ᠵᠠᠬᠢᠳᠠᠯ ᠰᠣᠷᠪᠤᠯᠵᠢᠯᠠᠭ᠎ᠠ ᠶᠢᠨ ᠦᠢᠯᠡᠴᠢᠯᠡᠭᠡ ᠶᠢ ᠨᠠᠷᠢᠯᠢᠭᠵᠢᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/7/13
      qsq_2023620174551.JPG
      ᠰᠤᠷᠪᠤᠯᠵᠢᠯᠠᠭᠰᠠᠨ ᠭᠤᠣᠯ ᠰᠡᠳᠦᠪ᠄ ᠵᠠᠬᠢᠳᠠᠯ ᠰᠣᠷᠪᠤᠯᠵᠢᠯᠠᠭ᠎ᠠ ᠶᠢᠨ ᠦᠢᠯᠡᠴᠢᠯᠡᠭᠡ ᠶᠢ ᠨᠠᠷᠢᠯᠢᠭᠵᠢᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠰᠤᠷᠪᠤᠯᠵᠢᠯᠠᠭᠰᠠᠨ ᠴᠠᠭ᠄ 2023 ᠣᠨ ᠤ 6 ᠰᠠᠷ᠎ᠠ ᠶᠢᠨ 20᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᠯᠢ ᠵᠢᠶᠧ      ᠰᠤᠷᠪᠤᠯᠵᠢᠯᠠᠭᠰᠠᠨ ᠠᠬᠤᠢ ᠪᠠᠶᠢᠳᠠᠯ᠄ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ︽ᠤᠴᠢᠷ ᠶᠠᠪᠤᠳᠠᠯ ᠢ ᠰᠢᠢᠳᠪᠦᠷᠢᠯᠡᠬᠦ︾᠎ ᠪᠠᠷ ᠭᠤᠣᠯ ᠬᠠᠷᠠᠯᠲᠠ ᠪᠣᠯᠭᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠪᠠᠲᠤᠯᠠᠭ᠎ᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ︽7 ᠰᠢᠨ᠎ᠡ ᠴᠢᠩᠱᠠᠨ︾᠎ ᠎ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠥᠬᠦ ᠲᠤᠭᠤᠷᠢᠭ ᠤᠨ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      【ᠬᠥᠲᠥᠯᠥᠭᠴᠢ】      ᠴᠢᠩᠱᠠᠨ ᠲᠣᠭᠤᠷᠢᠭ ᠤᠨ ᠣᠳᠣᠬᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠶᠠᠮᠠᠷ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】      ᠴᠢᠩᠱᠠᠨ ᠲᠣᠭᠤᠷᠢᠭ ᠤᠨ ᠬᠢᠨ ᠨᠠᠮ ᠤᠨ ᠤᠳᠤᠷᠢᠳᠤᠯᠭ᠎ᠠ ᠶᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠢᠮᠠᠭᠲᠠ ᠲᠤᠤᠱᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠶᠢ ᠦᠨᠡᠨ ᠬᠦ ᠪᠠᠲᠤᠯᠠᠪᠠ᠃ ᠪᠢᠳᠡ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠬᠠᠮᠲᠤᠷᠠᠭᠰᠠᠨ ᠬᠤᠷᠠᠯᠳᠤᠭᠠᠨ ᠢᠶᠠᠷ ᠵᠣᠬᠢᠴᠠᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠢᠶᠠᠷ ᠠᠬᠢᠭᠤᠯᠬᠤ᠂ ᠡᠯ᠎ᠡ ᠲᠠᠯ᠎ᠠ ᠶᠢᠨ ᠬᠢᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳ᠋ᠢᠩ ᠰᠢᠸ ᠹᠧᠩ ᠱᠦᠵᠢ ᠶᠢᠨ ᠳᠤᠷᠠᠳᠤᠭᠰᠠᠨ ︽ᠤᠴᠢᠷ ᠶᠠᠪᠤᠳᠠᠯ ᠢ ᠰᠢᠢᠳᠪᠦᠷᠢᠯᠡᠬᠦ︾ ᠭᠤᠣᠯ ᠴᠢᠬᠤᠯᠠ ᠠᠭᠤᠯᠭ᠎ᠠ ᠪᠠ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ︽ᠰᠢᠨ᠎ᠡ ᠪᠠᠷ ᠨᠡᠮᠡᠭᠳᠡᠬᠦ ᠦᠭᠡᠢ᠂ ᠬᠥᠳᠡᠯᠦᠩᠭᠦᠢ ᠪᠠᠷ ᠲᠡᠭ ᠪᠣᠯᠭᠠᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ ᠠᠵᠢᠯ ᠤᠨ ᠠᠷᠭ᠎ᠠ ᠮᠠᠶ᠋ᠢᠭ ᠢ ᠰᠢᠨᠡᠴᠢᠯᠡᠵᠦ᠂ ︽ᠣᠶᠢᠯᠠᠭᠠᠬᠤ ᠰᠡᠳᠬᠢᠬᠦᠢ︾᠎ ᠶᠢ ᠴᠢᠩᠭᠠᠳᠬᠠᠪᠠ᠃ ᠲᠤᠭᠤᠷᠢᠭ ‍ᠤᠨ‌ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠡᠯ᠎ᠡ ᠵᠦᠢᠯ ᠤᠨ ᠴᠢᠬᠤᠯᠠ ᠶᠡᠭᠡ ᠠᠵᠢᠯᠯᠠᠭ᠎ᠠ᠂ ᠴᠢᠬᠤᠯᠠ ᠬᠤᠷᠠᠯᠳᠤᠭᠠᠨ ᠤ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃      【ᠬᠥᠲᠥᠯᠥᠭᠴᠢ】      ᠠᠵᠢᠯ ᠤᠨ ᠳᠤᠮᠳᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】      1᠂ ᠦᠨᠳᠦᠷ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠤᠨ ᠬᠡᠷᠡᠭ ᠢ ᠳᠠᠭᠠᠭᠠᠨ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠣᠳᠠᠲᠠᠶᠢᠵᠢᠭᠤᠯᠤᠨ ᠨᠠᠷᠢᠯᠢᠭᠵᠢᠭᠤᠯᠤᠨ᠎ᠠ᠃ ᠲᠤᠭᠤᠷᠢᠭ ᠤᠨ ᠳᠡᠰ ᠤᠨ ᠤᠳᠤᠷᠢᠳᠤᠯᠭ᠎ᠠ ᠡᠭᠡᠯᠵᠢᠯᠡᠨ ᠰᠣᠷᠪᠤᠯᠵᠢᠯᠠᠭ᠎ᠠ ᠬᠦᠯᠢᠶᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠠᠷᠢᠨ ᠬᠢᠨᠠᠮᠠᠭᠠᠢ ᠬᠦᠯᠢᠶᠡᠨ ᠠᠪᠴᠤ᠂ ᠲᠤᠬᠠᠢ ᠶᠢᠨ ᠡᠳᠦᠷ ᠤᠨ ᠠᠩᠬᠠᠨ ᠤ ᠵᠠᠬᠢᠳᠠᠯ ᠤᠨ ᠠᠩᠬᠠᠨ ᠤ ᠰᠣᠷᠪᠤᠯᠵᠢᠯᠠᠭ᠎ᠠ ᠶᠢᠨ ᠵᠦᠢᠯᠡᠰ ᠢ ᠪᠡᠶ᠎ᠡ ᠪᠠᠷ ᠢᠶᠠᠨ ᠠᠰᠠᠭᠤᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠰᠢᠢᠳᠪᠦᠷᠢᠯᠡᠵᠦ᠂ ᠠᠵᠢᠯ ᠤᠨ ᠳᠤᠮᠳᠠ ᠪᠠᠨ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ︵ᠭᠤᠮᠣᠳᠠᠯ ᠲᠣᠭᠠᠴᠢᠯᠲᠠ ᠨᠢ ᠵᠦᠢ ᠵᠣᠬᠢᠰᠲᠠᠢ ᠪᠣᠯ ᠠᠰᠠᠭᠤᠳᠠᠯ ᠢ ᠪᠣᠳᠠᠲᠠᠶᠢᠵᠢᠭᠤᠯᠵᠤ᠂ ᠭᠤᠮᠣᠳᠠᠯ ᠲᠣᠭᠠᠴᠢᠯᠲᠠ ᠨᠢ ᠶᠣᠰᠣ ᠦᠭᠡᠢ ᠪᠣᠯ ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠪᠣᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠨ᠎ᠡ︶᠎ ᠶᠢ ᠴᠢᠩᠭ᠎ᠠ ᠵᠢᠷᠤᠮᠯᠠᠨ᠎ᠠ᠃ ᠡᠭᠦᠨ ᠤ ᠬᠠᠮᠲᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠵᠠᠬᠢᠳᠠᠯ ᠰᠣᠷᠪᠤᠯᠵᠢᠯᠠᠭ᠎ᠠ ᠶᠢᠨ ︽ᠬᠤᠶᠠᠷ ᠢ ᠳᠠᠭᠠᠭᠠᠴᠢᠯᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠬᠤ᠂ ᠲᠤᠰᠬᠠᠢ ᠠᠩᠭᠢ ᠪᠠᠷ ᠲᠦᠯᠬᠢᠨ ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ ᠶᠢ ᠪᠠᠷᠢᠮᠲᠠᠯᠠᠨ᠂ ᠳᠠᠭᠠᠭᠠᠴᠢᠯᠠᠭᠰᠠᠨ ᠬᠡᠷᠡᠭ ᠢ ᠬᠡᠷᠡᠭ ᠳᠠᠷᠠᠭᠠᠯᠠᠨ ᠠᠷᠭᠠᠴᠠᠬᠤ ᠠᠷᠭ᠎ᠠ ᠬᠡᠮᠵᠢᠶ᠎ᠡ ᠶᠢ ᠰᠤᠳᠤᠯᠵᠤ᠂ ᠨᠢᠭᠡ ᠶᠢ ᠡᠴᠦᠰ ᠲᠤᠨᠢ ᠲᠤᠯᠲᠠᠯ᠎ᠠ ᠳᠠᠭᠠᠭᠠᠴᠢᠯᠠᠵᠤ᠂ ᠡᠴᠦᠰ ᠲᠤᠨᠢ ᠲᠤᠯᠲᠠᠯ᠎ᠠ ᠰᠢᠢᠳᠪᠦᠷᠢᠯᠡᠨ᠎ᠡ᠃      2᠂ ︽ᠵᠠᠳᠠᠯᠤᠯᠲᠠ ᠲᠠᠢ ᠰᠡᠳᠬᠢᠬᠦᠢ︾᠎ ᠶᠢ ᠴᠢᠩᠭᠠᠷᠠᠭᠤᠯᠵᠤ᠂ ︽ᠳᠠᠪᠬᠤᠷᠳᠠᠯ ᠢ ᠴᠡᠭᠴᠡᠯᠡᠵᠦ ᠬᠤᠷᠠᠮᠳᠤᠯ ᠢ ᠠᠷᠢᠯᠭᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠡᠭᠦᠷᠭᠡ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠨ᠎ᠠ᠃ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠬᠡᠷᠡᠭ ᠳᠠᠷᠠᠭᠠᠯᠠᠨ ᠲᠣᠳᠣᠷᠬᠠᠶᠢᠯᠠᠵᠤ᠂ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠢᠯᠭᠠᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠬᠤᠭᠤᠴᠠᠭ᠎ᠠ ᠶᠢ ᠵᠤᠬᠢᠰᠲᠠᠢ ᠵᠢᠭᠰᠠᠭᠠᠬᠤ ᠶᠢᠨ ᠬᠠᠮᠲᠤ ᠨᠣᠮᠧᠷ ᠢ ᠨᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠤᠨ ᠨᠠᠮᠳᠠᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ᠂ ᠬᠠᠳᠠᠭᠠᠰᠤᠨ ᠤᠳ ᠢ ᠪᠦᠲᠦᠮᠵᠢᠲᠡᠶ ᠪᠠᠷ ᠰᠢᠢᠳᠪᠦᠷᠢᠯᠡᠪᠡ᠃      3᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠪᠦᠲᠦᠮᠵᠢᠲᠡᠶ ᠥᠷᠨᠢᠭᠦᠯᠦᠨ᠎ᠡ᠃ ︽ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠭᠤᠯᠭ᠎ᠠ᠂ ᠣᠷᠣᠯᠠᠨ ᠭᠦᠢᠴᠡᠳᠬᠡᠬᠦ ᠠᠵᠢᠯᠲᠠᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠴᠤᠪᠤᠷᠠᠯ᠂ ᠠᠵᠢᠯ ᠤᠨ ᠱᠠᠭᠠᠷᠳᠠᠯᠭ᠎ᠠ ᠪᠠ ᠠᠵᠢᠯ ᠤᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ 10 ᠵᠡᠭᠡᠯᠢ ᠪᠠᠯᠭᠠᠰᠤ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ ᠨᠡᠶᠢᠭᠡᠮ ᠲᠣᠭᠤᠷᠢᠭ ︵ᠲᠣᠰᠬᠤᠨ︶᠎ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠵᠡᠭᠡᠯᠢ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠲᠠᠯᠠᠪᠤᠷ ᠲᠤ ᠲᠦᠰᠢᠭᠯᠡᠨ ᠨᠡᠶᠢᠭᠡᠮ ᠲᠣᠭᠤᠷᠢᠭ ︵ᠲᠣᠰᠬᠤᠨ︶᠎ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ 70᠂ ᠵᠡᠭᠡᠯᠢ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠥᠷᠲᠡᠭᠡ ᠶᠢ 10 ᠪᠠᠶᠢᠭᠤᠯᠵᠤ᠂ 112 ᠣᠷᠣᠯᠠᠨ ᠭᠦᠢᠴᠡᠳᠬᠡᠬᠦ ᠠᠵᠢᠯᠲᠠᠨ᠂ 117 ᠬᠠᠪᠰᠤᠷᠤᠨ ᠭᠦᠢᠴᠡᠳᠭᠡᠭᠴᠢ ᠶᠢ ᠨᠠᠷᠢᠨ ᠨᠢᠮᠪᠠᠢ ᠰᠢᠯᠢᠨ ᠰᠣᠩᠭᠤᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠭᠦᠨᠵᠡᠭᠡᠢ ᠪᠥᠭᠡᠳ ᠪᠦᠲᠦᠮᠵᠢᠲᠡᠶ ᠥᠷᠨᠢᠬᠦ ᠶᠢ ᠯᠠᠪᠳᠠᠭᠤᠨ ᠪᠦᠲᠦᠮᠵᠢᠲᠡᠶ ᠠᠬᠢᠭᠤᠯᠪᠠ᠃      【ᠬᠥᠲᠥᠯᠥᠭᠴᠢ】      ᠮᠠᠨ ᠤ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠶᠠᠮᠠᠷ ᠶᠠᠮᠠᠷ ᠰᠢᠨ᠎ᠡ ᠡᠭᠦᠳᠦᠯᠲᠡ ᠪᠠ ᠬᠢᠯᠠᠰ ᠴᠡᠭ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】      1᠂ ᠠᠷᠠᠳ ᠤᠨ ᠬᠦᠴᠢᠷᠳᠡᠯ ᠢ ᠰᠢᠢᠳᠪᠦᠷᠢᠯᠡᠵᠦ ᠥᠭᠬᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ᠂ ᠨᠢᠭᠡᠳᠦᠯᠲᠡᠢ ᠤᠳᠤᠷᠢᠳᠬᠤ᠂ ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠬᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠮᠵᠢᠯᠴᠠᠨ ᠬᠠᠪᠰᠤᠷᠬᠤ᠂ ᠡᠷᠬᠡ ᠠᠰᠢᠭ ᠢ ᠪᠠᠲᠤᠯᠠᠬᠤ᠂ ᠬᠠᠤᠯᠢ ᠶᠣᠰᠣᠭᠠᠷ ᠰᠢᠢᠳᠪᠦᠷᠢᠯᠡᠬᠦ ᠵᠠᠷᠴᠢᠮ ᠶᠣᠰᠣᠭᠠᠷ᠂ ︽ᠰᠢᠢᠳᠪᠦᠷᠢᠯᠡᠬᠦ ᠰᠡᠳᠬᠢᠬᠦᠢ ᠲᠠᠢ ᠪᠠᠶᠢᠬᠤ︾᠎ ᠶᠢ ᠴᠢᠩᠭᠠᠷᠠᠭᠤᠯᠤᠨ᠂ ︽ᠤᠴᠢᠷ ᠶᠠᠪᠤᠳᠠᠯ ᠢ ᠵᠠᠪᠠᠯ ᠰᠢᠢᠳᠪᠦᠷᠢᠯᠡᠬᠦ︾᠎ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠪᠠᠭᠠᠰᠬᠠᠨ ᠨᠡᠮᠡᠭᠳᠡᠬᠦ ᠶᠢ ᠬᠢᠵᠠᠭᠠᠷᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ︾᠎ ᠶᠢ ᠪᠠᠷᠢᠮᠲᠠᠯᠠᠨ᠂ ᠲᠤᠰᠬᠠᠢ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ︾᠎ ᠤ ᠢᠨᠵᠧᠨᠧᠷᠢᠩ ᠪᠣᠯᠭᠠᠵᠤ᠂ ︽ᠳᠠᠪᠬᠤᠷᠳᠠᠯ ᠢ ᠵᠠᠰᠠᠵᠤ ᠬᠤᠷᠠᠮᠳᠠᠯ ᠢ ᠠᠷᠢᠯᠭᠠᠬᠤ︾ ᠲᠤᠰᠬᠠᠢ ᠠᠵᠢᠯ ᠢ ᠪᠠᠶᠢᠩᠭᠤ ᠶᠢᠨ ᠪᠥᠭᠡᠳ ᠣᠷᠳᠣ ᠬᠤᠭᠤᠴᠠᠭ᠎ᠠ ᠪᠠᠷ ᠲᠦᠯᠬᠢᠨ ᠠᠬᠢᠭᠤᠯᠵᠤ᠂  ᠪᠡᠷᠬᠡ ᠰᠡᠳᠦᠪ ᠢ ᠦᠷᠭᠦᠯᠵᠢᠯᠡᠨ ᠰᠢᠢᠳᠪᠦᠷᠢᠯᠡᠨ᠂ ᠨᠢᠭᠡ ᠪᠦᠯᠦᠭ ᠳᠠᠬᠢᠨ ᠳᠠᠪᠲᠠᠨ ᠰᠤᠷᠪᠤᠯᠵᠢᠯᠠᠭᠰᠠᠨ ᠬᠡᠷᠡᠭ ᠪᠠ ᠣᠯᠠᠨ ᠵᠢᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂ ᠮᠠᠨ ᠤ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠠᠶᠢᠰᠢᠶᠠᠯ ᠪᠠ ᠨᠤᠲᠠᠯᠠᠯ ᠢ ᠣᠯᠣᠭᠰᠠᠨ ᠪᠠᠶᠢᠨ᠎ᠠ᠃ 3 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ︽ᠲᠤᠰᠬᠠᠢ ᠠᠵᠢᠯ ᠢ ︿ᠨᠢᠭᠡᠳᠦᠭᠡᠷ ᠬᠠᠷᠢᠭᠤᠴᠠᠯᠭᠠᠲᠠᠨ﹀᠎ ᠤ ᠢᠨᠵᠧᠨᠧᠷᠢᠩ ᠪᠣᠯᠭᠠᠨ ᠯᠠᠪᠳᠠᠭᠤᠨ ᠢᠶᠠᠷ ᠠᠬᠢᠭᠤᠯᠬᠤ︾ ᠠᠵᠢᠯ ᠤᠨ ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ᠂ ᠰᠢᠶᠠᠨ ᠤ ᠱᠠᠲᠤᠨ ᠤ ᠴᠣᠷ ᠤᠨ ᠭᠠᠭᠴᠠ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ᠂ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ︽ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠵᠤ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯ ᠤᠨ ᠨᠡᠶᠢᠲᠡᠯᠢᠭ ᠲᠤᠷᠰᠢᠯᠭ᠎ᠠ ᠶᠢᠨ ᠰᠣᠩᠭᠤᠮᠠᠯ︾᠎ ᠳᠤ ᠰᠣᠩᠭᠤᠭᠳᠠᠭᠰᠠᠨ ᠭᠠᠵᠠᠷ ᠣᠷᠣᠨ ᠪᠣᠯᠪᠠ︔ 5 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ︽ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯ ᠤᠨ ᠰᠢᠯᠢᠳᠡᠭ ᠬᠠᠮᠲᠤ ᠨᠡᠶᠢᠲᠡ︾ ᠎ ᠶᠢᠨ ᠢᠷᠠᠭᠤ ᠠᠯᠳᠠᠷ ᠢ ᠭᠥᠷᠳᠡᠪᠡ᠃      2᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠯ᠎ᠡ ᠵᠡᠭᠡᠯᠢ ᠪᠠᠯᠭᠠᠰᠤᠨ ᠳᠤ ᠬᠢᠯᠠᠰ ᠴᠡᠭ ᠤᠯᠠᠨ ᠢᠯᠡᠷᠡᠵᠦ᠂ ᠰᠢᠩ ᠱᠧᠩ ᠪᠠᠯᠭᠠᠰᠤ ᠶᠢᠨ ᠬᠢᠨ ᠬᠠᠮᠤᠭ ᠤᠨ ᠲᠦᠷᠦᠭᠦᠨ ᠳᠤ ︽ᠵᠧᠦ ᠰᠢᠦᠢ ᠳ᠋ᠦᠩ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠠᠰᠤᠭ︾᠎ ᠢ ᠪᠠᠶᠢᠭᠤᠯᠵᠤ᠂ ︽ᠲᠠᠪᠤᠨ ᠡᠷᠦᠭᠡ ᠶᠢᠨ ᠠᠵᠢᠯ ᠤᠨ ᠠᠷᠭ᠎ᠠ︾ ︵ᠭᠡᠷ ᠤᠨ ᠬᠥᠮᠥᠨ᠂ ᠭᠡᠷ ᠤᠨ ᠶᠠᠪᠤᠳᠠᠯ᠂ ᠭᠡᠷ ᠤᠨ ᠵᠠᠬᠢᠳᠠᠯ᠂ ᠭᠡᠷ ᠤᠨ ᠰᠣᠷᠪᠤᠯᠵᠢᠯᠠᠭ᠎ᠠ᠂ ᠭᠡᠷ ᠤᠨ ᠵᠤᠭᠤᠭ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠡᠷ ᠤᠨ ᠬᠥᠮᠥᠨ ᠢᠶᠠᠨ ᠪᠣᠯᠭᠠᠵᠤ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠭᠡᠷ ᠤᠨ ᠵᠠᠬᠢᠳᠠᠯ ᠢᠶᠠᠨ ᠪᠣᠯᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠡᠷ ᠤᠨ ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠭᠡᠷ ᠤᠨ ᠰᠤᠷᠪᠤᠯᠵᠢᠯᠠᠭ᠎ᠠ ᠪᠣᠯᠭᠠᠵᠤ᠂ ᠤᠯᠠᠨ ᠲᠦᠮᠡᠨ ᠲᠠᠢ ᠭᠡᠷ ᠤᠨ ᠵᠤᠭᠤᠭ ᠢᠶᠠᠨ ᠶᠠᠷᠢᠯᠴᠠᠬᠤ︶᠎ ᠶᠢ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠬᠠᠯᠠᠭᠤᠨ ᠳᠤᠯᠠᠭᠠᠨ ᠣᠷᠴᠢᠨ ᠲᠣᠭᠤᠷᠢᠨ ᠢ ᠪᠤᠢ ᠪᠣᠯᠭᠠᠪᠠ᠃ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠤᠰᠠᠯᠠᠭᠴᠢ 56 ᠬᠥᠮᠥᠨ ᠢᠶᠠᠷ ᠵᠣᠬᠢᠶᠠᠨ ᠪᠠᠶᠢᠭᠤᠯᠤᠭᠰᠠᠨ ︽ᠰᠢᠶᠣᠣ ᠬᠤᠩ ᠮᠣᠣ ᠰᠠᠶᠢᠨ ᠳᠤᠷ᠎ᠠ ᠶᠢᠨ ᠲᠣᠭᠤᠷᠢᠨ ᠴᠠᠭᠳᠠᠬᠤ ᠠᠩᠭᠢ︾ ᠡᠳᠦᠷ ᠪᠦᠷᠢ ᠲᠣᠭᠤᠷᠢᠨ ᠪᠠᠶᠢᠴᠠᠭᠠᠬᠤ ᠶᠢ ᠪᠠᠷᠢᠮᠲᠠᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠴᠤᠭᠯᠠᠭᠤᠯᠤᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠲᠠᠯᠳᠠ ᠭᠡᠮ ᠢ ᠴᠠᠭ ᠲᠤᠬᠠᠢ ᠳᠤᠨᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠲᠤ ᠬᠥᠲᠥᠯᠥᠨ ᠬᠦᠷᠭᠡᠵᠦ ᠲᠡᠷᠡ ᠳᠠᠷᠤᠢ ᠳᠤᠨᠢ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ︽ᠭᠤᠯᠳᠤᠷᠢᠯ ᠤᠨ ᠶᠡᠭᠡ ᠬᠤᠷᠠᠯ︾᠂ ︽ᠰᠠᠭᠤᠭᠠᠯᠢ ᠠᠷᠠᠳ ᠤᠨ ᠶᠠᠷᠢᠯᠴᠠᠬᠤ ᠬᠤᠷᠠᠯ︾᠂ ︽ᠬᠠᠤᠯᠢ ᠶᠢᠨ ᠲᠤᠰᠢᠶᠠᠯᠲᠠᠨ ᠤ ᠠᠵᠢᠯᠯᠠᠬᠤ ᠦᠷᠳᠡᠭᠡ︾᠎ ᠶᠢ ᠠᠰᠢᠭᠯᠠᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠢ ᠲᠤᠰ ᠲᠤᠰ ᠪᠠᠶᠢᠭᠤᠯᠵᠤ᠂ ︽ᠲᠦᠷᠪᠡᠨ ᠠᠵᠢᠯᠲᠠᠨ︾᠎ ᠤ ᠣᠷᠣᠯᠠᠨ ᠭᠦᠢᠴᠡᠳᠬᠡᠬᠦ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠪᠡ᠃ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠤᠨ ︽ᠵᠢᠯᠣᠭᠤᠳᠤᠭᠴᠢ︾᠂ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠭᠡᠷ ᠠᠴᠠ ᠬᠤᠯᠪᠣᠭᠳᠠᠯ ᠪᠦᠬᠦᠢ ᠠᠵᠢᠯ ᠤᠨ ︽ᠬᠤᠯᠪᠣᠭᠠᠴᠢᠨ︾᠂ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠥᠬᠦ ᠶᠠᠪᠤᠴᠠ ᠳᠤ ︽ᠣᠷᠣᠯᠠᠨ ᠭᠦᠢᠴᠡᠳᠭᠡᠭᠴᠢ︾᠂ ᠰᠦᠯᠵᠢᠶᠡᠨ ᠤ ᠵᠥᠷᠢᠴᠡᠯ ᠤᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ︽ᠴᠤᠭᠯᠠᠭᠤᠯᠤᠭᠴᠢ︾᠎ ᠶᠢ ᠮᠥᠷᠳᠡᠨ ᠰᠢᠢᠳᠪᠦᠷᠢᠯᠡᠬᠦ ᠪᠠᠷ ᠳᠠᠮᠵᠢᠭᠤᠯᠤᠨ᠂ ᠨᠠᠶᠢᠳᠠᠬᠤ᠂ ᠣᠷᠣᠯᠠᠨ ᠭᠦᠢᠴᠡᠳᠬᠡᠬᠦ᠂ ᠳᠠᠭᠤᠰᠬᠠᠬᠤ᠂ ᠬᠠᠷᠢᠭᠤ ᠲᠤᠰᠬᠠᠬᠤ ᠪᠥᠬᠦ ᠶᠠᠪᠤᠴᠠ ᠳᠤ ᠰᠢᠢᠳᠪᠦᠷᠢᠯᠡᠬᠦ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠪᠠ᠃      3᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ︽ᠫᠦᠵᠢᠶᠠᠩ ᠤᠨ ᠲᠤᠷᠰᠢᠯᠭ᠎ᠠ︾᠎ ᠲᠠᠢ ᠤᠶᠠᠯᠳᠤᠭᠤᠯᠵᠤ᠂ ᠮᠠᠨ ᠤ ᠲᠣᠪᠴᠢᠶ᠎ᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠢᠯᠠᠰ ᠴᠡᠭ ᠪᠠ ᠨᠡᠶᠢᠲᠡᠯᠢᠭ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠮᠠᠨ ᠤ ᠲᠤᠭᠤᠷᠢᠭ ᠤᠨ ᠤᠬᠠᠭᠤᠯᠭ᠎ᠠ ᠶᠢᠨ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠭᠤᠰᠤᠯᠴᠠᠨ ᠤᠯᠠᠮᠵᠢᠯᠠᠬᠤ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠣᠨᠢᠨ ᠮᠡᠳᠡᠭᠡᠨ ᠤ ᠮᠡᠳᠡᠭᠡᠯᠡᠯ ᠤᠨ ᠡᠷᠴᠢᠮ ᠢ ᠴᠢᠩᠭᠠᠷᠠᠭᠤᠯᠵᠤ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ ᠣᠳᠣ ᠪᠣᠯᠲᠠᠯ᠎ᠠ᠂ ᠮᠠᠨ ᠤ ᠲᠣᠪᠴᠢᠶ᠎ᠠ ᠶᠢᠨ ᠨᠡᠶᠢᠲᠡᠯᠡᠭᠰᠡᠨ ︽ᠴᠢᠩᠱᠠᠨ ᠲᠣᠭᠤᠷᠢᠭ ᠤᠨ ︿ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ﹀ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ︿ᠵᠠᠢ ᠵᠠᠪᠰᠠᠷ ᠦᠭᠡᠢ﹀︾᠂ ︽ᠲᠣᠭᠠᠴᠢᠯᠠᠭᠰᠠᠨ ᠡᠨᠧᠷᠭᠢ ᠣᠯᠭᠤᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ︿ᠣᠶᠤᠨ ᠢᠶᠠᠷ ᠵᠠᠰᠠᠬᠤ﹀︾᠂ ︽ᠣᠯᠠᠨ ᠲᠦᠮᠡᠨ ᠤ ᠶᠠᠪᠤᠳᠠᠯ ᠢ ᠰᠠᠶᠢᠲᠤᠷ ᠬᠢᠬᠦ︾᠂ ︽ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ︾ ᠵᠡᠷᠭᠡ ᠰᠠᠶᠢᠨ ᠲᠤᠷᠰᠢᠯᠭ᠎ᠠ ᠠᠷᠭ᠎ᠠ ᠬᠢᠳᠡᠯ ᠢ ︽ᠤᠯᠤᠰ ᠢᠶᠠᠨ ᠬᠦᠴᠦᠷᠬᠡᠭᠵᠢᠭᠦᠯᠬᠦ ᠠᠴᠠ ᠰᠤᠷᠤᠯᠴᠠᠬᠤ︾᠂ ︽ᠥᠪᠥᠷ ᠮᠣᠩᠭᠤᠯ ᠤᠨ ᠡᠳᠦᠷ ᠤᠨ ᠰᠣᠨᠢᠨ ᠤ ᠲᠠᠯ᠎ᠠ ᠨᠤᠲᠤᠭ ᠤᠨ ᠪᠦᠷᠢᠨ ᠵᠠᠭᠤᠴᠢᠯᠠᠭᠤᠷ︾ ᠵᠢᠴᠢ ︽ᠪᠤᠭᠤᠲᠤ ᠶᠢᠨ ᠡᠳᠦᠷ ᠤᠨ ᠰᠣᠨᠢᠨ︾ ᠵᠡᠷᠭᠡ ᠵᠠᠭᠤᠴᠢᠯᠠᠭᠤᠷ ᠤᠨ ᠎ ᠬᠢᠨ ᠳᠤ ᠨᠢᠭᠡᠨᠲᠡ ᠣᠯᠠᠨ ᠮᠡᠳᠡᠭᠡᠯᠡᠯ ᠨᠡᠶᠢᠲᠡᠯᠡᠵᠦ᠂ ᠮᠠᠨ ᠤ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠮᠡᠳᠡᠭᠡᠯᠡᠯ ᠤᠨ ᠲᠠᠯ᠎ᠠ ᠪᠠᠷ ᠬᠢ ᠳᠤᠲᠠᠭᠤᠳᠠᠯ ᠢ ᠬᠤᠪᠢᠷᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号