ᠪᠠᠢ ᠶᠦᠨ ᠰᠢ ᠪᠣᠷᠣᠭᠠᠨ ᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/6/26
      6 ᠰᠠᠷ᠎ᠠ  ᠶᠢᠨ 24 ᠤ ᠡᠳᠦᠷ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠠᠩᠺ ᠤᠨ ᠵᠠᠮ ᠳᠠᠭᠠᠤ᠂ ᠴᠢᠨᠳᠠᠭᠠᠨ ᠴᠠᠭᠠᠨ ᠭᠤᠤᠯ ᠤᠨ ᠳᠠᠭᠠᠤ ᠱᠤᠭᠤᠮ ᠢᠶᠠᠷ ᠭᠦᠨᠵᠡᠭᠡᠶᠢᠷᠡᠨ ᠪᠣᠷᠣᠭᠠᠨ  ᠤ ᠪᠣᠬᠢᠷᠲᠤᠯ  ᠢ ᠬᠤᠯᠢᠯᠳᠤᠭᠤᠯᠤᠨ ᠭᠠᠳᠠᠭᠰᠢᠯᠠᠭᠤᠯᠬᠤ ᠠᠵᠢᠯ  ᠢ ᠴᠡᠭᠴᠡᠯᠡᠨ ᠰᠠᠶᠢᠵᠢᠷᠠᠭᠤᠯᠬᠤ ᠠᠵᠢᠯ  ᠢ ᠬᠢᠨᠠᠨ ᠵᠢᠯᠤᠭᠤᠳᠴᠤ  ᠪᠠᠶᠢᠴᠠᠭᠠᠪᠠ᠃       ᠪᠠᠢ ᠶᠦᠨ ᠰᠢ ᠨᠠᠷ ᠲᠠᠩᠺ ᠤᠨ ᠵᠠᠮ ᠳᠠᠭᠠᠤ ᠳᠤ᠂ ᠶᠦᠩ ᠾᠧ ᠶᠣᠣ ᠲᠣᠰᠬᠤᠨ ᠤ ᠪᠣᠷᠣᠭᠠᠨ ᠤ ᠪᠣᠬᠢᠷᠲᠤᠯ ᠤᠨ ᠭᠠᠳᠠᠭᠰᠢᠯᠠᠭᠤᠯᠤᠯᠲᠠ ᠶᠢᠨ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠤᠬᠠᠢ ᠶᠢᠨ ᠲᠠᠯᠠᠪᠠᠢ ᠳᠤ ᠪᠠᠶᠢᠴᠠᠭᠠᠬᠤ ᠬᠤᠳᠳᠤᠭ ᠤᠨ ᠠᠮᠠᠰᠠᠷ ᠢ ᠳᠠᠷᠠᠭᠠᠯᠠᠨ ᠨᠡᠭᠡᠭᠡᠵᠦ᠂ ᠪᠣᠷᠣᠭᠠᠨ ᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃      ᠪᠠᠢ ᠶᠦᠨ ᠰᠢ ᠨᠠᠷ ᠴᠢᠨᠳᠠᠭᠠᠨ ᠴᠠᠭᠠᠨ ᠭᠤᠣᠯ ᠤᠨ ᠳᠠᠭᠠᠤ ᠶᠢᠨ ᠱᠤᠭᠤᠮ ᠳᠤ᠂  ᠤᠰᠤᠨ ᠴᠣᠭᠴᠠ ᠶᠢᠨ ᠪᠣᠬᠢᠷᠲᠤᠯ᠂ ᠨᠣᠭᠤᠭᠠᠷᠠᠭᠤᠯᠤᠯᠲᠠ ᠠᠷᠠᠴᠢᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯ ᠤᠨ ᠵᠠᠮ ᠤᠨ ᠡᠷᠬᠢᠨ ᠲᠣᠭᠤᠷᠢᠨ ᠤ ᠪᠣᠷᠣᠭᠠᠨ ᠤ ᠪᠣᠬᠢᠷᠲᠤᠯ ᠤᠨ ᠬᠤᠭᠤᠯᠠᠢ ᠱᠤᠭᠤᠮ ᠤᠨ ᠪᠠᠶᠢᠷᠢᠰᠢᠭᠤᠯᠤᠯᠲᠠ ᠶᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠷᠣᠭᠠᠨ ᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃      ᠪᠠᠢ ᠶᠦᠨ ᠰᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠭᠦᠨ ᠢᠶᠠᠷ ᠴᠡᠭᠡᠷᠯᠡᠯ ᠪᠣᠯᠭᠠᠵᠤ᠂ ᠬᠤᠳᠠ ᠶᠢᠨ ᠲᠣᠭᠤᠷᠢᠭ ᠤᠨ ᠪᠣᠷᠣᠭᠠᠨ ᠤ ᠤᠰᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ ᠠᠰᠠᠭᠤᠳᠠᠯ ᠳᠤ ᠶᠡᠭᠡ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠬᠤᠯᠪᠣᠭᠳᠠᠬᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠵᠤ᠂ ᠡᠯ᠎ᠡ ᠲᠦᠷᠦᠯ ᠤᠨ ᠠᠰᠠᠭᠤᠳᠠᠯ ᠢ ᠨᠢᠭᠡ ᠴᠣᠭᠴᠠᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠪᠦᠬᠦᠨ ᠢ ᠰᠢᠢᠳᠪᠦᠷᠢᠯᠡᠬᠦ ᠬᠡᠷᠡᠭᠲᠡᠢ᠃ ᠬᠥᠳᠡᠭᠡ ᠲᠣᠰᠬᠤᠨ ᠤ ᠬᠤᠭᠤᠯᠠᠢ ᠶᠢᠨ ᠲᠣᠣᠷ ᠢ ᠵᠠᠯᠭᠠᠵᠤ ᠣᠷᠣᠭᠤᠯᠬᠤ ᠪᠠ ᠪᠣᠷᠣᠭᠠᠨ ᠤ ᠪᠣᠬᠢᠷᠲᠤᠯ ᠢ ᠰᠠᠯᠭᠠᠨ ᠭᠠᠷᠭᠠᠭᠰᠠᠨ ᠪᠠᠶᠢᠳᠠᠯ ᠢ ᠡᠮᠬᠢᠯᠡᠨ ᠪᠠᠶᠢᠴᠠᠭᠠᠵᠤ᠂ ᠪᠣᠷᠣᠭᠠᠨ ᠤ ᠪᠣᠬᠢᠷᠲᠤᠯ ᠢ ᠰᠠᠯᠭᠠᠨ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠬᠡᠮᠵᠢᠶ᠎ᠡ ᠶᠢ ᠡᠬᠢ ᠰᠤᠷᠪᠤᠯᠵᠢ ᠠᠴᠠ ᠨᠢ ᠪᠠᠭᠠᠰᠬᠠᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠨ ᠬᠠᠮᠲᠤᠪᠠᠷ ᠵᠠᠰᠠᠬᠤ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠰᠤᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ᠂ ᠤᠰᠤᠨ ᠴᠣᠭᠴᠠ ᠶᠢ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠬᠠᠮᠲᠤᠪᠠᠷ ᠰᠠᠶᠢᠲᠤᠷ ᠬᠢᠵᠦ᠂ ᠴᠢᠨᠳᠠᠭᠠᠨ ᠴᠠᠭᠠᠨ ᠭᠤᠣᠯ ᠤᠨ ᠤᠰᠤᠨ ᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠪᠠᠶᠢᠴᠠᠭᠠᠨ ᠰᠢᠢᠳᠪᠦᠷᠢᠯᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠣᠷᠣᠭᠠᠨ ᠤ ᠤᠰᠤ ᠪᠣᠬᠢᠷᠲᠤᠯ ᠢ ᠬᠤᠯᠢᠯᠳᠤᠭᠤᠯᠤᠨ ᠭᠠᠳᠠᠭᠰᠢᠯᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠠᠷᠠᠳ ᠤᠨ ᠬᠤᠳᠠ ᠶᠢ ᠠᠷᠠᠳ ᠢᠶᠠᠷ ᠪᠠᠶᠢᠭᠤᠯᠬᠤ᠂ ᠠᠷᠠᠳ ᠤᠨ ᠬᠤᠳᠠ ᠶᠢ ᠠᠷᠠᠳ ᠲᠦᠮᠡᠨ ᠬᠠᠮᠢᠶᠠᠷᠬᠤ᠂ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号