︽ᠪᠢᠴᠢᠬᠠᠨ ᠲᠠᠩᠺᠡ ᠶᠢᠨ ᠭᠡᠣᠭᠡᠳ᠂ ᠣᠪ ᠣᠯᠠᠭᠠᠨ ᠠᠨᠠᠷ ᠤᠨ ᠥᠷ᠎ᠡ︾ ᠬᠡᠭᠦ ᠭᠤᠣᠯ ᠰᠡᠳᠣᠪᠳᠣ ᠬᠠᠭᠤᠯᠤᠮᠠᠯ ᠰᠣᠨᠢᠨ ᠤ ᠥᠵᠡᠬᠦᠯᠥᠯᠭᠡ ᠶᠢᠨ ᠠᠵᠢᠯᠯᠠᠭ᠎ᠠ ᠶᠢ ᠥᠷᠨᠢᠬᠦᠯᠪᠠ
ᠨᠡᠶᠢᠲᠡᠯᠡᠭᠰᠡᠨ ᠴᠠᠭ᠄
2023/6/28
      ᠶᠡᠷᠣᠩᠭᠡᠢ ᠱᠥᠵᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠥᠵᠡᠯ ᠰᠠᠨᠠᠭ᠎ᠠ ᠶᠢ ᠬᠥᠨᠵᠡᠭᠡᠢ ᠲᠣᠭᠤᠰᠢᠯᠠᠭᠤᠯᠥᠣᠨ ᠨᠠᠶᠢᠳᠠᠪᠣᠷᠢᠵᠢᠭᠤᠯᠵᠣ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠴᠢᠩᠭᠠᠳᠬᠠᠵᠣ᠂ ᠰᠣᠷᠣᠭᠴᠢᠳ ᠤᠨ ᠣᠯᠣᠰ ᠲᠥᠷᠣ ᠥᠵᠡᠯ ᠰᠠᠨᠠᠭᠠᠨ ᠤ ᠭᠡᠪ ᠴᠢᠨᠡᠷ ᠢ ᠪᠥᠬᠦ ᠲᠠᠯ᠎ᠠ ᠪᠠᠷ ᠲᠡᠬᠡᠭᠰᠢᠯᠡᠬᠦᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠵᠣ᠂ ᠲᠣᠮᠳᠠᠳᠣ ᠶᠢᠨ ᠣᠯᠠᠮᠵᠢᠯᠠᠯᠳᠣ ᠰᠢᠯᠢᠳᠡᠭ ᠰᠣᠶᠣᠯ ᠢ ᠬᠠᠶᠢᠷᠠᠯᠠᠬᠤ ᠪᠠ ᠣᠯᠣᠰ ᠢᠶᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠵᠣ᠂ ᠵᠠᠯᠠᠭᠤᠴᠣᠳ ᠪᠠᠭᠠᠴᠣᠳ ᠢ ᠵᠥᠪ ᠣᠨᠣᠪᠴᠢᠳᠠᠢ ᠥᠨᠳᠥᠰᠥᠳᠡᠨ ᠤ ᠪᠥᠯᠬᠦᠮᠳᠡᠯ ᠤᠨ ᠥᠵᠡᠯᠳᠡ ᠶᠢ ᠪᠣᠢ ᠪᠣᠯᠭᠠᠬᠤ ᠶᠢᠨ ᠲᠥᠯᠥᠭᠡ᠂ ᠨᠢᠬᠡᠳᠣᠭᠡᠷ ᠮᠠᠰᠢᠨ ᠲᠠᠪᠣᠳᠣᠭᠠᠷ ᠪᠠᠭ᠎ᠠ ᠰᠣᠷᠭᠠᠭᠤᠯᠢ ᠶᠢᠨ ᠬᠢᠨ ︽ᠪᠢᠴᠢᠬᠠᠨ ᠲᠠᠩᠺᠡ ᠢ ᠭᠡᠣᠭᠡᠳ᠂ ᠣᠪ ᠣᠯᠠᠭᠠᠨ ᠠᠨᠠᠷ ᠤᠨ ᠥᠷ᠎ᠡ︾ ᠬᠡᠭᠦ ᠭᠤᠣᠯ ᠰᠡᠳᠣᠪᠳᠣ ᠬᠠᠭᠤᠯᠤᠮᠠᠯ ᠰᠣᠨᠢᠨ ᠤ ᠥᠵᠡᠬᠦᠯᠥᠯᠭᠡ ᠶᠢᠨ ᠠᠵᠢᠯᠯᠠᠭ᠎ᠠ ᠶᠢ ᠥᠷᠨᠢᠬᠦᠯᠵᠣ᠂ ᠰᠣᠷᠣᠭᠴᠢᠳ ᠲᠤ ᠮᠠᠨ ᠤ ᠣᠯᠣᠰ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠬᠠᠮᠢᠶ᠎ᠠ ᠪᠥᠬᠦᠢ ᠮᠡᠳᠡᠯᠭᠡ ᠶᠢ ᠣᠶᠢᠯᠠᠭᠠᠭᠤᠯᠵᠣ᠂ ᠰᠣᠷᠣᠭᠴᠢᠳ ᠤᠨ ᠲᠣᠮᠳᠠᠳᠣ ᠶᠢᠨ ᠥᠨᠳᠥᠰᠥᠳᠡᠨ ᠢᠶᠠᠨ ᠮᠡᠳᠡᠷᠡᠬᠦ ᠰᠡᠳᠭᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ ᠪᠠᠭ᠋ᠠᠳᠣᠯᠳᠣ ᠰᠡᠳᠬᠢᠯᠭᠡ ᠶᠢ ᠨᠡᠮᠡᠭᠳᠡᠭᠦᠯᠥᠨ᠂ ᠲᠣᠮᠳᠠᠳᠣ ᠶᠢᠨ ᠥᠨᠳᠥᠰᠥᠳᠡᠨ ᠪᠣᠯ ᠨᠢᠬᠡ ᠭᠡᠷ ᠪᠥᠯᠢ ᠮᠥᠨ ᠬᠡᠬᠦ ᠥᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ᠶᠣᠰᠣ ᠮᠣᠷᠠᠯ ᠣᠶᠣᠨ ᠣᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠵᠡᠷᠭᠡ ᠪᠥᠬᠦ ᠲᠠᠯ᠎ᠠ ᠪᠠᠷ ᠬᠥᠭᠵᠢᠭᠰᠡᠨ ᠲᠣᠮᠳᠠᠳᠣ ᠣᠯᠣᠰ ᠤᠨ ᠣᠨᠴᠠᠯᠢᠭ ᠪᠥᠬᠦᠢ ᠨᠡᠶᠢᠭᠡᠮ ᠵᠢᠷᠣᠮ ᠤᠨ ᠬᠢᠷᠢ ᠲᠡᠩᠴᠡᠭᠰᠡᠨ ᠪᠥᠳᠥᠭᠡᠨ ᠪᠠᠶᠢᠭᠤᠯᠣᠭᠴᠢ ᠪᠠ ᠨᠠᠶᠢᠳᠠᠪᠣᠷᠢᠳᠠᠢ ᠵᠠᠯᠭᠠᠮᠵᠢᠯᠠᠭᠴᠢ ᠶᠢ ᠬᠥᠮᠥᠵᠢᠬᠦᠯᠵᠣ᠂ ᠲᠣᠮᠳᠠᠳᠣ ᠶᠢᠨ ᠥᠨᠳᠥᠰᠥᠳᠡᠨ ᠤ ᠨᠢᠭᠳᠠᠷᠠᠯ ᠤᠨ ᠬᠥᠴᠥᠨ ᠪᠠ ᠲᠥᠪᠯᠡᠩᠬᠦᠢ ᠬᠥᠴᠥᠨ ᠢ ᠲᠠᠰᠣᠷᠠᠯᠳᠠ ᠥᠭᠡᠢ ᠴᠢᠩᠭᠠᠷᠠᠭᠤᠯᠣᠨ᠎ᠠ᠃      ᠰᠣᠷᠣᠭᠴᠢᠳ ᠭᠠᠷ ᠲᠠᠬᠢ ᠵᠢᠷᠤᠭ ᠤᠨ ᠪᠢᠷ ᠢᠶᠠᠷ ᠢᠶᠠᠨ ᠪᠡᠶ᠎ᠡ ᠶᠢᠨ ᠬᠠᠵᠠᠭᠤᠳᠡᠬᠢ ᠥᠨᠳᠥᠰᠥᠳᠡᠨ ᠤ ᠪᠥᠯᠬᠦᠮᠳᠡᠯ ᠤᠨ ᠥᠯᠢᠭᠡᠷ ᠤᠳ ᠢ ᠵᠢᠷᠤᠭ ᠲᠠᠭᠠᠨ ᠨᠢᠭᠳᠠᠷᠠᠭᠤᠯᠵᠣ᠂ ᠬᠠᠭᠤᠯᠣᠮᠠᠯ ᠰᠣᠨᠢᠨ ᠳᠠᠭᠠᠨ ᠢᠯᠡᠷᠡᠬᠦᠯᠬᠦ ᠶᠢᠨ ᠬᠠᠮᠳᠣ ︽ᠪᠢᠳᠡ ᠰᠡᠳᠬᠢᠯ ᠵᠢᠷᠣᠭᠡ ᠪᠠᠨ ᠬᠤᠯᠪᠣᠵᠣ᠂ ᠭᠠᠷ ᠭᠠᠷ ᠢᠶᠠᠨ ᠭᠥᠳᠥᠯᠥᠯᠴᠡᠨ᠂ ᠠᠮᠢᠰᠬᠤᠭ᠎ᠠ ᠨᠢᠬᠡᠳᠡᠢ᠂ ᠬᠠᠮᠳᠣ ᠶᠢᠨ ᠬᠤᠪᠢ ᠵᠠᠶᠠᠭ᠎ᠠ ᠲᠠᠢ᠂ ᠥᠪᠡᠷ ᠤᠨ ᠨᠢᠳᠣᠨ ᠴᠡᠴᠡᠭᠡᠢ ᠪᠠᠨ ᠬᠠᠶᠢᠷᠠᠯᠠᠬᠤ ᠰᠢᠭ ᠥᠨᠳᠥᠰᠥᠳᠡᠨ ᠤ ᠪᠥᠯᠭᠦᠮᠳᠡᠯ ᠢ ᠬᠠᠶᠢᠷᠠᠯᠠᠶ᠎ᠠ︾ ᠬᠡᠭᠦ ᠲᠥᠪ ᠬᠢᠴᠢᠶᠡᠩᠬᠦᠢ ᠠᠮᠠᠯᠠᠯᠳᠠ ᠪᠠᠨ ᠪᠢᠴᠢᠭᠰᠡᠨ ᠪᠠᠶᠢᠨ᠎ᠠ᠃ ᠣᠷᠠᠨ ᠰᠠᠶᠢᠬᠠᠨ ᠪᠥᠳᠥᠭᠡᠯ ᠤᠳ ᠨᠢ  ᠰᠣᠷᠣᠭᠴᠢᠳ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠲᠣᠬᠠᠢ ᠲᠠᠨᠢᠯᠳᠠ ᠪᠠ ᠲᠥᠷᠥᠭᠳᠡᠯ ᠤᠨ ᠢᠯᠡᠷᠡᠯ ᠪᠠᠶᠢᠵᠣ᠂ ᠨᠡᠩ ᠴᠣ᠋ ᠰᠣᠷᠣᠭᠴᠢᠳ ᠤᠨ ᠠᠭᠠᠵᠢᠮ ᠢᠶᠠᠷ ᠪᠥᠷᠢᠯᠳᠣᠭ᠍ᠰᠡᠨ ᠥᠨᠳᠥᠰᠥᠳᠡᠨ ᠤ ᠪᠥᠯᠬᠦᠮᠳᠠᠯ ᠤᠨ ᠣᠬᠠᠮᠰᠠᠷ ᠪᠠ ᠥᠨᠳᠥᠰᠥᠳᠡᠨ ᠤ ᠣᠮᠣᠭᠰᠢᠯᠳᠣ ᠰᠡᠳᠬᠢᠯᠭᠡ ᠶᠢᠨ ᠢᠯᠡᠷᠡᠯ ᠪᠣᠯᠣᠨ᠎ᠠ᠃      ︽ᠪᠢᠴᠢᠬᠠᠨ ᠲᠠᠩᠺᠡ ᠢ ᠭᠡᠣᠭᠡᠳ᠂ ᠣᠪ ᠣᠯᠠᠭᠠᠨ ᠠᠨᠠᠷ ᠤᠨ ᠥᠷ᠎ᠡ︾ ᠬᠡᠭᠦ ᠭᠤᠣᠯ ᠰᠡᠳᠣᠪᠳᠣ ᠬᠠᠭᠤᠯᠤᠮᠠᠯ ᠰᠣᠨᠢᠨ ᠤ ᠥᠵᠡᠬᠦᠯᠥᠯᠭᠡ ᠶᠢᠨ ᠠᠵᠢᠯᠯᠠᠭ᠎ᠠ ᠵᠢ‌ᠥᠷᠨᠢᠬᠦᠯᠬᠦ ᠪᠠᠨ ᠲᠠᠮᠵᠢᠭᠤᠯᠣᠨ᠂ ᠥᠨᠳᠥᠰᠥᠳᠡᠨ ᠤ ᠪᠥᠯᠬᠦᠮᠳᠡᠯ ᠤᠨ ᠬᠥᠮᠥᠵᠢᠯ ᠤᠨ ᠴᠢᠬᠤᠯᠨ ᠠᠴᠢ ᠬᠤᠯᠪᠣᠭᠳᠠᠯ ᠢ ᠣᠬᠠᠭᠤᠯᠵᠣ᠂ ᠵᠥᠪ ᠣᠨᠣᠪᠴᠢᠳᠠᠢ ᠣᠯᠣᠰ ᠤᠨ ᠥᠵᠡᠯᠳᠡ᠂ ᠥᠨᠳᠥᠰᠥᠳᠡᠨ ᠥᠵᠡᠯᠳᠡ ᠶᠢ ᠪᠠᠳᠣ ᠪᠠᠭᠢ ᠪᠣᠢ ᠪᠣᠯᠭᠠᠵᠣ᠂ ᠰᠣᠷᠣᠭᠴᠢᠳ ᠢ ᠬᠠᠷᠠᠬᠠᠨ ᠪᠠᠭ᠎ᠠ ᠠᠴᠠ ᠪᠠᠨ ᠣᠯᠣᠰ ᠢᠶᠠᠨ ᠬᠠᠶᠢᠷᠠᠯᠠᠬᠤ ᠥᠵᠡᠯ ᠪᠣᠯᠣᠨ ᠥᠨᠳᠥᠰᠥᠳᠡᠨ ᠤ ᠪᠥᠯᠬᠦᠮᠳᠡᠯ ᠤᠨ ᠬᠥᠮᠥᠵᠢᠯ ᠢ ᠭᠥᠷᠳᠡᠬᠦ ᠶᠢ ᠭᠥᠳᠥᠯᠥᠨ ᠵᠢᠯᠣᠭᠤᠳᠴᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠰᠣᠷᠣᠭᠴᠢ ᠨᠢᠬᠡᠪᠣᠷᠢ ᠶᠢᠨ ᠰᠡᠳᠵᠢᠯ ᠳᠤ ᠭᠥᠨ ᠥᠨᠳᠥᠰᠥᠯᠡᠬᠦᠯᠣᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号