ᠥᠭᠡᠷᠡᠴᠢᠯᠡᠬᠦ ᠶᠢᠨ ᠲᠥᠯᠥᠭᠡ 2800 ᠲᠡᠭᠰᠢ ᠳᠥᠷᠪᠡᠯᠵᠢᠨ ᠮᠧᠲᠷ ᠨᠤᠷᠠᠭᠠᠪᠠ
ᠨᠡᠶᠢᠲᠡᠯᠡᠭᠰᠡᠨ ᠴᠠᠭ᠄
2023/6/25
      ᠡᠨᠡ ᠵᠢᠯ ᠴᠢᠩᠱᠠᠨ ᠲᠣᠭᠤᠷᠢᠭ ᠤᠨ  ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠢ ᠠᠯᠬᠤᠮ ᠠᠯᠬᠤᠮ ᠢᠶᠠᠷ ᠠᠬᠢᠭᠤᠯᠬᠤ ᠶᠢ ᠳᠠᠭᠠᠯᠳᠤᠨ᠂ ᠮᠠᠰᠢ ᠤᠯᠠᠨ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠰᠢᠨ᠎ᠡ ᠳᠦᠷᠰᠦ ᠪᠠᠶᠢᠳᠠᠯ ᠲᠠᠢ ᠪᠣᠯᠪᠠ᠃ 6 ᠰᠠᠷ᠎ᠠ ᠶᠢᠨ 21᠎ ᠤ ᠡᠳᠦᠷ ᠰᠢᠨᠵᠢᠯᠡᠬᠦ ᠤᠬᠠᠭᠠᠨ ᠤ ᠵᠠᠮ ᠤᠨ ᠬᠡᠷᠡᠭ ᠡᠷᠬᠢᠯᠡᠬᠦ ᠭᠠᠵᠠᠷ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠵᠤᠯ ᠵᠢᠷᠭᠠᠯᠲᠦ ᠵᠠᠮ ᠤᠨ 10 ᠳ᠋ᠤᠭᠠᠷ ᠵᠡᠭᠡᠯᠢ ᠭᠤᠳᠤᠮᠵᠢ ᠶᠢᠨ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠬᠦᠷᠢᠶᠡᠨ ᠤ ᠵᠢᠵᠢᠭ ᠰᠡᠷᠢᠭᠦᠨ ᠭᠡᠷ ᠢ ᠨᠤᠷᠠᠭᠠᠵᠤ᠂ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠳᠤ ᠵᠠᠮ ᠲᠠᠯᠪᠢᠵᠤ ᠥᠭᠴᠡᠢ᠃      ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠡᠮᠦᠨ᠎ᠡ ᠲᠠᠯ᠎ᠠ ᠳᠤ᠂ ᠬᠦᠷᠢᠶ᠎ᠡ ᠬᠡᠷᠡᠮ ᠠᠴᠠ ᠬᠤᠶᠢᠰᠢ 20 ᠮᠧᠲᠷ ᠥᠷᠭᠡᠨ ᠵᠠᠢ ᠳᠤ᠂ 80 ᠲᠠᠰᠤᠯᠭ᠎ᠠ ᠰᠡᠷᠢᠭᠦᠨ ᠭᠡᠷ 1200 ᠲᠡᠭᠰᠢ ᠳᠥᠷᠪᠡᠯᠵᠢᠨ ᠮᠧᠲᠷ ᠢ ᠡᠵᠡᠯᠡᠵᠦ᠂ ᠳᠤᠷ᠎ᠠ ᠪᠠᠷ ᠢᠶᠠᠨ ᠪᠠᠷᠢᠭᠰᠠᠨ ᠪᠠ ᠰᠡᠷᠢᠭᠦᠨ ᠭᠡᠷ ᠶᠡᠭᠡ ᠣᠷᠣᠨ ᠵᠠᠢ ᠶᠢ ᠡᠵᠡᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠲᠦᠷᠭᠡᠨ ᠥᠭᠡᠷᠡᠴᠢᠯᠡᠬᠦ ᠴᠢᠬᠤᠯᠠᠲᠠᠢ ᠪᠠᠶᠢᠨ᠎ᠠ᠃      ᠲᠣᠰ ᠤᠳᠠᠭ᠎ᠠ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠡᠯ᠎ᠡ ᠭᠠᠵᠠᠷ ᠲᠤ ᠲᠠᠷᠬᠠᠵᠤ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠲᠠᠯᠠᠪᠠᠶ ᠶᠢ ᠡᠵᠡᠯᠡᠭᠰᠡᠨ ᠪᠠᠷᠢᠯᠭ᠎ᠠ ᠶᠢ ᠨᠤᠷᠭᠠᠵᠠᠢ᠃      ᠨᠤᠷᠠᠭᠠᠭᠰᠠᠨ ᠤ ᠳᠠᠷᠠᠭ᠎ᠠ ᠵᠠᠮ ᠤᠨ ᠭᠠᠳᠠᠷᠭᠤ ᠶᠢ ᠬᠠᠲᠠᠭᠤᠷᠠᠭᠤᠯᠵᠤ᠂ ᠠᠰᠠᠷ  ᠤᠨ ᠤᠰᠤ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ᠂ ᠭᠠᠳᠠᠷ ᠡᠯᠭᠦᠮᠡᠯ ᠴᠠᠬᠢᠯᠭᠠᠨ ᠤᠲᠠᠰᠤ ᠶᠢ ᠴᠡᠪᠡᠷᠯᠡᠬᠦ᠂ ᠰᠡᠯᠡᠭᠦᠴᠡᠯ ᠤᠨ ᠰᠠᠨᠳᠠᠯᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠠᠷᠠᠳ ᠲᠤ ᠠᠰᠢᠭᠲᠠᠢ ᠲᠥᠬᠦᠭᠡᠷᠦᠮᠵᠢ ᠶᠢ ᠪᠠᠶᠢᠷᠢᠯᠠᠭᠤᠯᠬᠤ᠂ ᠰᠣᠶᠣᠯ ᠤᠨ ᠠᠵᠢᠯᠯᠠᠭᠠᠨ ᠤ ᠥᠷᠥᠭᠡ ᠪᠠᠶᠢᠭᠤᠯᠬᠤ᠂ ᠵᠢᠵᠢᠭ ᠲᠣᠭᠤᠷᠢᠭ ᠤᠨ ᠣᠲᠣ ᠶᠢᠨ ᠪᠠᠶᠢᠭ᠎ᠠ ᠣᠷᠣᠨ ᠵᠠᠢ ᠶᠢ ᠵᠣᠬᠢᠰᠲᠠᠢ ᠠᠰᠢᠭᠯᠠᠨ᠂ ᠲᠡᠷᠭᠡ ᠵᠣᠭᠰᠣᠬᠤ ᠪᠠᠶᠢᠷᠢ ᠶᠢ ᠵᠢᠷᠤᠨ᠎ᠠ᠃ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠬᠦ ᠪᠠ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号