ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠨᠠᠮ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/6
      ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ  ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠴᠢᠩᠱᠠᠨ ᠵᠠᠰᠠᠭ ᠲᠠᠷᠬᠠᠭᠠᠭᠰᠠᠨ〔2023〕10 ᠳ᠋ᠤᠭᠠᠷ ᠲᠣᠭᠠᠲᠤ      ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ᠄      ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠤᠳᠤᠯᠬᠤ ᠪᠠᠷ ᠲᠠᠮᠵᠢᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄      ᠪᠠᠢ ᠶᠦᠨ ᠰᠢ᠄ ᠲᠣᠭᠤᠷᠢᠭ ᠤᠨ ᠳᠠᠷᠤᠭ᠎ᠠ       ᠲᠣᠭᠤᠷᠢᠭ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠃      ᠰᠢᠦᠢ ᠼᠠᠢ ᠹᠧᠩ᠄ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ       ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠲᠤᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠃ ᠲᠤᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠪᠠᠶᠢᠴᠠᠭᠠᠯᠲᠠ ᠶᠢᠨ ᠠᠩᠭᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡ ᠳᠠᠭᠠᠳᠬᠠᠯ ᠤᠨ ᠲᠡᠮᠳᠡᠭᠲᠦ ᠶᠢᠨ ᠪᠠᠶᠢᠭᠤᠯᠤᠮᠵᠢ᠃      ᠬᠤ᠋ ᠭᠦᠸᠧ ᠵᠦ᠋᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠢ ᠡᠷᠬᠢᠯᠡᠨ᠎ᠡ᠃      ᠬᠤᠪᠢᠳᠠᠨ ᠬᠠᠮᠢᠶᠠᠷᠬᠤ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃      ᠬᠠᠷᠢᠯᠴᠠᠬᠤ ᠨᠢ᠄ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠃      ᠵᠠᠩ ᠵᠢᠶᠠᠨ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃      ᠬᠠᠷᠢᠯᠴᠠᠬᠤ ᠨᠢ᠄ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ᠃      ᠦ᠋ ᠬᠤᠤ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠴᠢᠩᠱᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠵᠢᠯ ᠢ ᠡᠷᠬᠢᠯᠡᠨ᠎ᠠ᠃  ᠬᠤᠪᠢᠳᠠᠨ ᠬᠠᠮᠢᠶᠠᠷᠬᠤ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠃      ᠬᠠᠷᠢᠯᠴᠠᠬᠤ ᠨᠢ᠄ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠭᠤᠳ ᠬᠠᠷᠢᠶ᠎ᠠ ᠬᠤᠶᠠᠳᠤᠭᠠᠷ ᠬᠤᠪᠢᠶᠠᠷᠢ ᠲᠣᠪᠴᠢᠶ᠎ᠠ᠂ ᠤᠰᠤᠲᠤ ᠠᠮᠤᠷ ᠢ ᠬᠠᠮᠠᠭᠠᠯᠠᠬᠤ ᠬᠤᠪᠢᠶᠠᠷᠢ ᠲᠣᠪᠴᠢᠶ᠎ᠠ᠃      ᠯᠢ ᠨᠠ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠪᠠ ᠵᠡᠭᠡᠯᠢ ᠭᠤᠳᠤᠮᠵᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠭᠤᠷᠢᠭ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃      ᠬᠠᠷᠢᠯᠴᠠᠬᠤ ᠨᠢ᠄ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠵᠥᠪᠯᠡᠯ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃     ᠵᠢᠶᠠᠩ ᠲᠢᠶᠠᠨ ᠴᠧᠩ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠤᠭᠤᠷᠢᠭ ᠤᠨ ᠬᠤᠳᠠᠯᠳᠤᠭᠠᠨ  ᠤ ᠶᠠᠪᠤᠳᠠᠯ  ᠤᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠃      ᠬᠠᠷᠢᠯᠴᠠᠬᠤ ᠨᠢ᠄ ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ᠃      ᠯᠢ ᠶᠠᠩ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠢ ᠬᠠᠪᠰᠤᠷᠤᠨ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ‍ᠤᠨ‌‍ᠪᠠᠶᠢᠩᠭᠤ ᠶᠢᠨ ᠳᠡᠳ᠋ ᠳᠠᠷᠤᠭ᠎ᠠ ᠶᠢ ᠬᠠᠮᠵᠢᠨ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ ᠬᠠᠮᠢᠶᠠᠷᠬᠤ ᠵᠥᠪᠯᠡᠯ ︵ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶ ᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠲᠡᠮᠳᠡᠭᠲᠦ ᠶᠢᠨ ᠪᠠᠶᠢᠭᠤᠯᠤᠮᠵᠢ᠃      ᠯᠢ ᠶᠦᠩ ᠭᠠᠩ᠄ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠵᠤ ᠠᠬᠤᠢ᠂ ᠦᠨᠳᠦᠰᠦᠲᠡᠨ ᠤ ᠬᠡᠷᠡᠭ ᠶᠠᠪᠤᠳᠠᠯ᠂ ᠰᠤᠷᠭᠠᠨ ᠬᠥᠮᠦᠵᠢᠯ᠂ ᠬᠥᠳᠡᠭᠡ ᠲᠣᠰᠬᠤᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠣᠶ ᠰᠢᠭᠤᠢ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ  ᠬᠠᠮᠢᠶᠠᠷᠬᠤ᠄ ᠪᠤᠭᠤᠲᠤ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠣᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ᠃      ᠬᠠᠷᠢᠯᠴᠠᠬᠤ ᠨᠢ᠄ ᠲᠣᠭᠤᠷᠢᠭ ᠤᠨ ᠬᠤᠶᠢᠴᠢ ᠦᠶ᠎ᠡ ᠶᠢᠨ ᠬᠢᠨ  ᠢᠶᠠᠨ ᠬᠠᠯᠠᠮᠵᠢᠯᠠᠬᠤ ᠠᠵᠢᠯ ᠤᠨ ᠵᠦᠪᠯᠡᠯ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ      2023 ᠣᠨ ᠤ 4 ᠰᠠᠷ᠎ᠠ ᠶᠢᠨ 27 ᠤ ᠡᠳᠦᠷ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号