ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ︽ᠨᠡᠶᠢᠭᠡᠮ ᠤᠨ ᠳᠠᠭᠠᠳᠬᠠᠯ ᠤᠨ ᠺᠠᠷᠲ ᠤᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/6/28
      ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠤᠬᠠᠢ ᠣᠯᠠᠨ ᠨᠡᠶᠢᠲᠡ ᠶᠢᠨ ᠲᠠᠨᠢᠯᠲᠠ  ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠠᠷᠬᠠᠭᠠᠵᠤ ᠬᠡᠷᠡᠭᠯᠡᠬᠦ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠠᠴᠠ ᠠᠯᠢ ᠣᠯᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 6 ᠰᠠᠷ᠎ᠠ ᠶᠢᠨ 21 ᠤ ᠡᠳᠦᠷ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠨᠡᠶᠢᠭᠡᠮ ᠤᠨ ᠪᠠᠲᠤᠯᠠᠭ᠎ᠠ ᠶᠢᠨ ᠺᠠᠷᠲ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠣᠶᠤᠲᠠᠳ ᠲᠤ ᠨᠠᠩ ᠣᠯᠠᠨ ᠳᠥᠭᠦᠮ ᠳᠥᠲᠡ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃      ᠲᠣᠰ ᠤᠳᠠᠭᠠᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠬᠠᠭᠤᠯᠭ᠎ᠠ ᠨᠢ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠣᠶᠤᠲᠠᠳ ᠲᠤ ᠨᠢᠭᠤᠷᠲᠠᠨ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢᠨ ᠲᠤᠬᠠᠢ ᠣᠶᠤᠲᠠᠳ ᠤᠨ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠠᠵᠢᠯᠲᠠᠳ ᠣᠶᠤᠲᠠᠳ ᠲᠤ ᠨᠡᠶᠢᠭᠡᠮ ᠤᠨ ᠳᠠᠭᠠᠳᠬᠠᠯ ᠤᠨ ᠺᠠᠷᠲ ᠤᠨ ᠬᠡᠷᠡᠭᠯᠡᠭᠡᠨ ᠤ ᠲᠠᠯᠠᠪᠤᠷ ᠤᠨ ᠮᠡᠳᠡᠯᠭᠡ᠂ ᠨᠡᠶᠢᠭᠡᠮ ᠤᠨ ᠳᠠᠭᠠᠳᠬᠠᠯ ᠤᠨ ᠺᠠᠷᠲ ᠤᠨ ᠦᠢᠯᠡᠴᠢᠯᠡᠭᠡᠨ ᠤ ᠵᠦᠢᠯᠡᠰ᠂ ᠦᠢᠯᠡᠴᠢᠯᠡᠭᠡᠨ ᠤ ᠠᠷᠭ᠎ᠠ ᠮᠠᠶ᠋ᠢᠭ ᠢ ᠲᠠᠶᠢᠯᠪᠤᠷᠢᠯᠠᠨ ᠥᠭᠴᠦ᠂ ᠣᠯᠠᠨ ᠢ ᠬᠠᠪᠰᠤᠷᠤᠨ ᠨᠡᠶᠢᠭᠡᠮ ᠤᠨ ᠳᠠᠭᠠᠳᠬᠠᠯ ᠤᠨ ᠺᠠᠷᠲ ᠢ ᠭᠦᠨᠵᠡᠭᠡᠢ ᠣᠶᠢᠯᠠᠭᠠᠭᠤᠯᠵᠤ᠂ ᠨᠡᠶᠢᠭᠡᠮ ᠤᠨ ᠳᠠᠭᠠᠳᠬᠠᠯ ᠤᠨ ᠺᠠᠷᠲ ᠢ ᠰᠠᠶᠢᠲᠤᠷ ᠬᠡᠷᠡᠭᠯᠡᠭᠦᠯᠵᠦ᠂ ᠣᠶᠤᠲᠠᠳ ᠲᠤ ︽ᠪᠦᠬᠦᠨ ᠳᠤ ᠲᠣᠬᠢᠷᠠᠬᠤ ᠺᠠᠷᠲ︾ ᠤᠨ ᠠᠪᠴᠢᠷᠠᠭᠰᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠣᠶᠢᠯᠠᠭᠠᠭᠤᠯᠪᠠ᠃ ᠡᠭᠦᠨ ᠠᠴᠠ ᠭᠠᠳᠠᠨ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ︽ᠨᠡᠶᠢᠭᠡᠮ ᠤᠨ ᠪᠠᠲᠤᠯᠠᠭ᠎ᠠ ᠶᠢᠨ ᠺᠠᠷᠲ ᠭᠡᠳᠡᠭ ᠨᠢ ᠶᠠᠭᠤ ᠪᠣᠯᠬᠤ᠂ ᠬᠡᠷᠬᠢᠨ ᠬᠡᠷᠡᠭᠯᠡᠬᠦ︾ ᠲᠤᠬᠠᠢ ᠭᠦᠨᠵᠡᠭᠡᠢ ᠵᠠᠳᠠᠯᠤᠯᠲᠠ ᠬᠢᠵᠦ᠂ ᠲᠤᠬᠠᠢ ᠶᠢᠨ ᠡᠳᠦᠷ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 150 ᠭᠠᠷᠤᠢ ᠬᠤᠪᠢ ᠲᠠᠷᠬᠠᠭᠠᠵᠤ᠂ 30 ᠭᠠᠷᠤᠢ ᠠᠰᠠᠭᠤᠯᠲᠠ ᠶᠢ ᠬᠠᠷᠢᠭᠤᠯᠵᠠᠢ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠦᠷᠭᠦᠯᠵᠢᠯᠡᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡᠨ ᠤ ︽ᠬᠥᠳᠡᠭᠡ ᠲᠣᠰᠬᠤᠨ ᠳᠤ ᠬᠦᠷᠭᠡᠬᠦ᠂ ᠠᠵᠤ ᠠᠬᠤᠶᠢᠯᠠᠯ ᠳᠤ ᠬᠦᠷᠭᠡᠬᠦ᠂ ᠨᠡᠶᠢᠭᠡᠮ ᠲᠣᠭᠤᠷᠢᠭ ᠲᠤ ᠬᠦᠷᠭᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠤᠬᠠᠭᠤᠯᠤᠨ ᠳᠡᠯᠭᠡᠷᠡᠭᠦᠯᠬᠦ ᠠᠵᠢᠯ ᠢ ᠲᠦᠷᠭᠡᠳᠬᠡᠨ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠣᠳᠠᠲᠤ ᠴᠣᠭᠴᠠᠲᠤ ᠺᠠᠷᠲ᠂ ᠡᠯᠧᠺᠲᠷᠣᠨ ᠺᠠᠷᠲ ᠢ ᠥᠷᠭᠡᠨ ᠢᠶᠠᠷ ᠬᠡᠷᠡᠭᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号