ᠭᠡᠯᠡᠨ ᠤ ᠲᠥᠷᠢᠮᠵᠢᠯ ᠤᠨ ᠣᠬᠠᠮᠰᠠᠷ ᠢ ᠪᠣᠢ ᠪᠣᠯᠭᠠᠵᠣ᠂ ᠥᠨᠳᠥᠰᠥᠳᠡᠨ ᠤ ᠰᠣᠶᠣᠯ ᠤᠨ ᠭᠡᠪ ᠴᠢᠨᠡᠷ ᠢ ᠲᠡᠭᠡᠭᠰᠢᠯᠡᠭᠦᠯᠥᠨ᠎ᠡ
ᠨᠡᠶᠢᠲᠡᠯᠡᠭᠰᠡᠨ ᠴᠠᠭ᠄
2023/6/25
      ᠣᠯᠣᠰ ᠤᠨ ᠨᠡᠶᠢᠳᠡᠮ ᠭᠡᠷᠡᠭᠯᠡᠬᠦ ᠥᠬᠡ ᠬᠡᠯᠡ ᠥᠰᠥᠭ ᠪᠢᠴᠢᠭ ᠢ ᠰᠠᠶᠢᠳᠣᠷ ᠬᠡᠷᠡᠭᠯᠡᠬᠦ ᠪᠣᠯ ᠥᠨᠳᠥᠰᠥᠨ ᠬᠠᠣᠯᠢ ᠳᠤ ᠲᠣᠭᠳᠠᠭᠠᠭᠰᠠᠨ ᠠᠷᠠᠳ ᠢᠷᠭᠡᠳ ᠤᠨ ᠬᠠᠷᠢᠭᠤᠴᠠᠯᠭ᠎ᠠ ᠮᠥᠨ᠂ ᠣᠯᠣᠰ ᠤᠨ ᠨᠡᠶᠢᠳᠡᠮ ᠬᠡᠷᠡᠭᠯᠡᠬᠦ ᠥᠭᠡ ᠬᠡᠯᠡ ᠥᠰᠥᠭ ᠪᠢᠴᠢᠭ ᠢ ᠰᠠᠶᠢᠳᠣᠷ ᠲᠡᠯᠭᠡᠷᠡᠭᠦᠯᠥᠨ ᠰᠠᠶᠢᠳᠣᠷ ᠲᠡᠬᠡᠮᠡᠯᠵᠢᠬᠦᠯᠬᠦ ᠪᠣᠯ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠠᠰᠠᠷ ᠢ ᠪᠠᠳᠣᠳᠬᠠᠬᠤ ᠴᠢᠬᠤᠯᠨ ᠠᠷᠭ᠎ᠠ ᠵᠠᠮ ᠮᠥᠨ᠃ ᠣᠶᠢᠷ᠎ᠡ  ᠳᠤ᠂ ᠪᠣᠭᠤᠳᠣ ᠬᠤᠳᠠ ᠶᠢᠨ ᠰᠣᠷᠭᠠᠨ ᠬᠥᠮᠥᠵᠢᠯ ᠤᠨ ᠲᠣᠪᠴᠢᠶᠠᠨ ᠠᠴᠠ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠨᠡᠶᠢᠳᠡᠮ ᠬᠡᠷᠡᠭᠯᠡᠬᠦ ᠥᠬᠡ ᠬᠡᠯᠡ ᠥᠰᠥᠭ ᠪᠢᠴᠢᠭ ᠤᠨ ᠬᠠᠣᠯᠢ﹀ ᠶᠢ ᠬᠡᠷᠡᠭᠵᠢᠬᠦᠯᠬᠦ ᠠᠷᠭ᠎ᠠ︾ ᠶᠢᠨ ᠲᠣᠰᠬᠠᠢ ᠰᠡᠳᠣᠪᠳᠣ ᠲᠠᠶᠢᠯᠣᠮᠵᠢ ᠬᠢᠪᠡ᠃      ᠣᠮᠠᠷᠠᠳᠣ ᠶᠢᠨ ᠬᠥᠨᠳᠣ ᠠᠵᠣ ᠥᠢᠯᠡᠳᠪᠣᠷᠢ ᠶᠢᠨ ᠲᠥᠷᠪᠡᠳᠣᠭᠡᠷ ᠪᠠᠭ᠎ᠠ ᠰᠣᠷᠭᠠᠭᠤᠯᠢ ᠶᠢᠨ ᠣᠳᠣᠷᠢᠳᠬᠤ ᠪᠠᠭ ᠵᠢᠴᠢ ᠭᠤᠣᠯᠯᠠᠭᠴᠢ ᠪᠠᠭᠰᠢ ᠨᠠᠷ ᠰᠥᠯᠵᠢᠶᠡᠨ ᠲᠡᠭᠡᠷᠡᠬᠢ ᠰᠣᠷᠣᠯᠴᠠᠯᠭ᠎ᠠ ᠪᠣᠯᠪᠠᠰᠣᠷᠠᠯ ᠳᠤ ᠣᠷᠣᠯᠴᠠᠪᠠ᠃      ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠨᠡᠶᠢᠳᠡᠮ ᠬᠡᠷᠡᠭᠯᠡᠬᠦ ᠥᠬᠡ ᠬᠡᠯᠡ ᠥᠰᠥᠭ ᠪᠢᠴᠢᠭ ᠤᠨ ᠬᠠᠣᠯᠢ﹀ ᠶᠢ ᠬᠡᠷᠡᠭᠵᠢᠬᠦᠯᠬᠦ ᠠᠷᠭ᠎ᠠ︾ ᠶᠢ ᠰᠣᠷᠣᠯᠴᠠᠬᠤ ᠪᠠᠷ ᠲᠠᠮᠵᠢᠨ᠂ ᠪᠠᠭᠰᠢ ᠪᠣᠯᠣᠭᠰᠠᠨ ᠤ ᠬᠤᠪᠢ ᠳᠤ ᠭᠥᠨᠳᠣ ᠡᠭᠦᠷᠭᠡ ᠶᠢ ᠡᠭᠦᠷᠭᠡᠯᠡᠵᠣ᠂ ᠥᠯᠢᠭᠡᠷ ᠲᠠᠭᠤᠷᠢᠶᠠᠯ ᠪᠣᠯᠵᠣ᠂ ᠡᠳᠣᠷ ᠲᠣᠳᠣᠮ ᠤᠨ ᠵᠢᠭᠠᠨ ᠰᠣᠷᠭᠠᠯᠳᠠ ᠶᠢᠨ ᠶᠠᠪᠣᠴᠨ ᠳᠤ ᠪᠠᠭᠰᠢ ᠶᠢᠨ ᠥᠬᠡ ᠶᠠᠷᠢᠶ᠎ᠡ ᠥᠢᠯᠡ ᠠᠵᠢᠯᠯᠠᠭ᠎ᠠ ᠨᠢ ᠴᠥᠮ ᠰᠣᠷᠣᠭᠴᠢ ᠨᠢᠬᠡᠪᠣᠷᠢ ᠶᠢ ᠨᠥᠯᠥᠬᠡᠯᠡᠵᠣ᠂ ᠪᠠᠭᠰᠢ ᠶᠢᠨ ᠥᠬᠡ ᠬᠡᠯᠡ ᠨᠢ ᠴᠣ᠋ ᠰᠣᠷᠣᠭᠴᠢ ᠶᠢ ᠠᠳᠠᠯᠢᠬᠠᠨ ᠢᠶᠠᠷ ᠨᠥᠯᠥᠭᠡᠯᠡᠳᠡᠭ ᠪᠣᠯᠬᠤᠷ ᠥᠪᠡᠷ ᠤᠨ ᠪᠠᠶ᠎ᠡ ᠠᠴᠠ ᠪᠠᠨ ᠡᠬᠢᠯᠡᠨ ᠨᠡᠶᠢᠲᠡᠯᠢᠭ ᠬᠡᠯᠡ ᠶᠢ ᠲᠡᠯᠭᠡᠷᠡᠬᠦᠯᠬᠦ ᠪᠠ ᠣᠷᠣᠨ ᠨᠣᠳᠤᠭ ᠤᠨ ᠥᠬᠡ ᠬᠡᠯᠡ ᠶᠢ ᠣᠯᠠᠮᠵᠢᠯᠡᠨ ᠵᠠᠯᠭᠠᠮᠵᠢᠯᠠᠬᠤ ᠶᠢ ᠵᠣᠬᠢᠴᠠᠭᠤᠯᠣᠨ ᠬᠥᠭᠵᠢᠬᠦᠯᠬᠦ ᠠᠵᠢᠯ ᠢ ᠰᠠᠶᠢᠳᠣᠷ ᠬᠢᠭᠦ ᠬᠡᠷᠡᠭᠳᠡᠢ ᠭᠡᠳᠡᠭ ᠢ ᠲᠠᠨᠢᠵᠣ ᠮᠡᠳᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号