1 —5 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠲᠣᠭᠲᠠᠭᠤᠨ ᠢᠶᠠᠷ ᠤᠷᠤᠭᠰᠢᠯᠠᠪᠠ
ᠨᠡᠶᠢᠲᠡᠯᠡᠭᠰᠡᠨ ᠴᠠᠭ᠄
2023/6/21
      ᠡᠨᠡ ᠵᠢᠯ ᠠᠴᠠ ᠨᠠᠰᠢ᠂ ᠪᠦᠬᠦ ᠲᠤᠭᠤᠷᠢᠭ ᠢᠶᠠᠷ ᠢᠶᠠᠨ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠪᠠᠨ ᠬᠦᠭᠵᠢᠭᠦᠯᠵᠦ᠂ ᠨᠡᠮᠡᠭᠳᠡᠯ ᠢ ᠠᠬᠢᠭᠤᠯᠵᠤ᠂ ᠬᠥᠭᠵᠢᠯᠲᠡ ᠶᠢ ᠠᠳᠬᠤᠵᠤ᠂ ᠪᠦᠬᠦ ᠲᠤᠭᠤᠷᠢᠭ ᠤᠨ ᠠᠵᠤ ᠠᠬᠤᠢ ᠲᠣᠭᠲᠠᠭᠤᠨ ᠢᠶᠠᠷ ᠤᠷᠤᠭᠰᠢᠯᠠᠪᠠ᠃ 1 —5 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠨᠢᠭᠡᠳᠦᠭᠡᠷ ᠤᠯᠠᠷᠢᠯ ᠪᠠ 1 —4  ᠳ᠋ᠤᠭᠡᠷ ᠰᠠᠷ᠎ᠠ ᠶᠢᠨ ᠬᠢ ᠠᠴᠠ ᠲᠣᠰ ᠲᠣᠰ 1.2᠂ 0.7 ᠵᠠᠭᠤᠨ ᠤ ᠨᠢᠭᠡᠴᠢ ᠲᠦᠷᠭᠡᠨ ᠪᠣᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠠᠶᠢᠵᠢᠷᠠᠪᠠ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ 22.3% ᠨᠡᠮᠡᠭᠳᠡᠵᠦ᠂ ᠪᠥᠬᠦ ᠲᠤᠭᠤᠷᠢᠭ ᠤᠨ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ  ᠠᠴᠠ 28.2 ᠵᠠᠭᠤᠨ ᠤ ᠨᠢᠭᠡᠴᠢ ᠲᠦᠷᠭᠡᠨ ᠪᠣᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠵᠦ᠂ ᠲᠣᠭᠲᠠᠭᠤᠨ ᠢᠶᠠᠷ ᠠᠵᠢᠯᠯᠠᠬᠤ ᠬᠠᠨᠳᠤᠰᠢ ᠲᠠᠢ ᠪᠣᠯᠪᠠ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠪᠠ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠣᠰ ᠲᠣᠰ 40.6% ᠪᠠ 122.9% ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ ᠨᠡᠶᠢᠲᠡ 49.5 ᠵᠠᠭᠤᠨ ᠤ ᠨᠢᠭᠡᠴᠢ ᠳᠠᠶᠢᠴᠢᠯᠠᠵᠤ᠂ ᠲᠤᠯᠭᠠᠭᠤᠷᠢᠯᠠᠬᠤ ᠦᠢᠯᠡᠳᠦᠯ ᠢᠯᠡᠷᠬᠡᠢ ᠪᠣᠯᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ  ᠬᠢ ᠠᠴᠠ 8.8% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠲᠦᠷᠭᠡᠳᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 10.7% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 2.9 ᠵᠠᠭᠤᠨ ᠤ ᠨᠢᠭᠡᠴᠢ ᠲᠦᠷᠭᠡᠨ ᠪᠣᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠢᠯᠡᠷᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号