ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠪᠡᠯᠡᠳᠬᠡᠮᠵᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠤᠨ ᠪᠤᠯᠪᠠᠰᠤᠷᠠᠯ ᠢ ᠦᠷᠨᠢᠭᠦᠯᠪᠡ
ᠨᠡᠶᠢᠲᠡᠯᠡᠭᠰᠡᠨ ᠴᠠᠭ᠄
2023/6/28
      ᠭᠤᠷᠪᠠᠳᠠᠭᠢ ᠡᠲᠡᠭᠡᠳ ᠤᠨ ᠣᠷᠴᠢᠨ ᠲᠣᠭᠤᠷᠢᠨ ᠢ ᠬᠠᠮᠠᠭᠠᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠵᠣᠬᠢᠶᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠦᠭᠬᠦ ᠶᠢᠨ ᠲᠦᠯᠦᠭᠡ᠂ ᠣᠶᠢᠷ᠎ᠠ ᠶᠢᠨ ᠬᠤᠭᠤᠴᠠᠭᠠᠨ ᠳᠤ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠲᠤᠰᠬᠠᠢ ᠮᠡᠷᠭᠡᠵᠢᠯᠲᠡᠨ ᠤᠷᠢᠵᠤ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠤᠭᠤᠲᠤ ᠶᠢᠨ ᠬᠤᠶᠠᠳᠤᠭᠠᠷ ᠢᠯᠴᠢ ᠶᠢᠨ ᠴᠠᠬᠢᠯᠭᠠᠨ ᠤ ᠦᠢᠯᠡᠳᠪᠦᠷᠢ ᠳᠤ ᠭᠤᠷᠪᠠᠳᠠᠭᠢ ᠡᠲᠡᠭᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠵᠣᠬᠢᠶᠠᠭᠰᠠᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠦ ᠪᠤᠯᠪᠠᠰᠤᠷᠠᠯ ᠬᠢᠵᠦ᠂ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠠᠵᠢᠯᠲᠠᠨ ᠣᠷᠣᠯᠴᠠᠵᠠᠢ᠃      ᠲᠤᠰᠬᠠᠢ ᠮᠡᠷᠭᠡᠵᠢᠯᠲᠡᠨ ᠦᠨᠳᠦᠰᠦᠨ ᠣᠨᠣᠯ ᠤᠨ ᠮᠡᠳᠡᠯᠭᠡ ᠠᠴᠠ ᠭᠠᠷᠳᠠᠵᠤ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠦᠷᠢᠯᠳᠦᠯ ᠪᠠ ᠠᠵᠢᠯᠯᠠᠭᠠᠨ ᠤ ᠠᠷᠭ᠎ᠠ ᠮᠠᠶ᠋ᠢᠭ᠂ ᠪᠣᠬᠢᠷᠲᠤᠯ ᠤᠨ ᠡᠯᠧᠮᠧᠨ᠋ᠲ ᠤᠨ ᠪᠦᠷᠢᠯᠳᠦᠯ ᠪᠠ ᠬᠢᠨᠠᠨ ᠬᠡᠮᠵᠢᠬᠦ ᠠᠷᠭ᠎ᠠ ᠮᠠᠶ᠋ᠢᠭ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠳᠠᠷᠠᠭ᠎ᠠ  ᠨᠢ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠤᠨ ᠡᠯ᠎ᠡ ᠬᠡᠰᠡᠭ ᠤᠨ ᠠᠵᠢᠯ ᠤᠨ ᠤᠭ ᠶᠣᠰᠣ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠠᠵᠢᠯᠲᠠᠳ ᠢ ᠵᠢᠭᠠᠨ ᠵᠢᠯᠤᠭᠤᠳᠴᠤ ᠬᠢᠨᠠᠨ ᠬᠡᠮᠵᠢᠭᠰᠡᠨ ᠠᠩᠬᠠᠨ ᠤ ᠲᠤᠭ᠎ᠠ ᠪᠠᠷᠢᠮᠲᠠ ᠳᠤ ᠠᠰᠠᠭᠤᠳᠠᠯ ᠣᠷᠣᠰᠢᠵᠤ ᠪᠠᠶᠢᠬᠤ ᠡᠰᠡᠬᠦ᠂ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠳᠦᠷᠢᠮᠵᠢᠯᠲᠦ ᠴᠢᠨᠠᠷ ᠵᠡᠷᠭᠡ ᠲᠠᠯ᠎ᠠ ᠪᠠᠷ ᠪᠠᠶᠢᠴᠠᠭᠠᠯᠲᠠ ᠬᠢᠵᠡᠢ᠃      ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠪᠠᠶᠢᠴᠠᠭᠠᠬᠤ ᠪᠠᠷ ᠪᠣᠯᠪᠠᠰᠤᠷᠠᠯ ᠢ ᠣᠷᠣᠯᠠᠭᠤᠯᠬᠤ ᠠᠷᠭ᠎ᠠ ᠮᠠᠶ᠋ᠢᠭ ᠢᠶᠠᠷ ᠪᠦᠬᠦ ᠶᠠᠪᠤᠴᠠ ᠶᠢᠨ ᠪᠤᠳᠠᠲᠠᠢ ᠪᠣᠯᠪᠠᠰᠤᠷᠠᠯ ᠬᠢᠬᠦ ᠪᠠᠷ ᠳᠠᠮᠵᠢᠭᠤᠯᠤᠨ᠂ ᠣᠨᠣᠯ ᠤᠨ ᠮᠡᠳᠡᠯᠭᠡ ᠶᠢ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠵᠤ᠂ ᠭᠡᠷᠡᠴᠢᠯᠡᠬᠦ ᠶᠢᠨ ᠳᠠᠭᠠᠤ ᠰᠤᠷᠤᠯᠴᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠥᠬᠦ ᠲᠤᠭᠤᠷᠢᠭ ᠤᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠬᠤᠶᠢᠰᠢᠳᠠ ᠶᠢᠨ ᠲᠤᠬᠠᠢ ᠶᠢᠨ ᠲᠠᠯᠠᠪᠠᠶ ᠶᠢᠨ ᠪᠤᠰᠤ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号