ᠲᠤᠬᠠᠢ ᠶᠢᠨ ᠰᠠᠷ᠎ᠠ ᠶᠢᠨ ᠨᠠᠰᠤᠨ ᠤ ᠠᠮᠠᠷᠠᠯᠲᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠶᠢᠴᠠᠭᠠᠨ ᠯᠠᠪᠯᠠᠵᠤ ᠳᠡᠶᠢᠯᠬᠦ ᠦᠭᠡᠢ ᠨᠢ ᠶᠠᠮᠠᠷ ᠪᠠᠶᠢᠳᠠᠯ ᠤᠷᠤᠰᠢᠵᠦ ᠪᠠᠶᠢᠬᠤ ᠪᠤᠢ︖
ᠨᠡᠶᠢᠲᠡᠯᠡᠭᠰᠡᠨ ᠴᠠᠭ᠄
2023/6/9
      ᠣᠶᠢᠷ᠎ᠠ ᠳᠤ᠂ ᠳᠠᠭᠠᠳᠬᠠᠯ ᠳᠤ ᠣᠷᠣᠯᠴᠠᠭᠰᠠᠨ ᠵᠠᠷᠢᠮ ᠬᠥᠮᠥᠰ ᠤᠲᠠᠰᠤ ᠪᠠᠷ᠄ ︽ᠮᠢᠨᠤ ᠨᠠᠰᠤᠨ ᠤ ᠠᠮᠠᠷᠠᠯᠲᠠ  ᠶᠢᠨ ᠨᠠᠰᠤᠵᠢᠯ ᠤᠨ ᠠᠰᠠᠷᠠᠮᠵᠢ  ᠶᠢᠨ ᠮᠥᠩᠭᠦ ᠶᠢ ᠥᠭᠭᠦᠭᠰᠡᠨ ᠦᠭᠡᠢ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠶ︖︾ ᠭᠡᠵᠦ ᠠᠰᠠᠭᠤᠨ ᠯᠠᠪᠯᠠᠵᠠᠢ᠃ ᠡᠭᠦᠨ ᠳᠤ ᠳᠣᠣᠷᠠᠬᠢ ᠮᠡᠲᠦ ᠬᠡᠳᠦᠨ ᠵᠦᠢᠯ ᠤᠨ ᠪᠠᠶᠢᠳᠠᠯ ᠪᠠᠶᠢᠵᠤ ᠮᠡᠳᠡᠨ᠎ᠡ᠄     1᠂ 202 ᠤᠨ ᠤ 12 ᠰᠠᠷ᠎ᠠ  ᠠᠴᠠ ᠡᠬᠢᠯᠡᠨ ᠨᠠᠰᠤᠨ ᠤ ᠠᠮᠠᠷᠠᠯᠲᠠ  ᠶᠢᠨ ᠨᠠᠰᠤᠵᠢᠯ ᠤᠨ ᠠᠰᠠᠷᠠᠮᠵᠢ  ᠶᠢᠨ ᠮᠥᠩᠭᠦ  ᠶᠢ ᠪᠠᠶᠢᠴᠠᠭᠠᠨ ᠯᠠᠪᠯᠠᠵᠤ ᠳᠡᠶᠢᠯᠬᠦ ᠦᠭᠡᠢ ᠪᠣᠯᠵᠠᠢ᠄     ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2022 ᠤᠨ ᠤ 12 ᠰᠠᠷ᠎ᠠ  ᠠᠴᠠ ᠡᠬᠢᠯᠡᠨ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠨᠡᠶᠢᠭᠡᠮ ᠤᠨ ᠳᠠᠭᠠᠳᠬᠠᠯ ᠤᠨ ᠺᠠᠷᠲ ᠲᠠᠢ ᠳᠠᠭᠠᠳᠬᠠᠯ ᠳᠤ ᠣᠷᠣᠯᠴᠠᠭᠰᠠᠳ ᠢ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠣᠯᠭᠤᠬᠤ ᠪᠣᠯᠭᠠᠨ ᠬᠤᠪᠢᠷᠠᠭᠤᠯᠤᠨ᠎ᠠ᠃ ᠬᠡᠷᠪᠡ ᠨᠡᠶᠢᠭᠡᠮ ᠤᠨ ᠳᠠᠭᠠᠳᠬᠠᠯ ᠤᠨ ᠺᠠᠷᠲ ᠦᠭᠡᠢ ᠳᠠᠭᠠᠳᠬᠠᠯ ᠳᠤ ᠣᠷᠣᠯᠴᠠᠭᠰᠠᠳ ᠬᠤᠯᠪᠣᠭᠳᠠᠯ ᠪᠦᠬᠦᠢ ᠪᠠᠩᠬᠢ ᠳᠤ ᠬᠦᠷᠴᠦ ᠨᠡᠶᠢᠭᠡᠮ ᠤᠨ ᠳᠠᠭᠠᠳᠬᠠᠯ ᠤᠨ ᠺᠠᠷᠲ ᠠᠪᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠬᠤ ᠲᠠᠩᠰᠠᠨ ᠡᠷᠦᠬᠡ ᠶᠢ ᠭᠦᠢᠴᠡᠳᠬᠡᠪᠡᠯ ᠪᠣᠯᠴᠢᠬᠠᠨ᠎ᠠ᠃     2᠂ ᠲᠤᠬᠠᠢ  ᠶᠢᠨ ᠰᠠᠷ᠎ᠠ  ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ  ᠶᠢ ᠪᠠᠶᠢᠴᠠᠭᠠᠨ ᠯᠠᠪᠯᠠᠵᠤ ᠳᠡᠶᠢᠯᠬᠦ ᠦᠭᠡᠢ ᠪᠤᠶᠤ ᠣᠶᠢᠷ᠎ᠠ  ᠶᠢᠨ ᠬᠡᠳᠦᠨ ᠰᠠᠷ᠎ᠠ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠶᠢᠴᠠᠭᠠᠨ ᠯᠠᠪᠯᠠᠵᠤ ᠳᠡᠶᠢᠯᠬᠦ ᠦᠭᠡᠢ      ᠬᠡᠷᠡᠴᠢᠯᠡᠭᠰᠡᠨ ᠠᠴᠠ ᠪᠣᠯᠤᠭᠰᠠᠨ ᠪᠠᠶᠢᠵᠤ ᠮᠡᠳᠡᠨ᠎ᠡ᠃ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠠᠰᠤᠨ ᠤ ᠠᠮᠠᠷᠠᠯᠲᠠ ᠶᠢᠨ ᠦᠢᠯᠡᠴᠢᠯᠡᠭᠡᠨ ᠤ ᠲᠥᠪ ᠤᠨ ᠬᠠᠩᠭᠠᠭᠰᠠᠨ ᠭᠡᠷᠡᠴᠢᠯᠡᠭᠡᠳᠦᠢ ᠲᠤᠭ᠎ᠠ ᠪᠠᠷᠢᠮᠲᠠ ᠶᠢ ᠦᠨᠳᠦᠰᠦᠯᠡᠨ᠂ ᠭᠡᠷᠡᠴᠢᠯᠡᠭᠡᠳᠦᠢ ᠬᠥᠮᠥᠰ ᠤᠨ ᠣᠯᠭᠤᠮᠵᠢ ᠶᠢ ᠲᠦᠷ ᠵᠣᠭᠰᠣᠭᠠᠨ᠎ᠠ᠃ ᠡᠶᠢᠮᠦ ᠠᠴᠠ᠂ ᠬᠡᠷᠡᠴᠢᠯᠡᠭᠰᠡᠨ ᠦᠭᠡᠢ  ᠬᠦᠮᠦᠰ ᠴᠠᠭ ᠲᠤᠬᠠᠢ ᠳᠤᠨᠢ ᠭᠡᠷᠡᠴᠢᠯᠡᠬᠦ ᠬᠡᠷᠡᠭᠲᠡᠢ᠂ ᠬᠡᠷᠡᠴᠢᠯᠡᠭᠰᠡᠨ ᠤ ᠳᠠᠷᠠᠭ᠎ᠠ᠂ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠨᠢᠭᠡᠨᠲᠡ ᠭᠡᠷᠡᠴᠢᠯᠡᠨ ᠮᠠᠭᠠᠳᠯᠠᠭᠰᠠᠨ ᠲᠤᠭ᠎ᠠ ᠪᠠᠷᠢᠮᠲᠠ ᠶᠢ ᠦᠨᠳᠦᠰᠦᠯᠡᠨ᠂ ᠭᠡᠷᠡᠴᠢᠯᠡᠨ ᠮᠠᠭᠠᠳᠯᠠᠭᠰᠠᠨ ᠦᠭᠡᠢ ᠠᠴᠠ ᠪᠣᠯᠵᠤ ᠣᠯᠭᠤᠮᠵᠢ ᠨᠢ ᠲᠦᠷ ᠵᠣᠭᠰᠣᠭᠰᠠᠨ ᠬᠥᠮᠥᠰ ᠲᠤ ᠣᠯᠭᠤᠮᠵᠢ ᠶᠢ ᠨᠢ ᠰᠡᠷᠭᠦᠭᠡᠨ᠎ᠡ᠃ ᠲᠦᠷ ᠵᠣᠭᠰᠣᠬᠤ ᠬᠤᠭᠤᠴᠠᠭᠠᠨ ᠳᠠᠬᠢ ᠬᠠᠷᠠᠭᠠᠯᠵᠠᠯ  ᠢ ᠰᠡᠷᠭᠦᠭᠡᠭᠰᠡᠨ ᠤ ᠳᠠᠷᠠᠭ᠎ᠠ᠂ ᠳᠠᠷᠠᠭ᠎ᠠ ᠰᠠᠷ᠎ᠠ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠥᠭᠬᠦ ᠦᠶ᠎ᠡ ᠳᠤ ᠨᠥᠬᠦᠵᠦ ᠥᠭᠭᠦᠨ᠎ᠡ᠃     3᠂ ᠲᠤᠬᠠᠢ  ᠶᠢᠨ ᠰᠠᠷ᠎ᠠ  ᠶᠢᠨ ᠨᠠᠰᠤᠵᠢᠯ ᠤᠨ ᠠᠰᠠᠷᠠᠮᠵᠢ  ᠶᠢᠨ ᠮᠥᠩᠭᠦ ᠶᠢ ᠡᠷᠢᠵᠦ ᠣᠯᠬᠤ ᠦᠭᠡᠢ ᠮᠥᠷᠲᠡᠭᠡᠨ ᠨᠡᠶᠢᠭᠡᠮ ᠤᠨ ᠳᠠᠭᠠᠳᠬᠠᠯ ᠤᠨ ᠺᠠᠷᠲ  ᠢ ᠰᠢᠨ᠎ᠡ ᠪᠠᠷ ᠰᠣᠯᠢᠭᠰᠠᠨ ᠪᠠᠶᠢᠨ᠎ᠠ᠄     ᠰᠢᠨ᠎ᠡ ᠪᠠᠷ ᠰᠣᠯᠢᠭᠰᠠᠨ ᠨᠡᠶᠢᠭᠡᠮ ᠤᠨ ᠳᠠᠭᠠᠳᠬᠠᠯ ᠤᠨ ᠺᠠᠷᠲ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠲᠠᠢ ᠬᠤᠯᠪᠣᠭ᠎ᠠ ᠦᠭᠡᠢ ᠪᠣᠯᠬᠤᠷ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠬᠤ ᠲᠠᠩᠰᠠᠨ ᠡᠷᠦᠬᠡ ᠶᠢ ᠬᠤᠪᠢᠷᠠᠭᠤᠯᠪᠠᠯ ᠪᠣᠯᠴᠢᠬᠠᠨ᠎ᠠ᠃     ᠬᠠᠯᠠᠭᠤᠨ ᠳᠣᠲᠣᠨᠣ ᠰᠠᠨᠠᠭᠤᠯᠤᠮᠵᠢ᠄ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠷᠡᠭᠯᠡᠵᠦ ᠪᠠᠶᠢᠭ᠎ᠠ ᠨᠢ ᠨᠡᠶᠢᠭᠡᠮ ᠤᠨ ᠳᠠᠭᠠᠳᠬᠠᠯ ᠤᠨ ᠺᠠᠷᠲ ᠤᠨ ᠮᠥᠩᠭᠦᠨ ᠭᠦᠢᠯᠭᠡᠭᠡᠨ ᠤ ᠴᠢᠳᠠᠮᠵᠢ ᠮᠥᠨ᠂ ᠡᠨᠡ ᠨᠢ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠪᠠᠷᠢᠮᠵᠢᠶ᠎ᠠ ᠲᠠᠢ ᠠᠳᠠᠯᠢ ᠦᠭᠡᠢ ᠪᠠᠶᠢᠳᠠᠭ᠂ ᠡᠶᠢᠮᠦ ᠠᠴᠠ ᠠᠵᠢᠯ ᠠᠴᠠ ᠪᠠᠨ ᠠᠮᠠᠷᠠᠭᠰᠠᠳ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠶᠢᠴᠠᠭᠠᠨ ᠯᠠᠪᠯᠠᠬᠤ ᠳᠤ ᠪᠠᠩᠬᠢ ᠳᠤ ᠣᠴᠢᠵᠤ ᠪᠠᠶᠢᠴᠠᠭᠠᠨ ᠯᠠᠪᠯᠠᠬᠤ ᠬᠡᠷᠡᠭᠲᠡᠢ᠂ ᠡᠮ ᠤᠨ ᠳᠡᠯᠭᠡᠭᠦᠷ ᠲᠤ ᠺᠠᠷᠲ ᠵᠤᠷᠠᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠮᠥᠩᠭᠦ  ᠶᠢ ᠪᠠᠶᠢᠴᠠᠭᠠᠨ ᠯᠠᠪᠯᠠᠵᠤ ᠳᠡᠶᠢᠯᠬᠦ ᠦᠭᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号