ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠵᠦ᠂ ᠪᠥᠬᠦ ᠲᠤᠭᠤᠷᠢᠭ ᠤᠨ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠦᠴᠢᠷᠳᠡᠯᠲᠡᠢ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ᠂ 2023 ᠣᠨ ᠤ ᠪᠤᠭᠤᠲᠤ ᠬᠤᠲᠠ ᠶᠢᠨ ᠨᠡᠶᠢᠭᠡᠮ ᠤᠨ ᠠᠪᠤᠷᠠᠨ | ᠲᠤᠰᠠᠯᠠᠬᠤ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠪᠡ᠃ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ︽2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠬᠤᠯᠪᠣᠭᠳᠠᠯ | ᠪᠦᠬᠦᠢ ᠵᠦᠢᠯᠡᠰ ᠤᠨ ᠲᠤᠬᠠᠢ ᠮᠡᠳᠡᠭᠳᠡᠯ︾ ︵ᠪᠤᠭᠤᠲᠤ ᠠᠷᠠᠳ ᠤᠨ ᠶᠠᠪᠤᠳᠠᠯ ᠲᠠᠷᠬᠠᠭᠠᠭᠰᠠᠨ ﹇2023﹈ 32 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠬᠠᠮᠲᠤᠷᠠᠨ ᠪᠠᠭᠤᠯᠭᠠᠪᠠ᠃ ᠮᠡᠳᠡᠭᠳᠡᠯ ᠳᠤ ᠲᠣᠭᠲᠠᠭᠠᠭᠰᠠᠨ ᠨᠢ᠂ ᠲᠣᠰ | ᠤᠳᠠᠭ᠎ᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ 42 ᠲᠥᠭᠦᠷᠢᠭ | ᠳᠡᠭᠡᠭᠰᠢᠯᠡᠭᠦᠯᠵᠦ᠂ ᠬᠥᠮᠥᠨ ᠪᠦᠷᠢ ᠰᠠᠷ᠎ᠠ ᠳᠤ 840 ᠲᠥᠭᠦᠷᠢᠭ ᠪᠠᠶᠢᠭᠰᠠᠨ ᠠᠴᠠ 882 ᠲᠥᠭᠦᠷᠢᠭ ᠪᠣᠯᠭᠠᠨ | ᠳᠡᠭᠡᠭᠰᠢᠯᠡᠭᠦᠯᠦᠨ᠎ᠡ᠃ ᠬᠡᠷᠡᠭᠵᠢᠭᠦᠯᠬᠦ ᠴᠠᠭ ᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ᠂ 7 | ᠰᠠᠷ᠎ᠠ ᠠᠴᠠ ᠰᠡᠭᠦᠯᠡᠷ ᠰᠢᠨ᠎ᠡ ᠪᠠᠷᠢᠮᠵᠢᠶ᠎ᠠ ᠪᠠᠷ ᠰᠠᠷ᠎ᠠ ᠪᠠᠷ ᠲᠠᠷᠬᠠᠭᠠᠵᠦ᠂ 1—6 ᠳ᠋ᠤᠭᠠᠷ ᠰᠠᠷ᠎ᠠ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ ᠪᠡᠯᠡ ᠮᠥᠩᠭᠦ ᠶᠢ 6 ᠰᠠᠷ᠎ᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠲᠠᠢ ᠬᠠᠮᠲᠤ ᠳᠤᠨᠢ ᠲᠠᠷᠬᠠᠭᠠᠨ᠎ᠠ᠃ | ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠠᠭᠠᠭᠠᠴᠢᠯᠠᠯᠲᠠ ᠶᠢᠨ ᠪᠢᠴᠢᠭ | ᠮᠠᠲ᠋ᠧᠷᠢᠶᠠᠯ ᠢ ᠬᠤᠷᠢᠶᠠᠵᠦ ᠣᠯᠣᠭᠰᠠᠨ ᠤ ᠳᠠᠷᠠᠭ᠎ᠠ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠡᠯ᠎ᠡ ᠵᠡᠭᠡᠯᠢ | ᠪᠠᠯᠭᠠᠰᠤ ᠲᠠᠢ ᠨᠥᠬᠦᠪᠦᠷᠢᠯᠡᠨ ᠣᠯᠭᠤᠭᠰᠠᠨ ᠡᠷᠦᠬᠡ ᠶᠢᠨ ᠲᠤᠭ᠎ᠠ᠂ ᠬᠥᠮᠥᠨ ᠤ ᠲᠤᠭ᠎ᠠ ᠶᠢ ᠬᠠᠷᠭᠤᠭᠤᠯᠵᠤ᠂ | ᠨᠥᠬᠦᠪᠦᠷᠢᠯᠡᠨ ᠣᠯᠭᠤᠬᠤ ᠠᠵᠢᠯ ᠢ ᠦᠳᠲᠡᠷ ᠲᠦᠷᠭᠡᠨ ᠪᠡᠶᠡᠯᠡᠭᠦᠯᠪᠡ᠃ ᠲᠣᠰ ᠤᠳᠠᠭᠠᠨ ᠤ ᠪᠠᠷᠢᠮᠵᠢᠶ᠎ᠠ ᠶᠢ | ᠳᠡᠭᠡᠭᠰᠢᠯᠡᠭᠦᠯᠦᠭᠡᠳ ᠴᠢᠩᠱᠠᠨ ᠲᠣᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ | ᠨᠡᠶᠢᠲᠡ 434 ᠡᠷᠦᠬᠡ 580 ᠬᠥᠮᠥᠨ ᠠᠰᠢᠭ ᠬᠦᠷᠲᠡᠭᠡᠵᠦ᠂ ᠨᠡᠶᠢᠲᠡ 14.6 ᠲᠦᠮᠡᠨ ᠲᠥᠭᠦᠷᠢᠭ ᠨᠥᠬᠦᠪᠦᠷᠢᠯᠡᠨ | ᠲᠠᠷᠬᠠᠭᠠᠵᠦ᠂ ᠵᠢᠱᠢᠯᠲᠡ ᠪᠠᠷ 6 ᠰᠠᠷ᠎ᠠ ᠶᠢᠨ 10 ᠤ ᠡᠳᠦᠷ ᠠᠴᠠ ᠡᠮᠦᠨ᠎ᠡ ᠲᠠᠷᠬᠠᠭᠠᠬᠤ ᠪᠣᠯᠣᠨ᠎ᠠ᠃ | | | |