ᠳᠤᠯᠠᠭᠠᠨ ᠤ ᠬᠡᠮᠵᠢᠶ᠎ᠡ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠭᠠᠳᠠᠭᠰᠢ ᠭᠠᠷᠴᠤ ᠵᠤᠭᠠᠴᠠᠨ ᠨᠠᠭᠠᠳᠬᠤ᠂ | ᠪᠠᠷᠠᠭ᠎ᠠ ᠬᠤᠳᠠᠯᠳᠤᠨ ᠠᠪᠬᠤ ᠰᠠᠭᠤᠭᠠᠯᠢ ᠠᠷᠠᠳ ᠤᠯᠠᠮ ᠢᠶᠠᠷ ᠣᠯᠠᠰᠢᠷᠠᠵᠤ᠂ ᠴᠢᠩᠱᠠᠨ ᠲᠣᠭᠤᠷᠢᠭ ᠤᠨ 5 ᠳ᠋ᠤᠭᠠᠷ | ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠡᠭᠡ ᠬᠡᠮᠵᠢᠶ᠎ᠡ ᠪᠠᠷ ᠨᠡᠮᠡᠭᠳᠡᠵᠦ᠂ | ᠬᠥᠭᠵᠢᠯᠲᠡ ᠶᠢᠨ ᠰᠠᠶᠢᠨ ᠪᠠᠶᠢᠳᠠᠯ ᠢᠶᠠᠨ ᠪᠠᠲᠤᠯᠠᠪᠠ᠃ 1— 5 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 109.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠨ᠂ ᠲᠦᠷᠦᠭᠦᠸ ᠰᠠᠷ᠎ᠠ ᠶᠢᠨ | ᠬᠢ ᠠᠴᠠ 0.5 ᠵᠠᠭᠤᠨ ᠤ ᠨᠢᠭᠡᠴᠢ ᠲᠦᠷᠭᠡᠳᠴᠦ᠂ ᠬᠤᠲᠠ ᠶᠢᠨ ᠲᠠᠪᠤᠨ ᠲᠣᠭᠤᠷᠢᠭ ᠲᠤ ᠨᠢᠭᠡᠳᠦᠭᠡᠷ ᠲᠤ ᠣᠷᠣᠪᠠ᠃ | ᠡᠭᠦᠨ ᠳᠤ 5 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠵᠦ᠂ ᠲᠦᠷᠦᠭᠦᠸ | ᠰᠠᠷ᠎ᠠ ᠶᠢᠨ ᠬᠢ ᠠᠴᠠ ᠪᠠᠨ 17.6% ᠨᠡᠮᠡᠭᠳᠡᠵᠡᠢ᠃ | ᠨᠢᠭᠡ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠮᠠᠰᠢᠨ ᠲᠡᠷᠭᠡᠨ ᠤ ᠲᠦᠷᠦᠯ ᠤᠨ ᠲᠠᠲᠠᠬᠤ ᠬᠦᠴᠦᠨ | ᠴᠢᠩᠭ᠎ᠠ | ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠭᠠᠷᠠᠭ ᠲᠤ᠂ ᠴᠢᠩᠱᠠᠨ ᠲᠣᠭᠤᠷᠢᠭ ᠤᠨ ᠬᠢᠨ ︽2023 | ᠰᠢᠨ᠎ᠡ ᠰᠡᠳᠬᠢᠬᠦᠢ ᠪᠤᠭᠤᠲᠤ ᠬᠤᠲᠠ ᠶᠢᠨ ᠠᠷᠪᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠦᠵᠡᠰᠬᠦᠯᠡᠩ︾ ᠢ | ᠡᠷᠭᠢᠯᠡᠵᠦ᠂ ᠴᠢᠩᠱᠠᠨ ᠲᠣᠭᠤᠷᠢᠭ ᠤᠨᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠮᠠᠰᠢᠨ ᠲᠡᠷᠭᠡᠨ ᠤ ᠲᠥᠷᠥᠯ ᠤᠨ | 1— 5 ᠳ᠋ᠤᠭᠠᠷ ᠰᠠᠷ᠎ᠠ ᠶᠢᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 15. | 1% ᠪᠠᠷ ᠨᠡᠮᠡᠭᠳᠡᠭᠦᠯᠬᠦ ᠪᠠᠷ ᠳᠠᠶᠢᠴᠢᠯᠠᠵᠤ᠂ ᠲᠦᠷᠦᠭᠦᠸ ᠰᠠᠷ᠎ᠠ ᠶᠢᠨ ᠬᠢ ᠠᠴᠠ 4.5 ᠵᠠᠭᠤᠨ ᠤ ᠨᠢᠭᠡᠴᠢ ᠲᠦᠷᠭᠡᠨ | ᠪᠤᠯᠵᠦ᠂ ᠡᠭᠦᠨ ᠳᠤ 5 ᠰᠠᠷ᠎ᠠ ᠶᠢᠨ ᠲᠣᠰ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠨ᠂ | ᠲᠦᠷᠦᠭᠦᠸ ᠰᠠᠷ᠎ᠠ ᠶᠢᠨ ᠬᠢ ᠠᠴᠠ 21.6% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠬᠢᠵᠠᠭᠠᠷᠯᠠᠬᠤ ᠲᠠᠯ᠎ᠠ ᠪᠠᠷ ᠬᠢ ᠲᠠᠲᠠᠬᠤ | ᠬᠦᠴᠦᠨ ᠢᠶᠠᠷ ᠬᠠᠮᠤᠭ ᠤᠨ ᠶᠡᠭᠡ ᠪᠣᠯᠵᠠᠢ᠃ | ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ | ᠲᠦᠷᠦᠯ ᠤᠨ ᠡᠵᠡᠯᠡᠬᠦ ᠬᠡᠮᠵᠢᠶ᠎ᠡ ᠨᠡᠯᠢᠶᠡᠳ ᠶᠡᠭᠡ ᠬᠠᠷᠢᠴᠠᠯ ᠢ ᠡᠵᠡᠯᠡᠪᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠪᠠᠶᠢᠩᠭᠤᠵᠢᠬᠤ ᠶᠢ ᠳᠠᠭᠠᠯᠳᠤᠨ᠂ ᠡᠨᠡ ᠵᠢᠯ | ᠬᠤᠪᠢ ᠶᠢᠨ ᠮᠠᠰᠢᠨ ᠲᠡᠷᠭᠡᠨ ᠤ ᠣᠶᠢᠷ᠎ᠠ ᠵᠠᠮ ᠤᠨ ᠠᠶᠠᠯᠠᠯ ᠪᠠ ᠭᠠᠷᠠᠭ ᠤᠨ ᠰᠡᠭᠦᠯᠴᠢ ᠶᠢᠨ ᠵᠢᠭᠤᠯᠴᠢᠯᠠᠯ | ᠨᠢᠳᠤᠨᠤᠨ ᠤ ᠬᠢ ᠠᠴᠠ ᠡᠳᠦᠢ ᠲᠡᠳᠦᠢ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠴᠢᠯᠠᠭᠤᠨ ᠲᠣᠰᠣ | ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠨᠡᠶᠢᠲᠡ ᠲᠤᠭ᠎ᠠ ᠨᠢ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠴᠠ ᠳᠠᠪᠠᠭᠰᠠᠨ ᠬᠤᠪᠢ ᠶᠢᠨ ᠵᠢᠩ ᠢᠶᠠᠷ ᠬᠠᠮᠤᠭ ᠤᠨ ᠶᠡᠭᠡ | ᠪᠠᠶᠢᠵᠤ᠂ 27.4% ᠳᠤ ᠬᠦᠷᠴᠡᠢ᠃ 1 — 5 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨᠬᠢᠵᠠᠭᠠᠷᠯᠠᠭᠰᠠᠨ | ᠲᠤᠭ᠎ᠠ ᠠᠴᠠ ᠳᠡᠭᠡᠭᠰᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 2.5 | ᠵᠠᠭᠤᠨ ᠤ ᠨᠢᠭᠡᠴᠢ ᠲᠦᠷᠭᠡᠨ ᠪᠤᠯᠵᠦ᠂ ᠡᠭᠦᠨ ᠳᠤ 5 ᠰᠠᠷ᠎ᠠ ᠶᠢᠨ ᠲᠣᠰ ᠰᠠᠷ᠎ᠠ ᠶᠢᠨ ᠠᠳᠠᠯᠢ ᠬᠤᠭᠤᠴᠠᠭᠠᠨ ᠤ | ᠬᠢ ᠠᠴᠠ 23.2% ᠢᠶᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 18.2 ᠵᠠᠭᠤᠨ ᠤ ᠨᠢᠭᠡᠴᠢ ᠲᠦᠷᠭᠡᠨ | ᠪᠣᠯᠪᠠ᠃ | ᠭᠤᠷᠪᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠢᠳᠡᠭᠡᠨ ᠤᠮᠳᠠᠭᠠᠨ ᠤ ᠵᠦᠢᠯ ᠤᠨ ᠥᠰᠦᠯᠲᠡ ᠶᠢᠨ | ᠬᠡᠮᠵᠢᠶ᠎ᠡ ᠰᠢᠨ᠎ᠡ ᠦᠨᠳᠦᠷᠴᠡ ᠶᠢ ᠳᠠᠬᠢᠨᠲᠠ ᠡᠭᠦᠳᠪᠡ | ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠭᠠᠳᠠᠭᠰᠢ ᠭᠠᠷᠴᠤ ᠬᠤᠭᠤᠯᠠ ᠢᠳᠡᠬᠦ᠂ ᠳᠠᠶᠢᠯᠠᠯᠭ᠎ᠠ | ᠡᠷᠭᠢᠯᠡᠬᠦ ᠪᠠᠶᠢᠳᠠᠯ ᠢᠯᠡᠳᠲᠡ ᠨᠡᠮᠡᠭᠳᠡᠵᠦ᠂ 1 — 5 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ | ᠳᠡᠭᠡᠭᠰᠢ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 38.6% ᠪᠠᠷ ᠨᠡᠮᠡᠭᠳᠡᠵᠦ᠂ | ᠲᠦᠷᠦᠭᠦᠸ ᠰᠠᠷ᠎ᠠ ᠶᠢᠨ ᠬᠢ ᠠᠴᠠ 6.0 ᠵᠠᠭᠤᠨ ᠤ ᠨᠢᠭᠡᠴᠢ ᠲᠦᠷᠭᠡᠳᠴᠡᠢ᠃ |