠦᠯᠦᠯᠲᠡ︾ ᠶᠢ ᠨᠡᠶᠢᠲᠡᠯᠡᠵᠦ᠂ ᠴᠢᠩᠱᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ | ᠲᠣᠭᠤᠷᠢᠭ ᠤᠨ ᠰᠢᠷᠢᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠢᠴᠡᠳᠬᠡᠯ ᠲᠤᠭ᠎ᠠ ᠶᠢᠨ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠣᠷᠣᠵᠠᠢ᠃ | ᠲᠣᠰ ᠰᠠᠷ᠎ᠠ ᠳᠤ᠂ G110 ᠤᠯᠤᠰ ᠤᠨ ᠵᠠᠮ ᠤᠨ ᠵᠠᠩᠭᠢᠯᠠᠭ᠎ᠠ ᠶᠢᠨ ᠴᠡᠭ ᠤᠨ ᠲᠦᠷᠭᠡᠨ | ᠥᠭᠡᠷᠡᠴᠢᠯᠡᠯᠲᠡ ᠶᠢᠨ ᠢᠨᠵᠧᠨᠧᠷᠢᠩ ᠤᠨ ᠱᠤᠭᠤᠮ ᠠᠯᠤᠰᠯᠠᠭᠰᠠᠨ 6 ᠭᠤᠣᠯ ᠬᠥᠭᠦᠷᠭᠡ ᠶᠢ ᠪᠥᠬᠦ ᠲᠠᠯ᠎ᠠ ᠪᠠᠷ | ᠪᠠᠶᠢᠭᠤᠯᠬᠤ ᠱᠠᠲᠤᠨ ᠳᠤ ᠣᠷᠣᠭᠤᠯᠪᠠ᠃ |