ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ︽ᠳᠥᠷᠪᠡ ᠶᠢ ᠴᠢᠩᠭᠠᠳᠬᠠᠵᠤ︾᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠢ ᠬᠥᠮᠥᠷᠭᠡ ᠳᠤ ᠣᠷᠣᠭᠤᠯᠵᠤ ᠪᠦᠷᠢᠳᠬᠡᠨ ᠳᠠᠩᠰᠠᠯᠠᠬᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/6/20
      2023 ᠣᠨ ᠠᠴᠠ ᠨᠠᠰᠢ᠂ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠪᠦᠷᠢᠳᠬᠡᠨ ᠳᠠᠩᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡ ᠶᠢ ᠴᠢᠩᠭᠠᠳᠬᠠᠬᠤ︾ ᠪᠠᠷ ᠭᠠᠷᠳᠠᠴᠠ ᠪᠣᠯᠭᠠᠵᠤ᠂ ᠤᠯᠠᠨ ᠠᠷᠭ᠎ᠠ ᠬᠡᠮᠵᠢᠶ᠎ᠡ ᠪᠠᠷ ᠲᠠᠯᠳᠠ ᠬᠦᠴᠦᠨ ᠢ ᠠᠭᠤᠳᠠᠯᠵᠤ᠂ ᠪᠦᠷᠢᠳᠬᠡᠨ ᠳᠠᠩᠰᠠᠯᠠᠬᠤ ᠶᠢᠨ ᠲᠣᠭᠤᠷᠢᠨ ᠳᠤ ᠶᠠᠰᠤ ᠴᠢᠨᠠᠷ ᠢ ᠠᠳᠬᠤᠵᠤ᠂ ᠲᠣᠭᠲᠠᠭᠠᠯ ᠳᠤ ᠬᠦᠷᠴᠦ ᠠᠵᠢᠯ ᠡᠬᠢᠯᠡᠭᠦᠯᠬᠦ ᠲᠦᠷᠦᠯ ᠵᠦᠢᠯ ᠢ ᠴᠠᠭ ᠲᠤᠬᠠᠢ ᠳᠤᠨᠢ ᠪᠦᠷᠢᠳᠬᠡᠨ ᠳᠠᠩᠰᠠᠯᠠᠬᠤ ᠶᠢ ᠪᠠᠲᠤᠯᠠᠵᠠᠢ᠃ 5ᠳ᠋ᠤᠭᠠᠷ ᠰᠠᠷ᠎ᠠ ᠪᠣᠯᠲᠠᠯ᠎ᠠ᠂ ᠴᠢᠩᠱᠠᠨ ᠲᠣᠭᠤᠷᠢᠭ ᠤᠨ ᠰᠢᠨ᠎ᠡ ᠪᠠᠷ ᠬᠥᠮᠥᠷᠭᠡ ᠳᠤ ᠣᠷᠣᠭᠤᠯᠬᠤ ᠪᠡᠯᠡ ᠣᠷᠣᠭᠤᠯᠤᠯᠲᠠ ᠶᠢᠨ ᠲᠥᠷᠥᠯ ᠵᠦᠢᠯ 19 ᠪᠠᠶᠢᠵᠤ᠂ ᠪᠡᠯᠡ ᠣᠷᠣᠭᠤᠯᠤᠯᠲᠠ ᠪᠠᠷ ᠪᠥᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 7.2 ᠵᠠᠭᠤᠨ ᠤ ᠨᠢᠭᠡᠴᠢ ᠳᠠᠶᠢᠴᠢᠯᠠᠬᠤ ᠶᠢ ᠪᠡᠶᠡᠯᠡᠭᠦᠯᠪᠡ᠃      ᠨᠢᠭᠡ ᠳᠤ ᠰᠤᠯᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠡᠶᠡᠯᠡᠭᠦᠯᠦᠨ᠎ᠡ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠪᠠ ᠮᠡᠳᠡᠭᠡ ᠵᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ  ᠠᠴᠠ ᠪᠠᠨ ᠵᠣᠯᠭᠠᠭᠤᠯᠵᠤ᠂ 2023 ᠣᠨ ᠤ ᠪᠥᠬᠦ ᠲᠤᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ᠂ ᠠᠵᠤ ᠦᠢᠯᠡᠳᠪᠦᠷᠢ ᠶᠢᠨ ᠲᠥᠷᠥᠯ ᠵᠦᠢᠯ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠢᠵᠢᠭ ᠲᠣᠭᠤᠷᠢᠭ ‍ᠤᠨ‌ᠥᠭᠡᠷᠡᠴᠢᠯᠡᠯᠲᠡ ᠶᠢᠨ ᠲᠥᠷᠥᠯ ᠵᠦᠢᠯ ᠵᠡᠷᠭᠡ ᠶᠢ ᠭᠤᠣᠯᠳᠠᠯᠭ᠎ᠠ ᠲᠠᠢ ᠡᠮᠬᠢᠯᠡᠨ ᠳᠢᠭᠯᠡᠵᠦ᠂ ᠰᠠᠷ᠎ᠠ ᠶᠢᠨ ᠬᠢᠨᠠᠨ ᠬᠡᠮᠵᠢᠬᠦ ᠲᠣᠭᠲᠠᠴᠠ ᠶᠢ ᠪᠣᠶ ᠪᠣᠯᠭᠠᠨ᠂ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠨᠠᠷᠢᠨ ᠲᠠᠩᠰᠠᠵᠢᠭᠤᠯᠤᠨ ᠠᠬᠢᠭᠤᠯᠬᠤ ᠶᠢ ᠪᠡᠶᠡᠯᠡᠭᠦᠯᠵᠦ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠶᠢ ᠴᠢᠬᠤᠯᠠᠴᠢᠯᠠᠬᠤ ᠦᠭᠡᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃      ᠬᠤᠶᠠᠷ ᠲᠤ ᠬᠠᠷᠢᠯᠴᠠᠭ᠎ᠠ ᠪᠠᠨ ᠴᠢᠩᠭᠠᠳᠬᠠᠵᠤ᠂ ᠬᠥᠳᠡᠯᠦᠩᠭᠦᠢ ᠪᠠᠷ ᠳᠠᠭᠠᠬᠤ ᠶᠢ ᠪᠡᠶᠡᠯᠡᠭᠦᠯᠦᠨ᠎ᠡ᠃ ᠨᠢᠭᠡᠨᠲᠡ ᠳᠠᠩᠰᠠᠯᠠᠭᠤᠯᠤᠭᠰᠠᠨ ᠪᠤᠶᠤ ᠲᠥᠷᠥᠯ ᠵᠦᠢᠯ ᠲᠣᠭᠲᠠᠭᠠᠭᠰᠠᠨ ᠲᠥᠷᠥᠯ ᠵᠦᠢᠯ ᠤᠨ ᠮᠠᠲ᠋ᠧᠷᠢᠶᠠᠯ ᠢ ᠤᠷᠢᠳᠴᠢᠯᠠᠨ ᠴᠤᠭᠯᠠᠭᠤᠯᠵᠤ᠂ ︽ᠳᠠᠷᠤᠶᠢᠬᠠᠨ ᠠᠵᠢᠯ ᠡᠬᠢᠯᠡᠭᠦᠯᠪᠡᠯ ᠳᠠᠷᠤᠶᠢᠬᠠᠨ ᠮᠡᠳᠡᠭᠦᠯᠬᠦ︾ ᠠᠵᠢᠯ ᠤᠨ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠬᠢᠴᠠ ᠵᠢᠴᠢ ᠬᠥᠮᠥᠷᠭᠡ ᠳᠤ ᠣᠷᠣᠭᠤᠯᠵᠤ ᠮᠡᠳᠡᠭᠦᠯᠬᠦ ᠮᠠᠲ᠋ᠧᠷᠢᠶᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠥᠷᠥᠯ ᠵᠦᠢᠯ ᠢ ᠬᠥᠮᠥᠷᠭᠡ ᠳᠤ ᠣᠷᠣᠭᠤᠯᠵᠤ ᠮᠡᠳᠡᠭᠦᠯᠬᠦ ᠶᠢ ᠴᠠᠭ ᠤᠨ ᠳᠠᠷᠠᠭᠠᠯᠠᠯ ᠢᠶᠠᠷ ᠯᠠᠪᠳᠠᠭᠤᠨ ᠪᠠᠲᠤᠲᠠᠢ ᠠᠬᠢᠭᠤᠯᠤᠨ᠎ᠠ᠃      ᠭᠤᠷᠪᠠ ᠳᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠬᠥᠮᠥᠷᠭᠡ ᠳᠤ ᠣᠷᠣᠬᠤ ᠶᠢ ᠨᠠᠷᠢᠯᠢᠭ ᠤᠨᠤᠪᠴᠢᠲᠠᠢ ᠶᠢ ᠪᠡᠶᠡᠯᠡᠭᠦᠯᠦᠨ᠎ᠡ᠃ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠢ ᠶᠢᠨ ᠭᠠᠵᠠᠷ ᠲᠤᠨᠢ ᠰᠣᠯᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠢ ᠵᠢᠯᠣᠭᠤᠳᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠡᠮᠬᠢᠳᠬᠡᠨ ᠴᠤᠭᠯᠠᠭᠤᠯᠵᠤ᠂ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠳᠥᠷᠪᠡ ᠳᠤ᠂ ᠵᠢᠯᠣᠭᠤᠳᠤᠯᠭ᠎ᠠ ᠪᠠᠨ ᠴᠢᠩᠭᠠᠳᠬᠠᠵᠤ᠂ ᠦᠢᠯᠡᠴᠢᠯᠡᠭᠡ ᠶᠢ ᠤᠷᠢᠳᠴᠢᠯᠠᠭᠤᠯᠤᠨ᠎ᠠ᠃ ᠰᠢᠨ᠎ᠡ ᠪᠠᠷ ᠬᠥᠮᠥᠷᠭᠡ ᠳᠤ ᠣᠷᠣᠭᠤᠯᠬᠤ ᠲᠥᠷᠥᠯ ᠵᠦᠢᠯ ᠳᠤ ᠲᠥᠪᠯᠡᠷᠡᠭᠦᠯᠦᠨ ᠪᠣᠯᠪᠠᠰᠤᠷᠠᠭᠤᠯᠤᠯ ᠬᠢᠵᠦ᠂ ᠮᠡᠳᠡᠭᠦᠯᠦᠨ ᠬᠦᠷᠭᠡᠬᠦ ᠠᠵᠢᠯᠯᠠᠭᠠᠨ ᠤ ᠴᠤᠪᠤᠷᠠᠯ᠂ ᠭᠡᠷᠡᠴᠢ ᠪᠠᠷᠢᠮᠲᠠ ᠬᠠᠩᠭᠠᠬᠤ ᠠᠷᠭ᠎ᠠ ᠮᠠᠶ᠋ᠢᠭ᠂ ᠭᠦᠢᠴᠡᠳᠬᠡᠯ ᠲᠤᠭ᠎ᠠ ᠶᠢ ᠲᠠᠭᠯᠠᠨ ᠮᠡᠳᠡᠭᠦᠯᠬᠦ ᠦᠨᠳᠦᠰᠦᠯᠡᠯ ᠵᠡᠷᠭᠡ ᠳᠤ ᠴᠢᠭᠯᠡᠭᠦᠯᠦᠨ ᠲᠠᠶᠢᠯᠤᠮᠵᠢ ᠬᠢᠵᠦ᠂ ᠲᠤᠭ᠎ᠠ ᠪᠦᠷᠢᠳᠬᠡᠯ ᠤᠨ ᠰᠠᠭᠤᠷᠢ ᠶᠢ ᠪᠠᠲᠤᠳᠬᠠᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ  ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号