ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2023 ᠣᠨ ᠤ 4 ᠰᠠᠷ᠎ᠠ ᠶᠢᠨ 1 ᠤ ᠡᠳᠦᠷ — 4 ᠰᠠᠷ᠎ᠠ ᠶᠢᠨ 30 ᠤ ᠡᠳᠦᠷ︶
ᠨᠡᠶᠢᠲᠡᠯᠡᠭᠰᠡᠨ ᠴᠠᠭ᠄
2023/6/5
      4 ᠰᠠᠷ᠎ᠠ ᠶᠢᠨ 7 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 9 ᠳ᠋ᠦᠩᠰᠢᠭᠤᠷ ᠲᠥᠭᠦᠷᠢᠭ ᠤᠨ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠵᠢᠴᠢ ᠬᠥᠳᠡᠯᠭᠡᠭᠦᠷ ᠤᠨ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠢ ᠴᠢᠩᠱᠠᠨ ᠲᠣᠭᠤᠷᠢᠭ ᠲᠤ ᠣᠷᠣᠭᠤᠯᠵᠤ᠂ ᠲᠦᠷᠦᠯ ᠵᠦᠢᠯ ᠢ ᠭᠤᠸᠠᠩᠳᠦ᠋ᠩ ᠤᠨ ᠾᠢᠮᠠᠯᠠᠶ᠎ᠠ ᠶᠢᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠭᠤᠣᠯᠳᠠᠭᠤ ᠵᠢᠯ ᠳᠤ 5000 ᠰᠠᠤᠷᠢ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠵᠢᠴᠢ ᠬᠥᠳᠡᠯᠭᠡᠭᠦᠷ ᠤᠨ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ 5000 ᠰᠠᠤᠷᠢ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠤᠨ ᠰᠢᠰᠲ᠋ᠧᠮ᠂ ᠴᠠᠬᠢᠯᠭᠠᠨ ᠣᠪᠣᠭ᠎ᠠ ᠵᠢᠴᠢ ᠲᠡᠭᠦᠨ ᠤ ᠳᠡᠭᠡᠳᠦ ᠤᠷᠤᠰᠬᠠᠯ ᠤᠨ ᠭᠤᠣᠯ ᠰᠡᠯᠪᠢᠭ ᠲᠣᠨᠤᠭ ᠤᠨ ᠦᠢᠯᠡᠳᠪᠦᠷᠢᠯᠡᠯ ᠤᠨ ᠱᠤᠭᠤᠮ ᠢ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 25 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 1.48 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠨ᠎ᠠ᠃      4 ᠰᠠᠷ᠎ᠠ ᠶᠢᠨ 19 ᠤ ᠡᠳᠦᠷ᠂ ᠴᠢᠩᠱᠠᠨ ᠲᠣᠭᠤᠷᠢᠭ ᠪᠣᠯᠣᠨ ᠬᠠᠩᠵᠧᠦ ᠬᠤᠲᠠ ᠶᠢᠨ ᠱᠠᠩᠴᠧᠩ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠥᠭᠡᠷᠡᠴᠢᠯᠡᠯᠲᠡ ᠶᠢᠨ ᠣᠷᠣᠨ ᠪᠦᠰᠡ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠭᠡᠷ᠎ᠡ ᠠᠮᠵᠢᠯᠲᠠ ᠲᠠᠢ ᠭᠠᠷ ᠤᠨ ᠦᠰᠦᠭ ᠵᠢᠷᠦᠪᠡ᠃ ᠴᠢᠩᠱᠠᠨ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠬᠠᠩᠵᠧᠦ ᠬᠤᠲᠠ ᠶᠢᠨ ᠱᠠᠩᠴᠧᠩ ᠲᠣᠭᠤᠷᠢᠭ ᠪᠣᠯ ᠵᠧᠵᠢᠶᠠᠩ ᠮᠤᠵᠢ ᠶᠢᠨ ᠪᠠᠭ᠎ᠠ ᠰᠤᠷᠭᠠᠭᠤᠯᠢ ᠶᠢᠨ ᠰᠣᠷᠣᠭᠴᠢ ᠶᠢ ᠶᠡᠷᠦᠩᠬᠡᠶᠢᠯᠡᠨ ᠦᠨᠡᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠬᠤᠶᠠᠷ ᠡᠲᠡᠭᠡᠳ ᠢᠶᠠᠷ ᠢᠶᠠᠨ ᠣᠷᠣᠨ ᠪᠦᠰᠡ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤ ᠶᠢᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠬᠢᠴᠢᠶᠡᠯ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠭ᠎ᠠ ᠰᠤᠷᠭᠠᠭᠤᠯᠢ ᠶᠢᠨ ᠰᠣᠷᠣᠭᠴᠢ ᠶᠢ ᠶᠡᠷᠦᠩᠬᠡᠶᠢᠯᠡᠨ ᠦᠨᠡᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠤᠰᠬᠠᠢ ᠮᠡᠷᠭᠡᠵᠢᠯ ᠤᠨ ᠦᠨᠡᠯᠡᠯᠲᠡ ᠶᠢᠨ ᠭᠤᠣᠯᠯᠠᠭᠴᠢ ᠬᠦᠴᠦᠨ ᠢ ᠬᠥᠮᠥᠵᠢᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠪᠥᠭᠡᠳ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃      ᠲᠣᠰ ᠡᠳᠦᠷ᠂ ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠵᠢᠩᠬᠢᠨᠢ ᠪᠠᠷ ᠪᠠᠶᠢᠭᠤᠯᠤᠭᠳᠠᠪᠠ᠃ ᠲᠣᠰ ᠲᠥᠪ ᠢ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ)᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠮᠲᠤ ᠪᠠᠷ ᠬᠥᠲᠥᠯᠥᠨ ᠵᠢᠯᠤᠭᠤᠳᠴᠤ ᠲᠦᠯᠬᠢᠨ ᠠᠬᠢᠭᠤᠯᠵᠤ᠂ ᠵᠦᠬᠠᠢ ᠾᠧᠩ ᠴᠢᠨ ᠣᠯᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠪᠡ᠃ ᠣᠳᠣᠬᠠᠨ ᠳᠤ᠂ ᠲᠣᠰ ᠲᠥᠪ ᠨᠢ ᠥᠨᠳᠥᠷ ᠪᠦᠲᠦᠮᠵᠢᠲᠡᠶ ᠪᠦᠲᠦᠭᠡᠨ ᠪᠠᠶᠢᠭᠤᠯᠤᠯᠲᠠ ᠶᠢᠨ ᠱᠠᠲᠤᠨ ᠳᠤ ᠣᠷᠣᠰᠢᠵᠤ᠂ ᠰᠢᠨ᠎ᠡ ᠶᠢ ᠡᠭᠦᠳᠬᠦ ᠪᠡᠶᠡᠴᠢ ᠴᠣᠭᠴᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠡᠷᠡᠭᠯᠡᠬᠦ᠂ ᠬᠤᠪᠢᠷᠠᠭᠤᠯᠬᠤ ᠪᠠ ᠬᠠᠮᠢᠶᠠᠷᠬᠤ ᠵᠡᠷᠭᠡ ᠶᠢ ᠬᠠᠮᠤᠷᠤᠭᠰᠠᠨ ᠦᠢᠯᠡᠴᠢᠯᠡᠭᠡ ᠬᠠᠩᠭᠠᠬᠤ ᠪᠣᠯᠣᠨ᠎ᠠ᠃      4 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠲᠥᠪ ᠤᠨ ᠡᠳ᠋ ᠤᠨ ᠵᠠᠰᠠᠭ ᠤᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠦᠬᠦᠨ ᠢ ᠪᠡᠶᠡᠯᠡᠭᠦᠯᠪᠡ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 6933 ᠲᠦᠮᠡᠨ ᠲᠥᠭᠦᠷᠢᠭ ᠪᠠᠶᠢᠵᠤ᠂ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠶ ᠨᠢ 1 ᠲᠦᠮᠡᠨ ᠮᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ 4 ᠲᠣᠰᠬᠤᠨ ᠲᠦᠯᠦᠪᠯᠡᠵᠦ᠂ ᠪᠥᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃      4 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠠᠰᠠᠷ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠰᠤᠳᠤᠯᠵᠤ᠂ 2023 ᠣᠨ ᠤ ᠨᠢᠭᠡᠳᠦᠭᠡᠷ ᠤᠯᠠᠷᠢᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      4 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠠᠰᠠᠷ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ  ᠠᠴᠠ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号