ᠥᠪᠥᠷ ᠮᠣᠩᠭᠤᠯ ᠤᠨ ᠱᠠᠨ ᠱᠠᠨ ᠺᠤᠮᠫᠠᠨᠢ ᠶᠢᠨ ᠵᠢᠯ ᠳᠤ 4 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠦᠢᠯᠡᠳᠪᠦᠷᠢᠯᠡᠬᠦ ᠪᠢᠯᠢᠭ ᠲᠤᠶᠢᠯ ᠤᠨ ᠰᠢᠨ᠎ᠡ ᠡᠨᠧᠷᠭᠢ ᠶᠢᠨ ᠮᠠᠲ᠋ᠧᠷᠢᠶᠠᠯ ᠪᠣᠯᠪᠠᠰᠤᠷᠠᠭᠤᠯᠬᠤ ᠲᠥᠷᠥᠯ ᠵᠦᠢᠯ ᠤᠨ ᠠᠬᠢᠴᠠ
ᠨᠡᠶᠢᠲᠡᠯᠡᠭᠰᠡᠨ ᠴᠠᠭ᠄
2023/6/21
      ᠥᠪᠥᠷ ᠮᠣᠩᠭᠤᠯ ᠤᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 4 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠦᠢᠯᠡᠳᠪᠦᠷᠢᠯᠡᠬᠦ ᠪᠢᠯᠢᠭ ᠲᠤᠶᠢᠯ ᠤᠨ ᠰᠢᠨ᠎ᠡ ᠡᠨᠧᠷᠭᠢ ᠶᠢᠨ ᠮᠠᠲ᠋ᠧᠷᠢᠶᠠᠯ ᠪᠣᠯᠪᠠᠰᠤᠷᠠᠭᠤᠯᠬᠤ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.3 ᠳ᠋ᠦᠩᠰᠢᠭᠤᠷ ᠲᠥᠭᠦᠷᠢᠭ ᠪᠠᠶᠢᠵᠤ᠂ 13300 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠨᠢ 10918 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠪᠤᠯᠤᠳᠠᠨ ᠲᠡᠭᠡᠷᠮᠡᠳᠡᠬᠦ ᠪᠠ ᠡᠷᠭᠢᠯᠳᠦᠭᠡ ᠤᠭᠤᠷᠬᠠᠶ ᠶᠢᠨ ᠬᠤᠶᠠᠷ ᠭᠠᠷᠤᠯᠲᠠ ᠶᠢᠨ ᠱᠤᠭᠤᠮ ᠢ ᠰᠢᠨ᠎ᠡ ᠪᠠᠷ ᠪᠠᠶᠢᠭᠤᠯᠵᠤ᠂ ᠵᠢᠴᠢ ᠡᠷᠡᠦ ᠶᠢᠨ ᠮᠠᠶ᠋ᠢᠭ ᠤᠨ ᠬᠡᠮᠬᠡᠯᠬᠦ ᠮᠠᠰᠢᠨ᠂ ᠬᠠᠲᠠᠭᠠᠬᠤ ᠲᠥᠬᠦᠭᠡᠷᠦᠮᠵᠢ᠂ ᠮᠠᠰᠢᠨ ᠢᠶᠠᠷ ᠲᠡᠭᠡᠷᠮᠡᠳᠡᠬᠦ ᠮᠠᠰᠢᠨ᠂ ᠲᠠᠰ ᠬᠤᠪᠢᠶᠠᠬᠤ ᠮᠠᠰᠢᠨ ᠵᠡᠷᠭᠡ ᠲᠥᠬᠦᠭᠡᠷᠦᠮᠵᠢ ᠶᠢ ᠦᠢᠯᠡᠳᠪᠦᠷᠢᠯᠡᠨ ᠪᠣᠯᠪᠠᠰᠤᠷᠠᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ 4 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠢ ᠬᠡᠮᠬᠡᠯᠦᠨ ᠰᠢᠢᠳᠪᠦᠷᠢᠯᠡᠬᠦ ᠴᠢᠳᠠᠪᠤᠷᠢ ᠳᠤ ᠬᠦᠷᠴᠦ᠂ ᠪᠥᠬᠦ ᠦᠢᠯᠡᠳᠪᠦᠷᠢᠯᠡᠯ ᠳᠤ ᠣᠷᠣᠪᠠᠯ ᠵᠢᠯ ᠳᠤ 5000 ᠲᠦᠮᠡᠨ ᠲᠥᠭᠦᠷᠢᠭ ᠤᠨ ᠬᠡᠪᠴᠢᠶᠡᠲᠦ ᠦᠢᠯᠡᠳᠬᠦᠨ ᠤ ᠥᠷᠲᠡᠭ ᠢ ᠪᠣᠶ ᠪᠣᠯᠭᠠᠵᠤ᠂ ᠵᠢᠯ ᠳᠤ 750 ᠲᠦᠮᠡᠨ ᠲᠥᠭᠦᠷᠢᠭ ᠤᠨ ᠭᠠᠶᠢᠯᠢ ᠲᠠᠲᠠᠪᠤᠷᠢᠯᠠᠵᠤ᠂ 100 ᠎ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃      ᠲᠣᠰ ᠲᠥᠷᠥᠯ ᠵᠦᠢᠯ ᠢ 2023 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠣᠳᠣᠬᠠᠨ ᠳᠤ᠂ ᠬᠡᠮᠬᠡᠯᠬᠦ ᠦᠢᠯᠡᠳᠪᠦᠷᠢ ᠶᠢᠨ ᠲᠠᠰᠤᠭ ᠤᠨ ᠰᠠᠭᠤᠷᠢ ᠶᠢᠨ 80%᠎ ᠶᠢ ᠨᠢᠭᠡᠨᠲᠡ ᠪᠡᠶᠡᠯᠡᠭᠦᠯᠵᠦ᠂ ᠬᠡᠰᠡᠭ ᠢ ᠨᠢ ᠡᠭᠡᠭᠦᠯᠦᠨ ᠲᠠᠭᠯᠠᠵᠤ ᠡᠬᠢᠯᠡᠪᠡ︔ ᠲᠥᠬᠦᠭᠡᠷᠦᠮᠵᠢ ᠶᠢᠨ ᠰᠠᠭᠤᠷᠢ ᠶᠢᠨ 30%᠎ ᠶᠢ ᠨᠢᠭᠡᠨᠲᠡ ᠪᠡᠶᠡᠯᠡᠭᠦᠯᠪᠡ︔ ᠴᠢᠳᠠᠮᠵᠢᠲᠤ ᠭᠡᠷ ᠪᠠᠶᠢᠰᠢᠩ ᠤᠨ ᠪᠣᠯᠣᠳ ᠪᠦᠲᠦᠴᠡ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠬᠡᠮᠬᠡᠯᠬᠦ ᠲᠠᠰᠤᠭ ᠤᠨ ᠪᠣᠯᠣᠳ ᠪᠦᠲᠦᠴᠡ ᠶᠢ ᠵᠢᠱᠢᠯᠲᠡ ᠪᠠᠷ 6 ᠰᠠᠷ᠎ᠠ ᠶᠢᠨ 25᠎ ᠤ ᠡᠳᠦᠷ ᠲᠠᠯᠠᠪᠠᠶ ᠳᠤ ᠣᠷᠣᠭᠤᠯᠵᠤ ᠤᠭᠰᠠᠷᠠᠬᠤ ᠪᠣᠯᠣᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号