ᠵᠢᠩ ᠤᠤ ᠳᠠᠩ ᠲᠠᠯᠠᠰᠲᠤ ᠵᠢᠴᠢ ᠢᠵᠢ ᠪᠦᠷᠢᠳᠦᠭᠦᠯᠬᠦ ᠬᠡᠷᠴᠢᠮᠡᠯ ᠤᠨ ᠵᠦᠢᠯ ᠤᠨ ᠬᠡᠷᠴᠢᠮᠡᠯ ᠤᠨ ᠲᠥᠬᠦᠭᠡᠷᠦᠮᠵᠢ ᠨᠢᠭᠡᠨᠲᠡ ᠲᠤᠷᠰᠢᠨ ᠦᠢᠯᠡᠳᠪᠦᠷᠢᠯᠡᠵᠦ ᠡᠬᠢᠯᠡᠪᠡ
ᠨᠡᠶᠢᠲᠡᠯᠡᠭᠰᠡᠨ ᠴᠠᠭ᠄
2023/7/12
      ᠲᠤᠰ ᠲᠦᠷᠦᠯ ᠵᠦᠢᠯ ᠨᠢ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 256 ᠮᠦ ᠲᠠᠯᠠᠪᠠᠢ ᠶᠢ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 20 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠵᠢᠯ ᠳᠤ 10GW ᠳᠠᠩ ᠲᠠᠯᠠᠰᠲᠤ᠂ 10GW᠎ ᠶᠢᠨ ᠬᠡᠷᠴᠢᠮᠡᠯ ᠢ ᠦᠢᠯᠡᠳᠪᠦᠷᠢᠯᠡᠬᠦ ᠶᠢᠨ ᠬᠠᠮᠲᠤ ᠵᠣᠬᠢᠬᠤ ᠬᠡᠪᠴᠢᠶᠡᠨ ᠤ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠦᠢᠯᠡᠳᠪᠦᠷᠢᠯᠡᠯ ᠤᠨ ᠲᠥᠷᠥᠯ ᠵᠦᠢᠯ ᠢ ᠢᠵᠢ ᠪᠦᠷᠢᠳᠦᠭᠦᠯᠦᠨ᠎ᠡ᠃      ᠣᠳᠣᠬᠠᠨ ᠳᠤ᠂ ᠲᠠᠩ ᠲᠠᠯᠠᠰᠲᠤ ᠦᠢᠯᠡᠳᠪᠦᠷᠢ ᠶᠢᠨ ᠪᠠᠶᠢᠰᠢᠩ ᠤᠨ 640 ᠰᠠᠤᠷᠢ ᠲᠠᠩ ᠲᠠᠯᠠᠰᠲᠤ ᠵᠤᠤᠬ᠎ᠠ ᠶᠢ ᠠᠰᠢᠭᠯᠠᠯᠲᠠ ᠳᠤ ᠣᠷᠣᠭᠤᠯᠪᠠ︔ ᠬᠡᠷᠴᠢᠮᠡᠯ ᠤᠨ ᠦᠢᠯᠡᠳᠪᠦᠷᠢ ᠶᠢᠨ ᠲᠠᠰᠤᠭ ᠤᠨ ᠢᠯᠭᠠᠨ ᠰᠣᠩᠭᠤᠬᠤ ᠮᠠᠰᠢᠨ᠂ ᠭᠤᠮ ᠰᠠᠯᠭᠠᠬᠤ ᠮᠠᠰᠢᠨ᠂ ᠤᠲᠠᠰᠤ ᠬᠡᠷᠴᠢᠬᠦ ᠮᠠᠰᠢᠨ ᠵᠡᠷᠭᠡ ᠪᠠᠷᠤᠭ 200 ᠰᠠᠤᠷᠢ ︵ᠢᠵᠢ︶ ᠲᠥᠬᠦᠭᠡᠷᠦᠮᠵᠢ ᠶᠢ ᠶᠠᠭ ᠵᠠᠯᠭᠠᠭ᠎ᠠ ᠪᠠᠷ ᠲᠠᠯᠠᠪᠠᠶ ᠳᠤ ᠣᠷᠣᠭᠤᠯᠤᠨ ᠤᠭᠰᠠᠷᠠᠵᠤ ᠪᠣᠶ᠂ ᠡᠭᠦᠨ ᠳᠤ᠂ ᠭᠤᠮ ᠰᠠᠯᠭᠠᠬᠤ ᠮᠠᠰᠢᠨ᠂ ᠢᠯᠭᠠᠨ ᠰᠣᠩᠭᠤᠬᠤ ᠮᠠᠰᠢᠨ᠂ ᠤᠲᠠᠰᠤ ᠬᠡᠷᠴᠢᠬᠦ ᠮᠠᠰᠢᠨ ᠵᠡᠷᠭᠡ ᠲᠦᠷᠦᠭᠦᠸ ᠪᠦᠯᠦᠭ ᠲᠤ ᠤᠭᠰᠠᠷᠠᠭᠰᠠᠨ 15 ᠰᠠᠤᠷᠢ ᠲᠥᠬᠦᠭᠡᠷᠦᠮᠵᠢ ᠶᠢ 7 ᠰᠠᠷ᠎ᠠ ᠶᠢᠨ 3᠎ ᠤ ᠡᠳᠦᠷ ᠠᠴᠠ ᠡᠬᠢᠯᠡᠨ ᠲᠤᠷᠰᠢᠨ ᠦᠢᠯᠡᠳᠪᠦᠷᠢᠯᠡᠪᠡ᠃ 9 ᠰᠠᠷ᠎ᠠ ᠎ ᠶᠢᠨ ᠰᠡᠭᠦᠯᠴᠢ ᠠᠴᠠ ᠡᠮᠦᠨ᠎ᠡ ᠲᠥᠬᠦᠭᠡᠷᠦᠮᠵᠢ ᠎ ᠶᠢ ᠲᠠᠯᠠᠪᠠᠶ ᠳᠤ ᠣᠷᠣᠭᠤᠯᠤᠨ ᠤᠭᠰᠠᠷᠠᠵᠤ ᠲᠤᠷᠰᠢᠨ ᠲᠣᠬᠢᠷᠠᠭᠤᠯᠵᠤ᠂ 10 ᠰᠠᠷ᠎ᠠ ᠳᠤ ᠪᠦᠬᠦᠨ ᠎ ᠢ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号