ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠭᠦᠯᠬᠦ ᠴᠡᠭ ᠤᠨ ᠠᠵᠢᠯ ᠤᠨ ᠪᠠᠶᠢᠷᠢ ᠶᠢᠨ ᠪᠣᠯᠪᠠᠰᠣᠷᠠᠯ ᠵᠢᠴᠢ ︽ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠭᠡᠷ ᠢ ᠶᠠᠷᠢᠬᠤ︾ ᠣᠬᠠᠭᠤᠯᠣᠨ ᠲᠠᠶᠢᠯᠪᠣᠷᠢᠯᠠᠬᠤ ᠣᠷᠣᠯᠳᠣᠭᠠᠨ ᠢ ᠵᠣᠬᠢᠶᠠᠨ ᠪᠠᠶᠢᠭᠤᠯᠵᠣ ᠥᠷᠨᠢᠬᠦᠯᠪᠠ
ᠨᠡᠶᠢᠲᠡᠯᠡᠭᠰᠡᠨ ᠴᠠᠭ᠄
2023/6/26
      ᠶᠡᠷᠥᠩᠭᠡᠢ ᠱᠥᠵᠢ ᠰᠢ ᠶᠢᠨ ᠫᠢᠩ ᠤᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠠ ᠥᠵᠡᠯ ᠰᠠᠨᠠᠭ᠎ᠠ ᠪᠣᠯᠣᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠣᠷᠢ ᠴᠣᠭᠤᠯᠠᠪᠣᠷᠢ ᠶᠢᠨ ᠵᠣᠷᠢᠭ ᠰᠠᠨᠠᠭ᠎ᠠ ᠶᠢ ᠬᠥᠨᠵᠡᠭᠡᠢ ᠲᠣᠭᠤᠰᠢᠯᠠᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠵᠢᠱᠢᠶ᠎ᠡ ᠥᠵᠡᠭᠦᠯᠬᠦ ᠴᠡᠭ ᠤᠨ ᠭᠥᠳᠥᠯᠥᠨ ᠲᠠᠭᠭᠤᠯᠬᠤ ᠥᠢᠯᠡᠳᠣᠯ ᠢ ᠪᠠᠳᠠᠷᠠᠭᠤᠯᠵᠣ᠂ ᠥᠨᠳᠥᠰᠥᠳᠡᠨ ᠨᠦᠭᠦᠳ ᠤᠨ ᠺᠠᠳ᠋ᠷ ᠣᠯᠠᠨ ᠲᠥᠮᠡᠨ ᠢ ᠭᠥᠳᠥᠯᠥᠨ ᠵᠢᠯᠣᠭᠤᠳᠴᠣ ᠵᠢᠷᠭᠠᠯ ᠵᠣᠪᠠᠯᠠᠩ ᠢᠶᠠᠨ ᠬᠠᠮᠳᠣᠳᠬᠠᠬᠤ᠂ ᠠᠯᠳᠠᠷ ᠭᠤᠳᠣᠮᠰᠢᠭ ᠢᠶᠠᠨ ᠬᠠᠮᠳᠣᠳᠬᠠᠬᠤ᠂ ᠥᠭᠦᠵᠣ ᠰᠡᠭᠡᠬᠦ ᠪᠠᠨ ᠬᠠᠮᠳᠣᠳᠬᠠᠬᠤ᠂ ᠬᠤᠪᠢ ᠵᠠᠶᠠᠭ᠎ᠠ  ᠪᠠᠨ ᠬᠠᠮᠳᠣᠳᠬᠠᠬᠤ ᠬᠠᠮᠳᠣ ᠶᠢᠨ ᠴᠣᠭᠴᠨ ᠶᠢᠨ ᠣᠶᠢᠯᠠᠭᠠᠭᠳᠠᠬᠤᠨ ᠢ ᠪᠠᠳᠣ ᠪᠠᠬᠢ ᠪᠣᠢ ᠪᠣᠯᠭᠠᠵᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠥᠢᠯᠡᠳᠥᠯᠬᠡᠵᠢᠬᠦᠯᠥᠭᠴᠢ ᠪᠣᠯᠬᠤ ᠪᠠᠷ ᠴᠢᠷᠮᠠᠶᠢᠵᠣ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠳᠤ ᠴᠢᠩᠱᠠᠨ ᠤ ᠬᠥᠴᠥᠨ ᠴᠢᠳᠠᠯ ᠢᠶᠠᠨ ᠨᠡᠮᠡᠷᠢᠯᠡᠬᠦ ᠶᠢᠨ ᠲᠣᠰᠠᠳᠠ᠂ ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠠᠯᠪᠠᠨ ᠭᠡᠷ ᠠᠴᠠ ᠴᠢᠩᠱᠠᠨ ᠲᠣᠭᠤᠷᠢᠭ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠭᠦᠯᠬᠦ ᠴᠡᠭ ᠤᠨ ᠠᠵᠢᠯ ᠤᠨ ᠪᠠᠶᠢᠷᠢ ᠶᠢᠨ ᠪᠣᠯᠪᠠᠰᠣᠷᠠᠯ ᠵᠢᠴᠢ ︽ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠭᠡᠷ ᠢ ᠶᠠᠷᠢᠬᠤ︾ ᠣᠬᠠᠭᠤᠯᠣᠨ ᠲᠠᠶᠢᠯᠪᠣᠷᠢᠯᠠᠬᠤ ᠣᠷᠣᠯᠳᠣᠭᠠᠨ ᠢ ᠵᠣᠬᠢᠶᠠᠨ ᠪᠠᠶᠢᠭᠤᠯᠵᠣ ᠥᠷᠨᠢᠬᠦᠯᠥᠨ᠂ ᠴᠢᠩᠱᠠᠨ ᠲᠣᠭᠤᠷᠢᠭ ᠤᠨ ᠭᠠᠶᠢᠯᠢ ᠶᠢᠨ ᠶᠠᠪᠣᠳᠠᠯ ᠤᠨ ᠲᠣᠪᠴᠢᠶ᠎ᠠ ᠳᠠᠬᠢ ᠪᠣᠭᠤᠳᠣ ᠬᠤᠳᠠ ᠶᠢᠨ ᠣᠯᠠᠭᠠᠨ ᠠᠨᠠᠷ ᠤᠨ ᠠᠵᠢᠯ ᠣᠯᠭᠤᠵᠣ ᠥᠢᠯᠡᠰ ᠪᠣᠰᠬᠠᠬᠤ ᠪᠣᠯᠪᠠᠰᠣᠷᠠᠯ ᠤᠨ ᠲᠠᠰᠤᠭ ᠲᠤ ᠶᠠᠪᠣᠭᠳᠠᠭᠤᠯᠵᠣ᠂ ᠬᠤᠳᠠ ᠶᠢᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠬᠡᠳᠣᠮᠡᠯ ᠹᠷᠣᠨᠲ ᠤᠨ ᠭᠡᠯᠳᠡᠰ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠣᠯᠣᠰ ᠲᠥᠷᠣ ᠶᠢᠨ ᠵᠥᠪᠯᠡᠯᠭᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠵᠡᠭᠡᠯᠢ ᠪᠠᠯᠭᠠᠰᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ ᠥᠵᠡᠬᠦᠯᠬᠦ 42 ᠴᠡᠭ ᠤᠨ ᠬᠠᠮᠢᠶ᠎ᠠ ᠪᠥᠬᠦᠢ ᠣᠳᠣᠷᠢᠳᠣᠯᠭ᠎ᠠ ᠨᠠᠷ ᠲᠣᠰ ᠣᠳᠠᠭᠠᠨ ᠤ ᠠᠵᠢᠯᠯᠠᠭ᠎ᠠ ᠳᠤ ᠣᠷᠣᠯᠴᠠᠪᠠ᠃      ᠡᠮᠣᠨᠡᠭᠢ ᠬᠤᠭᠤᠴᠠᠭᠠᠨ ᠤ ᠰᠢᠯᠭᠠᠷᠭᠤᠯᠬᠤ ᠣᠷᠣᠯᠳᠣᠭᠠᠨ᠂ ᠠᠬᠤᠢ ᠲᠠᠯᠠᠪᠠᠢ ᠳᠤ ᠣᠬᠠᠭᠤᠯᠣᠨ ᠲᠠᠶᠢᠯᠪᠣᠷᠢᠯᠠᠬᠤ᠂ ᠪᠡᠯᠡᠳᠭᠡᠯ ᠣᠷᠣᠯᠳᠣᠭᠠᠨ ᠵᠡᠷᠭᠡ ᠭᠤᠷᠪᠠᠨ ᠡᠭᠡᠯᠵᠢ ᠶᠢᠨ ᠣᠷᠣᠯᠳᠣᠭᠠᠨ ᠢᠶᠠᠷ ᠲᠠᠮᠵᠢᠭᠤᠯᠵᠣ᠂ ᠡᠴᠣᠰ ᠤᠨ 9 ᠣᠷᠣᠯᠴᠠᠭᠴᠢ ᠴᠣᠯᠭᠠᠷᠠᠨ ᠭᠠᠷᠴᠣ᠂ ᠰᠢᠢᠳᠪᠣᠷᠢᠳᠣ ᠣᠷᠣᠯᠳᠣᠭᠠᠨ ᠳᠤ ᠣᠷᠣᠯᠴᠠᠭᠰᠠᠨ ᠪᠠᠶᠢᠨ᠎ᠠ᠃ ᠰᠢᠢᠳᠪᠣᠷᠢᠳᠣ ᠣᠷᠣᠯᠳᠣᠭᠠᠨ ᠢ ᠠᠬᠤᠢ ᠲᠠᠯᠠᠪᠠᠢ ᠳᠤ ᠣᠬᠠᠭᠤᠯᠣᠨ ᠲᠠᠶᠢᠯᠪᠣᠷᠢᠯᠠᠬᠤ᠂ ᠠᠪᠣᠨ ᠲᠣᠣᠷ᠎ᠡ ᠨᠢ ᠣᠬᠠᠭᠤᠯᠣᠨ ᠲᠠᠶᠢᠯᠪᠣᠷᠢᠯᠠᠬᠤ᠂ ᠠᠬᠤᠢ ᠲᠠᠯᠠᠪᠠᠢ ᠳᠤ ᠰᠡᠳᠣᠪ ᠬᠠᠷᠢᠭᠤᠯᠬᠤ ᠵᠡᠷᠭᠡ ᠭᠤᠷᠪᠠᠨ ᠠᠯᠬᠤᠮ ᠢᠶᠠᠷ ᠶᠠᠪᠣᠭᠳᠠᠭᠤᠯᠪᠠ᠃ ᠠᠬᠤᠢ ᠲᠠᠯᠠᠪᠠᠢ ᠳᠤ ᠣᠬᠠᠭᠤᠯᠣᠨ ᠲᠠᠶᠢᠯᠪᠣᠷᠢᠯᠠᠬᠤ ᠶᠠᠪᠣᠴᠨ ᠳᠤ᠂ ᠣᠷᠣᠯᠳᠣᠭᠠᠨ ᠳᠤ ᠣᠷᠣᠯᠴᠠᠭᠰᠠᠳ ᠠᠴᠠ ︽ᠲᠣᠮᠳᠠᠳᠣ ᠶᠢᠨ ᠥᠨᠳᠥᠰᠥᠳᠡᠨ ᠨᠢᠬᠡ ᠭᠡᠷ ᠪᠥᠯᠢ ᠶᠢᠨ ᠭᠥᠮᠥᠰ ᠰᠢᠭ ᠲᠣᠳᠣᠨᠣ ᠪᠠᠶᠢᠵᠣ᠂ ᠲᠣᠮᠳᠠᠳᠣ ᠶᠢᠨ ᠵᠡᠭᠦᠳᠣ ᠶᠢ ᠬᠠᠮᠳᠣ ᠪᠠᠷ ᠲᠡᠷᠭᠡᠯᠰᠢᠬᠦᠯᠬᠦ︾ ᠶᠡᠷᠥᠩᠭᠡᠢ ᠬᠠᠷᠠᠯᠳᠠ ᠶᠢᠨ ᠲᠣᠭᠤᠷᠢᠨ ᠳᠤ᠂ ᠲᠣᠰ ᠨᠢᠬᠡᠴᠢ ᠲᠣᠰ ᠬᠥᠷᠢᠶ᠎ᠡ ᠴᠠᠷᠠᠭ᠎ᠠ ᠲᠠᠬᠢ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠭᠡᠷ ᠪᠠ ᠨᠡᠶᠢᠳᠡᠯᠢᠭ ᠵᠢᠱᠢᠶ᠎ᠡ ᠶᠢ ᠲᠣᠪᠣᠶᠢᠯᠭᠠᠵᠣ᠂ ᠬᠠᠵᠠᠭᠤᠳᠡᠬᠢ ᠬᠥᠮᠥᠨ ᠪᠠ ᠬᠠᠵᠠᠭᠤᠳᠡᠬᠢ ᠶᠠᠪᠣᠳᠠᠯ ᠢᠶᠠᠨ ᠶᠠᠷᠢᠵᠣ᠂ ᠴᠢᠩᠱᠠᠨ ᠲᠣᠭᠤᠷᠢᠭ ᠤᠨ ᠥᠨᠳᠥᠰᠥᠳᠡᠨ ᠨᠦᠭᠦᠳ ᠤᠨ ᠭᠥᠪᠡᠬᠦᠳ ᠥᠬᠢᠳ ᠤᠨ ᠰᠠᠬᠢᠨ ᠪᠠᠷᠠᠯᠠᠵᠣ ᠬᠠᠷᠢᠯᠴᠡᠨ  ᠬᠠᠪᠰᠣᠷᠣᠯᠴᠠᠵᠣ᠂ ᠪᠥᠯᠬᠦᠮᠳᠡᠨ ᠲᠡᠮᠡᠴᠡᠭᠰᠡᠨ ᠰᠡᠳᠬᠢᠯ ᠭᠥᠳᠡᠯᠭᠡᠮ᠎ᠡ ᠥᠢᠯᠡ ᠠᠵᠢᠯᠯᠠᠭ᠎ᠠ ᠶᠢ ᠬᠤᠪᠢᠶᠠᠯᠴᠠᠵᠣ᠂ ᠥᠨᠢ ᠡᠭᠦᠷᠢᠳᠡ ᠨᠠᠮ ᠤᠨ ᠥᠬᠡ ᠶᠢ ᠰᠤᠨᠤᠰᠴᠦ᠂ ᠨᠠᠮ ᠤᠨ ᠠᠴᠢ ᠳᠤ ᠲᠠᠯᠠᠷᠬᠠᠵᠣ᠂ ᠨᠠᠮ ᠢᠶᠠᠨ ᠲᠠᠭᠠᠬᠤ ᠴᠢᠩ ᠰᠡᠳᠬᠢᠯ ᠢᠶᠠᠨ ᠢᠯᠡᠳᠭᠡᠪᠡ᠃ ᠠᠪᠣᠨ ᠲᠣᠣᠷ᠎ᠡ ᠨᠢ ᠣᠬᠠᠭᠤᠯᠣᠨ ᠲᠠᠶᠢᠯᠪᠣᠷᠢᠯᠠᠬᠤ ᠠᠯᠬᠤᠮ ᠳᠤ᠂ ᠣᠷᠣᠯᠳᠣᠭᠠᠨ ᠳᠤ ᠣᠷᠣᠯᠴᠠᠭᠴᠢ ᠨᠢᠬᠡᠪᠣᠷᠢ ᠲᠣᠬᠢᠶᠠᠯᠳᠣᠯ ᠢᠶᠠᠷ ᠰᠣᠩᠭᠤᠨ ᠠᠪᠣᠭᠰᠠᠨ ᠵᠢᠷᠤᠭ ᠢᠶᠠᠷ ᠲᠠᠮᠵᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠣᠶᠣᠨ ᠣᠬᠠᠭᠠᠨ ᠤ ᠭᠡᠷ ᠣᠷᠣᠨ ᠢᠶᠠᠨ ᠴᠣᠭᠴᠠᠯᠠᠬᠤ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠬᠤ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠵᠡᠷᠭᠡ ᠲᠠᠯ᠎ᠠ ᠪᠠᠷ 3 ᠮᠢᠨᠦ᠋ᠲ ᠤᠨ ᠲᠣᠳᠣᠷ᠎ᠠ ᠣᠬᠠᠭᠤᠯᠣᠨ ᠲᠠᠶᠢᠯᠪᠣᠷᠢᠯᠠᠵᠣ᠂ ᠠᠬᠤᠢ ᠲᠠᠯᠠᠪᠠᠢ ᠶᠢᠨ ᠣᠷᠣᠯᠳᠣᠭᠠᠨ ᠢ ᠭᠥᠷ ᠭᠥᠭᠵᠢᠶᠡᠨ ᠲᠠᠢ ᠶᠠᠪᠣᠭᠳᠠᠭᠤᠯᠵᠣ᠂ ᠣᠷᠣᠯᠳᠣᠭᠠᠨ  ᠳᠤ ᠣᠷᠣᠯᠴᠠᠭᠰᠠᠳ ᠠᠯᠢ ᠣᠯᠠᠨ ᠰᠢᠨ᠎ᠡ ᠰᠣᠷᠭᠤᠭ ᠪᠣᠳᠠᠳᠣ ᠵᠢᠱᠢᠶ᠎ᠡ ᠪᠠᠷ ᠲᠠᠮᠵᠢᠭᠤᠯᠣᠨ ᠥᠵᠡᠭᠴᠢᠳ ᠲᠤ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢᠨ ᠴᠢᠬᠤᠯᠨ ᠠᠭᠤᠯᠣᠭᠳᠠᠬᠤᠨ ᠪᠠ ᠪᠣᠳᠠᠳᠣ ᠠᠴᠢ ᠬᠤᠯᠪᠣᠭᠳᠠᠯ ᠢ ᠲᠠᠨᠢᠭᠤᠯᠵᠠᠢ᠃ ᠡᠭᠦᠨ ᠤ ᠬᠠᠮᠳᠣ ᠠᠬᠤᠢ ᠲᠠᠯᠠᠪᠠᠢ ᠳᠤ ᠰᠡᠳᠣᠪ ᠬᠠᠷᠢᠭᠤᠯᠬᠤ‌ᠠᠯᠬᠤᠮ ᠳᠤ ᠣᠷᠣᠯᠴᠠᠭᠴᠢ ᠠᠴᠠ ᠥᠨᠳᠥᠰᠥᠳᠡᠨ ᠤ ᠠᠵᠢᠯ ᠤᠨ ᠬᠠᠮᠢᠶ᠎ᠠ ᠪᠥᠬᠦᠢ ᠮᠡᠳᠡᠯᠭᠡ ᠶᠢ ᠪᠥᠷᠢᠨ ᠪᠥᠳᠥᠨ ᠬᠠᠷᠢᠭᠤᠯᠵᠣ᠂ ᠰᠡᠳᠣᠪ ᠬᠠᠷᠢᠭᠤᠯᠬᠤ ᠠᠯᠬᠤᠮ ᠢᠶᠠᠷ ᠲᠠᠮᠵᠢᠭᠤᠯᠣᠨ ᠨᠠᠮ ᠤᠨ ᠥᠨᠳᠥᠰᠥᠳᠡᠨ ᠤ ᠣᠨᠣᠯ ᠪᠠ ᠥᠨᠳᠥᠰᠥᠳᠡᠨ ᠤ ᠲᠥᠷᠣ ᠶᠢᠨ ᠪᠣᠳᠣᠯᠭ᠎ᠠ ᠶᠢ ᠣᠯᠠᠮ ᠨᠢᠬᠡ ᠠᠯᠬᠤᠮ ᠰᠣᠷᠣᠯᠴᠡᠨ ᠣᠬᠠᠭᠤᠯᠪᠠ᠃ ᠣᠷᠣᠯᠳᠣᠭᠠᠨ ᠤ ᠡᠴᠣᠰ ᠲᠤ ᠨᠢᠬᠡᠳᠣᠭᠡᠷ ᠲᠠᠰ 1 ᠨᠠᠷᠡᠰ᠂ ᠬᠤᠶᠠᠳᠣᠭᠠᠷ ᠲᠡᠰ 2 ᠨᠡᠷᠡᠰ᠂ ᠭᠤᠷᠪᠠᠳᠣᠭᠠᠷ ᠲᠠᠰ 3 ᠨᠡᠷᠡᠰ ᠢ ᠲᠣᠰ ᠲᠣᠰ ᠰᠢᠯᠭᠠᠷᠠᠭᠤᠯᠵᠣ ᠱᠠᠩᠨᠠᠪᠠ᠃      ᠲᠣᠰ ᠣᠳᠠᠭᠠᠨ ᠤ ᠠᠵᠢᠯᠯᠠᠭ᠎ᠠ ᠪᠠᠷ ᠲᠠᠮᠵᠢᠭᠤᠯᠣᠨ᠂ ᠴᠢᠩᠱᠠᠨ ᠲᠣᠭᠤᠷᠢᠭ ᠤᠨ ᠡᠯ᠎ᠡ ᠬᠥᠷᠢᠶ᠎ᠡ ᠴᠠᠷᠠᠭ᠎ᠠ  ᠲᠠᠬᠢ ᠥᠨᠳᠥᠰᠥᠳᠡᠨ ᠨᠦᠭᠦᠳ ᠤᠨ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠥᠷ᠎ᠡ ᠪᠥᠳᠥᠮᠵᠢ ᠶᠢ ᠪᠥᠬᠦ ᠲᠠᠯ᠎ᠠ ᠪᠠᠷ ᠲᠡᠯᠭᠡᠨ ᠥᠵᠡᠭᠦᠯᠵᠣ᠂ ᠡᠯ᠎ᠡ ᠭᠥᠷᠢᠶᠡᠨ ᠳᠠᠬᠢ ᠥᠨᠳᠥᠰᠥᠳᠡᠨ ᠤ ᠠᠵᠢᠯ ᠤᠨ ᠪᠷᠣᠨᠲ  ᠲᠠᠬᠢ ᠥᠨᠳᠥᠰᠥᠳᠡᠨ ᠤ ᠠᠵᠢᠯᠳᠡᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠣᠶᠣᠨ ᠰᠠᠨᠠᠭᠠᠨ ᠤ ᠲᠥᠷᠰᠣ ᠪᠠᠶᠢᠳᠠᠯ ᠢ ᠢᠯᠡᠷᠡᠭᠦᠯᠵᠣ᠂ ᠣᠷᠣᠯᠳᠣᠭᠠᠨ ᠢᠶᠠᠷ ᠲᠠᠶᠢᠯᠪᠣᠷᠢᠯᠠᠬᠤ ᠶᠢ ᠠᠬᠢᠭᠤᠯᠵᠣ᠂ ᠲᠠᠶᠢᠯᠪᠣᠷᠢᠯᠠᠬᠤ ᠪᠠᠷ ᠰᠣᠷᠣᠯᠴᠠᠬᠤ  ᠶᠢ ᠠᠬᠢᠭᠤᠯᠵᠣ᠂ ᠰᠣᠷᠣᠯᠴᠠᠬᠤ ᠪᠠᠷ ᠠᠵᠢᠯᠯᠠᠬᠤ ᠶᠢ ᠠᠬᠢᠭᠤᠯᠵᠣ᠂ ᠠᠵᠢᠯᠯᠠᠬᠤ ᠪᠠᠷ ᠥᠷ᠎ᠡ ᠪᠥᠳᠥᠮᠵᠢ ᠶᠢ ᠲᠡᠬᠡᠭᠰᠢᠯᠡᠬᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠢᠳᠡᠪᠬᠢ ᠬᠥᠴᠥᠨ ᠢ ᠥᠷᠭᠡᠨ ᠢᠶᠠᠷ ᠣᠯᠠᠮᠵᠢᠯᠠᠨ᠂ ᠪᠥᠬᠦ ᠲᠣᠭᠤᠷᠢᠭ ᠤᠨ ᠥᠨᠳᠥᠰᠥᠳᠡᠨ ᠨᠦᠭᠦᠳ ᠤᠨ ᠺᠠᠳ᠋ᠷ ᠣᠯᠠᠨ ᠲᠥᠮᠡᠨ ᠤ ᠥᠨᠳᠥᠰᠥᠳᠡᠨ ᠤ ᠪᠥᠯᠬᠦᠮᠳᠡᠯ ᠤᠨ ᠣᠬᠠᠭᠤᠯᠣᠭᠴᠢ᠂ ᠠᠬᠢᠭᠤᠯᠣᠭᠴᠢ᠂ ᠥᠢᠯᠡᠳᠣᠯᠬᠡᠵᠢᠬᠦᠯᠥᠭᠴᠢ ᠪᠣᠯᠬᠤ ᠪᠠᠷ ᠴᠢᠷᠮᠠᠶᠢᠬᠤ ᠶᠢ ᠬᠥᠳᠥᠯᠥᠨ ᠲᠠᠭᠠᠭᠤᠯᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号