ᠲᠤᠰ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ | ᠣᠷᠣᠭᠤᠯᠤᠯᠲᠠ ᠨᠢ 3.04 ᠳ᠋ᠦᠩᠰᠢᠭᠤᠷ ᠲᠥᠭᠦᠷᠢᠭ ᠲᠤ ᠬᠦᠷᠴᠦ᠂ 50 ᠮᠦ ᠲᠠᠯᠠᠪᠠᠢ ᠲᠠᠢ᠂ ᠪᠠᠷᠢᠯᠭ᠎ᠠ ᠶᠢᠨ | ᠲᠠᠯᠠᠪᠠᠢ ᠨᠢ 2.69 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠯ ᠳᠤ 1000 ᠲᠣᠨ 3 — 6 | ᠢᠨᠴ ᠤᠨ ᠬᠠᠭᠠᠰ ᠳᠠᠮᠵᠢᠭᠤᠯᠤᠭᠴᠢ ᠶᠢᠨ ᠲᠡᠰ ᠤᠨ ᠲᠠᠩ ᠲᠠᠯᠠᠰᠲᠤ ᠴᠠᠬᠢᠭᠤᠷ ᠤᠨ ᠰᠠᠪᠠᠭ᠎ᠠ ᠦᠢᠯᠡᠳᠪᠦᠷᠢᠯᠡᠬᠦ ᠪᠠ | ᠵᠢᠯ ᠳᠤ 500 ᠲᠦᠮᠡᠨ ᠬᠡᠰᠡᠭ ᠴᠠᠬᠢᠭᠤᠷ ᠤᠨ ᠢᠯᠲᠠᠰᠤ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠨ᠎ᠡ᠃ | ᠲᠤᠰ ᠲᠦᠷᠦᠯ ᠵᠦᠢᠯ ᠢ ᠵᠧᠵᠢᠶᠠᠩ ᠶᠡᠭᠡ ᠰᠤᠷᠭᠠᠭᠤᠯᠢ ᠶᠢᠨ ᠴᠠᠬᠢᠭᠤᠷ ᠤᠨ ᠮᠠᠲ᠋ᠧᠷᠢᠶᠠᠯ ᠤᠨ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠪᠦᠬᠦ ᠪᠥᠮᠪᠥᠷᠴᠡᠭ ᠤᠨ ᠡᠮᠦᠨ᠎ᠡ ᠭᠤᠷᠪᠠᠨ ᠬᠠᠭᠠᠰ | ᠳᠠᠮᠵᠢᠭᠤᠯᠤᠭᠴᠢ ᠶᠢᠨ ᠲᠠᠯᠠᠰᠲᠤ ᠲᠣᠭᠤᠷᠢᠭ ᠦᠢᠯᠡᠳᠬᠦ ᠦᠢᠯᠡᠳᠪᠦᠷᠢ ᠶᠢᠨ ᠬᠥᠮᠥᠰ ᠢᠶᠠᠷ ᠭᠤᠣᠯᠯᠠᠭᠤᠯᠵᠤ᠂ | ᠲᠤᠰᠬᠠᠶᠢᠯᠠᠨ ᠬᠠᠭᠠᠰ ᠳᠠᠮᠵᠢᠭᠤᠯᠤᠭᠴᠢ ᠶᠢᠨ ᠲᠠᠰ ᠤᠨ ᠲᠠᠩ ᠲᠠᠯᠠᠰᠲᠤ ᠴᠠᠬᠢᠭᠤᠷ ᠤᠨ ᠰᠠᠪᠠᠭ᠎ᠠ ᠪᠠ ᠴᠠᠬᠢᠭᠤᠷ ᠤᠨ | ᠢᠯᠲᠠᠰᠤ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠠᠵᠢᠯ ᠢ ᠡᠷᠭᠢᠯᠡᠨ ᠬᠢᠵᠦ ᠪᠣᠶ᠂ ᠭᠤᠣᠯ | ᠪᠦᠲᠦᠭᠡᠭᠳᠡᠬᠦᠨ ᠨᠢ ᠬᠠᠭᠠᠰ ᠳᠠᠮᠵᠢᠭᠤᠯᠤᠭᠴᠢ ᠶᠢᠨ ᠲᠠᠰ ᠤᠨ ᠲᠠᠩ ᠲᠠᠯᠠᠰᠲᠤ ᠴᠠᠬᠢᠭᠤᠷ ᠤᠨ ᠰᠠᠪᠠᠭ᠎ᠠ ᠪᠠ | ᠴᠠᠬᠢᠭᠤᠷ ᠤᠨ ᠢᠯᠲᠠᠰᠤ ᠪᠠᠶᠢᠵᠤ᠂ ᠨᠤᠨᠳᠠᠭᠯᠠᠬᠤ᠂ ᠢᠳᠡᠭᠳᠡᠭᠦᠯᠬᠦ᠂ ᠭᠢᠯᠠᠶᠢᠯᠭᠠᠬᠤ ᠢᠯᠲᠠᠰᠤ ᠶᠢ ᠪᠣᠯᠪᠠᠰᠤᠷᠠᠭᠤᠯᠬᠤ ᠳᠤ | ᠬᠡᠷᠡᠭᠯᠡᠵᠦ ᠪᠣᠶ᠂ ᠣᠳᠣᠬᠠᠨ ᠳᠤ ᠦᠢᠯᠡᠳᠬᠦᠨ ᠨᠢ ᠭᠤᠣᠯᠳᠠᠭᠤ ᠳᠤᠮᠳᠠ ᠳᠡᠭᠡᠳᠦ ᠲᠠᠰ ᠤᠨ ᠰᠠᠯᠭᠠᠬᠤ | ᠲᠣᠨᠣᠭᠯᠠᠭᠠᠰᠤ ᠪᠠ ᠬᠤᠷᠠᠮᠠᠯ ᠴᠠᠬᠢᠯᠭᠠᠨ ᠬᠡᠯᠬᠢᠶᠡᠨ ᠤ ᠴᠠᠬᠢᠭᠤᠷ ᠤᠨ ᠢᠯᠲᠠᠰᠤ ᠶᠢᠨ ᠵᠠᠬ᠎ᠠ ᠳᠡᠯᠭᠡᠭᠦᠷ ᠲᠤ | ᠪᠠᠶᠢᠷᠢᠯᠠᠵᠦ᠂ ᠲᠤᠰᠬᠠᠢ ᠮᠡᠷᠭᠡᠵᠢᠯ ᠤᠨ ᠬᠠᠭᠠᠰ ᠳᠠᠮᠵᠢᠭᠤᠯᠤᠭᠴᠢ ᠶᠢᠨ ᠴᠠᠬᠢᠭᠤᠷ ᠤᠨ ᠮᠠᠲ᠋ᠧᠷᠢᠶᠠᠯ ᠤᠨ | ᠬᠠᠩᠭᠠᠯᠭ᠎ᠠ ᠶᠢᠨ ᠬᠤᠳᠠᠯᠳᠤᠭᠠᠴᠢᠨ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ | ᠦᠢᠯᠡᠳᠬᠦᠨ ᠤ ᠥᠷᠲᠡᠭ ᠨᠢ 60 ᠳ᠋ᠦᠩᠰᠢᠭᠤᠷ ᠲᠥᠭᠦᠷᠢᠭ ᠲᠤ ᠬᠦᠷᠴᠦ᠂ ᠭᠠᠶᠢᠯᠢ ᠲᠤᠰᠢᠶᠠᠭᠰᠠᠨ ᠤ ᠳᠠᠷᠠᠭᠠᠬᠢ | ᠴᠡᠪᠡᠷ ᠠᠰᠢᠭ ᠬᠤᠨᠵᠢᠪᠤᠷᠢ ᠶᠢ 1.36 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ | ᠣᠳᠣᠬᠠᠨ ᠳᠤ᠂ ᠲᠣᠰ ᠲᠥᠷᠥᠯ ᠵᠦᠢᠯ ᠳᠤ ᠶᠠᠭ 60 ᠰᠠᠤᠷᠢ ᠲᠠᠩ ᠲᠠᠯᠠᠰᠲᠤ ᠵᠤᠤᠬ᠎ᠠ ᠶᠢᠨ | ᠦᠢᠯᠡᠳᠪᠦᠷᠢᠯᠡᠯ ᠤᠨ ᠱᠤᠭᠤᠮ ᠵᠢᠴᠢ ᠲᠤᠰᠠᠯᠠᠬᠤ ᠲᠥᠬᠦᠭᠡᠷᠦᠮᠵᠢ ᠶᠢ ᠤᠭᠰᠠᠷᠠᠬᠤ ᠠᠵᠢᠯ ᠢ ᠬᠢᠵᠦ ᠪᠣᠶ᠂ ᠵᠠᠯᠭᠠᠭᠠᠳ | ᠲᠥᠯᠦᠪᠵᠢᠭᠦᠯᠭᠡ ᠶᠣᠰᠣᠭᠠᠷ ᠦᠷᠭᠦᠯᠵᠢᠯᠡᠨ 60 ᠰᠠᠤᠷᠢ ᠲᠠᠩ ᠲᠠᠯᠠᠰᠲᠤ ᠵᠤᠤᠬ᠎ᠠ ᠶᠢᠨ ᠦᠢᠯᠡᠳᠪᠦᠷᠢᠯᠡᠯ ᠤᠨ | ᠱᠤᠭᠤᠮ ᠵᠢᠴᠢ ᠬᠡᠷᠴᠢᠮᠡᠯ ᠤᠨ ᠦᠢᠯᠡᠳᠪᠦᠷᠢᠯᠡᠯ ᠤᠨ ᠱᠤᠭᠤᠮ ᠢ ᠥᠷᠭᠡᠳᠬᠡᠨ ᠪᠠᠶᠢᠭᠤᠯᠵᠤ᠂ ᠵᠢᠱᠢᠯᠲᠡ ᠪᠠᠷ 2024 | ᠣᠨ ᠤ 5 ᠰᠠᠷ᠎ᠠ ᠳᠤ ᠪᠠᠶᠢᠭᠤᠯᠵᠤ ᠳᠠᠭᠤᠰᠬᠠᠨ᠎ᠠ᠃ |