ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠠᠷᠢᠯᠢᠭ ᠬᠠᠮᠢᠶᠠᠷᠴᠤ ᠴᠡᠴᠡᠷᠯᠢᠭ ᠤᠨ ᠪᠣᠬᠢᠷᠲᠤᠯ ᠦᠭᠡᠢ ᠨᠡᠶᠢᠲᠡ ᠶᠢᠨ ᠵᠣᠷᠯᠣᠩ ᠢ ᠪᠠᠶᠢᠭᠤᠯᠪᠠ
ᠨᠡᠶᠢᠲᠡᠯᠡᠭᠰᠡᠨ ᠴᠠᠭ᠄
2023/6/26
      6 ᠰᠠᠷ᠎ᠠ ᠶᠢᠨ 15᠎ ᠤ ᠡᠳᠦᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠨ ᠪᠣᠯᠣᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠨ ᠬᠠᠮᠲᠤ ᠪᠠᠷ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠰᠢᠯᠭᠠᠨ ᠠᠪᠴᠦ ᠰᠢᠯᠵᠢᠭᠦᠯᠦᠨ ᠲᠤᠰᠢᠶᠠᠵᠠᠢ᠃      ᠴᠢᠩᠱᠠᠨ ᠴᠡᠴᠡᠷᠯᠢᠭ ᠤᠨ ᠵᠡᠭᠦᠨ ᠡᠮᠦᠨ᠎ᠡ ᠥᠨᠴᠥᠭ ᠤᠨ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ ᠭᠠᠳᠠᠨ᠎ᠠ ᠲᠠᠯ᠎ᠠ ᠳᠤ ᠬᠢᠮᠡᠯ ᠠᠭᠤᠯᠠ ᠪᠠᠷ ᠠᠷᠤ ᠦᠵᠡᠭᠳᠡᠯ ᠪᠣᠯᠭᠠᠵᠤ᠂ ᠨᠢᠭᠤᠷ ᠲᠠᠯ᠎ᠠ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠭᠤᠰᠤᠯᠴᠠᠯ ᠨᠢ ᠴᠢᠩᠱᠠᠨ ᠲᠣᠭᠤᠷᠢᠭ ᠤᠨ ︽ᠬᠤᠲᠠ ᠶᠢᠨ ᠲᠣᠭᠤᠷᠢᠭ ᠤᠨ ᠵᠣᠷᠢᠭ ᠰᠠᠨᠠᠭ᠎ᠠ︾᠎ ᠶᠢᠨ ᠣᠨᠴᠠᠯᠢᠭ ᠢᠶᠠᠷ ᠲᠤᠶᠢᠯ ᠤᠨ ᠶᠡᠭᠡ ᠪᠠᠶᠢᠵᠤ᠂ ᠳᠣᠲᠣᠭᠠᠳᠤ ᠳᠤᠨᠢ ᠡᠷᠡᠭᠲᠡᠢ ᠶᠢᠨ ᠡᠷᠡᠭᠦᠯ ᠬᠠᠮᠠᠭᠠᠯᠠᠯ᠂ ᠡᠮᠡᠭᠲᠡᠢ ᠶᠢᠨ ᠡᠷᠡᠭᠦᠯ ᠬᠠᠮᠠᠭᠠᠯᠠᠯ᠂ ᠭᠤᠷᠪᠠᠳᠠᠭᠢ ᠡᠲᠡᠭᠡᠳ ᠤᠨ ᠠᠷᠢᠭᠤᠨ ᠴᠡᠪᠡᠷ ᠤᠨ ᠲᠠᠰᠤᠯᠭ᠎ᠠ ︵ᠡᠬᠡ ᠨᠢᠯᠬᠠᠰ ᠵᠢᠴᠢ ᠵᠡᠮᠳᠡᠭᠴᠦᠳ ᠤᠨ ᠲᠠᠰᠤᠭ︶᠂ ᠬᠠᠮᠢᠶᠠᠷᠤᠯᠲᠠ ᠶᠢᠨ ᠲᠠᠰᠤᠭ᠂ ᠪᠠᠭᠠᠵᠢ ᠬᠡᠷᠡᠭᠰᠡᠯ ᠤᠨ ᠲᠠᠰᠤᠭ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠲᠠᠰᠤᠭ ᠵᠡᠷᠭᠡ ᠶᠢ ᠲᠣᠬᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠵᠣᠷᠯᠣᠩ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠣᠲᠣ ᠪᠣᠯᠲᠠᠯ᠎ᠠ᠂ ᠲᠣᠰ ᠭᠠᠵᠠᠷ ᠤᠨ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠪᠦᠬᠦᠨ ᠢ ᠪᠠᠶᠢᠭᠤᠯᠵᠤ ᠳᠠᠭᠤᠰᠬᠠᠭᠠᠳ᠂ ᠬᠡᠷᠡᠭᠯᠡᠬᠦ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ ᠪᠠᠶᠢᠨ᠎ᠠ᠂ ᠣᠲᠣ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠣᠰ ᠭᠠᠵᠠᠷ ᠤᠨ ᠠᠷᠢᠭᠤᠨ ᠴᠡᠪᠡᠷ ᠤᠨ ᠲᠠᠰᠤᠯᠭ᠎ᠠ ᠶᠢ ᠨᠢᠭᠡᠨᠲᠡ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠰᠢᠯᠵᠢᠭᠦᠯᠦᠨ ᠲᠤᠰᠢᠶᠠᠭᠰᠠᠨ ᠪᠠᠶᠢᠨ᠎ᠠ᠃      ᠬᠤᠲᠠ ᠪᠣᠯ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠰᠠᠶᠢᠨ ᠰᠠᠶᠢᠬᠠᠨ ᠭᠡᠷ ᠣᠷᠣᠨ ᠮᠥᠨ᠂ ᠥᠷᠭᠡᠨ ᠣᠯᠠᠨ ᠰᠠᠭᠤᠭᠠᠯᠢ ᠠᠷᠠᠳ ᠨᠡᠶᠢᠲᠡ ᠶᠢᠨ ᠵᠣᠷᠯᠣᠩ ᠤᠨ ᠣᠯᠠᠨ ᠨᠡᠶᠢᠲᠡ ᠶᠢᠨ ᠲᠥᠬᠦᠭᠡᠷᠦᠮᠵᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠢᠳᠡᠪᠬᠢᠲᠡᠢ ᠬᠠᠶᠢᠷᠠᠯᠠᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ ᠪᠣᠯᠪᠠᠰᠤᠨ ᠤ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠵᠤ᠂ ᠴᠢᠩᠱᠠᠨ ᠲᠣᠭᠤᠷᠢᠭ ᠤᠨ ᠨᠡᠶᠢᠲᠡ ᠶᠢᠨ ᠵᠣᠷᠯᠣᠩ ᠢ ᠪᠦᠲᠦᠭᠡᠨ ᠪᠠᠶᠢᠭᠤᠯᠬᠤ ᠪᠠ ᠴᠢᠯᠦᠭᠡᠲᠡᠢ ᠬᠡᠷᠡᠭᠯᠡᠬᠦ ᠲᠠᠯ᠎ᠠ ᠪᠠᠷ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号