| | | | | ᠰᠤᠷᠪᠤᠯᠵᠢᠯᠠᠭᠰᠠᠨ ᠭᠤᠣᠯ ᠰᠡᠳᠦᠪ᠄ ᠵᠠᠬᠢᠳᠠᠯ ᠰᠣᠷᠪᠤᠯᠵᠢᠯᠠᠭ᠎ᠠ ᠶᠢᠨ ᠦᠢᠯᠡᠴᠢᠯᠡᠭᠡ ᠶᠢ ᠨᠠᠷᠢᠯᠢᠭᠵᠢᠭᠤᠯᠵᠤ | ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠰᠤᠷᠪᠤᠯᠵᠢᠯᠠᠭᠰᠠᠨ ᠴᠠᠭ᠄ 2023 ᠣᠨ ᠤ 6 ᠰᠠᠷ᠎ᠠ ᠶᠢᠨ 20 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᠯᠢ ᠵᠢᠶᠧ | ᠰᠤᠷᠪᠤᠯᠵᠢᠯᠠᠭᠰᠠᠨ ᠠᠬᠤᠢ ᠪᠠᠶᠢᠳᠠᠯ᠄ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠬᠦᠴᠢᠷ | ᠵᠣᠪᠠᠭᠤᠷᠢ ᠶᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ︽ᠤᠴᠢᠷ ᠶᠠᠪᠤᠳᠠᠯ ᠢ | ᠰᠢᠢᠳᠪᠦᠷᠢᠯᠡᠬᠦ︾ ᠪᠠᠷ ᠭᠤᠣᠯ ᠬᠠᠷᠠᠯᠲᠠ ᠪᠣᠯᠭᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠪᠠᠲᠤᠯᠠᠭ᠎ᠠ ᠶᠢᠨ ᠡᠭᠦᠷᠭᠡ ᠶᠢ ᠥᠨᠳᠥᠷ | ᠪᠠᠷᠢᠮᠵᠢᠶ᠎ᠠ ᠪᠠᠷ ᠪᠡᠶᠡᠯᠡᠭᠦᠯᠵᠦ᠂ ︽7 ᠰᠢᠨ᠎ᠡ ᠴᠢᠩᠱᠠᠨ︾ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ | ᠪᠥᠬᠦ ᠲᠤᠭᠤᠷᠢᠭ ᠤᠨ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | 【ᠬᠥᠲᠥᠯᠥᠭᠴᠢ】 | ᠴᠢᠩᠱᠠᠨ ᠲᠣᠭᠤᠷᠢᠭ ᠤᠨ ᠣᠳᠣᠬᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠶᠠᠮᠠᠷ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】 | ᠴᠢᠩᠱᠠᠨ ᠲᠣᠭᠤᠷᠢᠭ ᠤᠨ ᠬᠢᠨ ᠨᠠᠮ ᠤᠨ ᠤᠳᠤᠷᠢᠳᠤᠯᠭ᠎ᠠ ᠶᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠡᠯ᠎ᠡ ᠲᠠᠯ᠎ᠠ ᠪᠠ ᠪᠦᠬᠦ ᠶᠠᠪᠤᠴᠠ ᠳᠤ ᠢᠮᠠᠭᠲᠠ ᠲᠤᠤᠱᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠥᠪ | ᠣᠨᠣᠪᠴᠢᠲᠠᠶ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠶᠢ ᠦᠨᠡᠨ ᠬᠦ ᠪᠠᠲᠤᠯᠠᠪᠠ᠃ ᠪᠢᠳᠡ ᠨᠠᠮ ᠤᠨ | ᠬᠤᠷᠢᠶ᠎ᠠ ᠨᠢᠭᠡᠳᠦᠯᠲᠡᠢ ᠤᠳᠤᠷᠢᠳᠬᠤ᠂ ᠬᠠᠮᠲᠤᠷᠠᠭᠰᠠᠨ ᠬᠤᠷᠠᠯᠳᠤᠭᠠᠨ ᠢᠶᠠᠷ ᠵᠣᠬᠢᠴᠠᠭᠤᠯᠬᠤ᠂ ᠵᠠᠬᠢᠳᠠᠯ | ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠢᠶᠠᠷ ᠠᠬᠢᠭᠤᠯᠬᠤ᠂ ᠡᠯ᠎ᠡ ᠲᠠᠯ᠎ᠠ ᠶᠢᠨ ᠬᠢᠨ ᠴᠤᠭᠭᠠᠷ ᠠᠳᠬᠤᠵᠤ | ᠬᠠᠮᠲᠤ ᠪᠠᠷ ᠬᠠᠮᠢᠶᠠᠷᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ | ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳ᠋ᠢᠩ ᠰᠢᠸ ᠹᠧᠩ ᠱᠦᠵᠢ ᠶᠢᠨ ᠳᠤᠷᠠᠳᠤᠭᠰᠠᠨ ︽ᠤᠴᠢᠷ | ᠶᠠᠪᠤᠳᠠᠯ ᠢ ᠰᠢᠢᠳᠪᠦᠷᠢᠯᠡᠬᠦ︾ ᠭᠤᠣᠯ ᠴᠢᠬᠤᠯᠠ ᠠᠭᠤᠯᠭ᠎ᠠ ᠪᠠ ᠴᠢᠩᠱᠠᠨ ᠲᠣᠭᠤᠷᠢᠭ ᠤᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠤᠨ ︽ᠰᠢᠨ᠎ᠡ ᠪᠠᠷ ᠨᠡᠮᠡᠭᠳᠡᠬᠦ ᠦᠭᠡᠢ᠂ ᠬᠥᠳᠡᠯᠦᠩᠭᠦᠢ ᠪᠠᠷ ᠲᠡᠭ ᠪᠣᠯᠭᠠᠬᠤ︾ | ᠠᠵᠢᠯ ᠤᠨ ᠬᠠᠷᠠᠯᠲᠠ ᠶᠢᠨ ᠲᠣᠭᠤᠷᠢᠨ ᠳᠤ ᠠᠵᠢᠯ ᠤᠨ ᠠᠷᠭ᠎ᠠ ᠮᠠᠶ᠋ᠢᠭ ᠢ ᠰᠢᠨᠡᠴᠢᠯᠡᠵᠦ᠂ ︽ᠣᠶᠢᠯᠠᠭᠠᠬᠤ ᠰᠡᠳᠬᠢᠬᠦᠢ︾ | ᠶᠢ ᠴᠢᠩᠭᠠᠳᠬᠠᠪᠠ᠃ ᠲᠤᠭᠤᠷᠢᠭ ᠤᠨᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠥᠪ | ᠣᠨᠣᠪᠴᠢᠲᠠᠶ ᠤᠳᠤᠷᠢᠳᠤᠯᠭ᠎ᠠ ᠳᠣᠣᠷ᠎ᠠ᠂ ᠡᠯ᠎ᠡ ᠵᠦᠢᠯ ᠤᠨ ᠴᠢᠬᠤᠯᠠ ᠶᠡᠭᠡ ᠠᠵᠢᠯᠯᠠᠭ᠎ᠠ᠂ ᠴᠢᠬᠤᠯᠠ ᠬᠤᠷᠠᠯᠳᠤᠭᠠᠨ ᠤ | ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠪᠦᠬᠦ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠦᠷᠭᠦᠯᠵᠢᠯᠡᠨ | ᠰᠠᠶᠢᠵᠢᠷᠠᠪᠠ᠃ | 【ᠬᠥᠲᠥᠯᠥᠭᠴᠢ】 | ᠠᠵᠢᠯ ᠤᠨ ᠳᠤᠮᠳᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】 | 1᠂ ᠦᠨᠳᠦᠷ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠤᠨ ᠬᠡᠷᠡᠭ ᠢ | ᠳᠠᠭᠠᠭᠠᠨ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠣᠳᠠᠲᠠᠶᠢᠵᠢᠭᠤᠯᠤᠨ | ᠨᠠᠷᠢᠯᠢᠭᠵᠢᠭᠤᠯᠤᠨ᠎ᠠ᠃ ᠲᠤᠭᠤᠷᠢᠭ ᠤᠨ ᠳᠡᠰ ᠤᠨ ᠤᠳᠤᠷᠢᠳᠤᠯᠭ᠎ᠠ ᠡᠭᠡᠯᠵᠢᠯᠡᠨ ᠰᠣᠷᠪᠤᠯᠵᠢᠯᠠᠭ᠎ᠠ ᠬᠦᠯᠢᠶᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠠᠷᠢᠨ ᠬᠢᠨᠠᠮᠠᠭᠠᠢ | ᠬᠦᠯᠢᠶᠡᠨ ᠠᠪᠴᠤ᠂ ᠲᠤᠬᠠᠢ ᠶᠢᠨ ᠡᠳᠦᠷ ᠤᠨ ᠠᠩᠬᠠᠨ ᠤ ᠵᠠᠬᠢᠳᠠᠯ ᠤᠨ ᠠᠩᠬᠠᠨ ᠤ ᠰᠣᠷᠪᠤᠯᠵᠢᠯᠠᠭ᠎ᠠ ᠶᠢᠨ ᠵᠦᠢᠯᠡᠰ ᠢ | ᠪᠡᠶ᠎ᠡ ᠪᠠᠷ ᠢᠶᠠᠨ ᠠᠰᠠᠭᠤᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠰᠢᠢᠳᠪᠦᠷᠢᠯᠡᠵᠦ᠂ ᠠᠵᠢᠯ ᠤᠨ | ᠳᠤᠮᠳᠠ ᠪᠠᠨ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ︵ᠭᠤᠮᠣᠳᠠᠯ ᠲᠣᠭᠠᠴᠢᠯᠲᠠ ᠨᠢ ᠵᠦᠢ | ᠵᠣᠬᠢᠰᠲᠠᠢ ᠪᠣᠯ ᠠᠰᠠᠭᠤᠳᠠᠯ ᠢ ᠪᠣᠳᠠᠲᠠᠶᠢᠵᠢᠭᠤᠯᠵᠤ᠂ ᠭᠤᠮᠣᠳᠠᠯ ᠲᠣᠭᠠᠴᠢᠯᠲᠠ ᠨᠢ ᠶᠣᠰᠣ ᠦᠭᠡᠢ ᠪᠣᠯ ᠦᠵᠡᠯ | ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠪᠣᠯ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ | ᠰᠢᠢᠳᠪᠦᠷᠢᠯᠡᠨ᠎ᠡ︶ ᠶᠢ ᠴᠢᠩᠭ᠎ᠠ ᠵᠢᠷᠤᠮᠯᠠᠨ᠎ᠠ᠃ ᠡᠭᠦᠨ ᠤ ᠬᠠᠮᠲᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠪᠦᠷᠢᠯᠳᠦᠭᠦᠨ ᠤ ᠵᠠᠬᠢᠳᠠᠯ ᠰᠣᠷᠪᠤᠯᠵᠢᠯᠠᠭ᠎ᠠ ᠶᠢᠨ ︽ᠬᠤᠶᠠᠷ ᠢ ᠳᠠᠭᠠᠭᠠᠴᠢᠯᠠᠬᠤ︾ ᠠᠵᠢᠯ ᠤᠨ | ᠲᠣᠭᠲᠠᠴᠠ ᠶᠢ ᠪᠠᠶᠢᠭᠤᠯᠵᠤ᠂ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠬᠤ᠂ ᠲᠤᠰᠬᠠᠢ ᠠᠩᠭᠢ ᠪᠠᠷ ᠲᠦᠯᠬᠢᠨ | ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ ᠶᠢ ᠪᠠᠷᠢᠮᠲᠠᠯᠠᠨ᠂ ᠳᠠᠭᠠᠭᠠᠴᠢᠯᠠᠭᠰᠠᠨ | ᠬᠡᠷᠡᠭ ᠢ ᠬᠡᠷᠡᠭ ᠳᠠᠷᠠᠭᠠᠯᠠᠨ ᠠᠷᠭᠠᠴᠠᠬᠤ ᠠᠷᠭ᠎ᠠ ᠬᠡᠮᠵᠢᠶ᠎ᠡ ᠶᠢ ᠰᠤᠳᠤᠯᠵᠤ᠂ ᠨᠢᠭᠡ ᠶᠢ ᠡᠴᠦᠰ ᠲᠤᠨᠢ ᠲᠤᠯᠲᠠᠯ᠎ᠠ | ᠳᠠᠭᠠᠭᠠᠴᠢᠯᠠᠵᠤ᠂ ᠡᠴᠦᠰ ᠲᠤᠨᠢ ᠲᠤᠯᠲᠠᠯ᠎ᠠ ᠰᠢᠢᠳᠪᠦᠷᠢᠯᠡᠨ᠎ᠡ᠃ | 2᠂ ︽ᠵᠠᠳᠠᠯᠤᠯᠲᠠ ᠲᠠᠢ ᠰᠡᠳᠬᠢᠬᠦᠢ︾ ᠶᠢ ᠴᠢᠩᠭᠠᠷᠠᠭᠤᠯᠵᠤ᠂ ︽ᠳᠠᠪᠬᠤᠷᠳᠠᠯ ᠢ ᠴᠡᠭᠴᠡᠯᠡᠵᠦ ᠬᠤᠷᠠᠮᠳᠤᠯ ᠢ | ᠠᠷᠢᠯᠭᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ | ᠲᠥᠪᠯᠡᠷᠡᠭᠦᠯᠦᠨ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠠᠪᠤᠳᠠᠯ ᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠡᠭᠦᠷᠭᠡ ᠪᠣᠯᠭᠠᠵᠤ᠂ ᠲᠤᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ | ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ | ᠴᠢᠩᠭᠠᠳᠬᠠᠨ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠨ᠎ᠠ᠃ | ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠬᠡᠷᠡᠭ | ᠳᠠᠷᠠᠭᠠᠯᠠᠨ ᠲᠣᠳᠣᠷᠬᠠᠶᠢᠯᠠᠵᠤ᠂ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠢᠯᠭᠠᠬᠤ ᠠᠷᠭ᠎ᠠ ᠬᠡᠮᠵᠢᠶ᠎ᠡ ᠪᠠ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠬᠤᠭᠤᠴᠠᠭ᠎ᠠ ᠶᠢ ᠵᠤᠬᠢᠰᠲᠠᠢ ᠵᠢᠭᠰᠠᠭᠠᠬᠤ ᠶᠢᠨ ᠬᠠᠮᠲᠤ | ᠨᠣᠮᠧᠷ ᠢ ᠨᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠡᠷᠴᠢᠮ ᠢᠶᠠᠨ | ᠴᠢᠩᠭᠠᠷᠠᠭᠤᠯᠤᠨ ᠨᠠᠮᠳᠠᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ᠂ ᠬᠠᠳᠠᠭᠠᠰᠤᠨ ᠤᠳ ᠢ ᠪᠦᠲᠦᠮᠵᠢᠲᠡᠶ ᠪᠠᠷ ᠰᠢᠢᠳᠪᠦᠷᠢᠯᠡᠪᠡ᠃ | 3᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠪᠦᠲᠦᠮᠵᠢᠲᠡᠶ ᠥᠷᠨᠢᠭᠦᠯᠦᠨ᠎ᠡ᠃ ︽ᠪᠤᠭᠤᠲᠤ ᠬᠤᠲᠠ ᠶᠢᠨ | ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠬᠡᠷᠡᠭᠵᠢᠭᠦᠯᠬᠦ | ᠲᠥᠰᠥᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠠᠭᠤᠯᠭ᠎ᠠ᠂ ᠣᠷᠣᠯᠠᠨ ᠭᠦᠢᠴᠡᠳᠬᠡᠬᠦ ᠠᠵᠢᠯᠲᠠᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ | ᠴᠤᠪᠤᠷᠠᠯ᠂ ᠠᠵᠢᠯ ᠤᠨ ᠱᠠᠭᠠᠷᠳᠠᠯᠭ᠎ᠠ ᠪᠠ ᠠᠵᠢᠯ ᠤᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ 10 ᠵᠡᠭᠡᠯᠢ | ᠪᠠᠯᠭᠠᠰᠤ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ | ᠨᠡᠶᠢᠭᠡᠮ ᠲᠣᠭᠤᠷᠢᠭ ︵ᠲᠣᠰᠬᠤᠨ︶ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠵᠡᠭᠡᠯᠢ ᠪᠠᠯᠭᠠᠰᠤᠨ ᠤ | ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠲᠠᠯᠠᠪᠤᠷ ᠲᠤ ᠲᠦᠰᠢᠭᠯᠡᠨ ᠨᠡᠶᠢᠭᠡᠮ ᠲᠣᠭᠤᠷᠢᠭ | ︵ᠲᠣᠰᠬᠤᠨ︶ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ 70᠂ ᠵᠡᠭᠡᠯᠢ ᠪᠠᠯᠭᠠᠰᠤᠨ ᠤ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠥᠷᠲᠡᠭᠡ ᠶᠢ 10 ᠪᠠᠶᠢᠭᠤᠯᠵᠤ᠂ 112 ᠣᠷᠣᠯᠠᠨ | ᠭᠦᠢᠴᠡᠳᠬᠡᠬᠦ ᠠᠵᠢᠯᠲᠠᠨ᠂ 117 ᠬᠠᠪᠰᠤᠷᠤᠨ ᠭᠦᠢᠴᠡᠳᠭᠡᠭᠴᠢ ᠶᠢ ᠨᠠᠷᠢᠨ ᠨᠢᠮᠪᠠᠢ ᠰᠢᠯᠢᠨ ᠰᠣᠩᠭᠤᠵᠤ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠭᠦᠨᠵᠡᠭᠡᠢ ᠪᠥᠭᠡᠳ ᠪᠦᠲᠦᠮᠵᠢᠲᠡᠶ ᠥᠷᠨᠢᠬᠦ ᠶᠢ | ᠯᠠᠪᠳᠠᠭᠤᠨ ᠪᠦᠲᠦᠮᠵᠢᠲᠡᠶ ᠠᠬᠢᠭᠤᠯᠪᠠ᠃ | 【ᠬᠥᠲᠥᠯᠥᠭᠴᠢ】 | ᠮᠠᠨ ᠤ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠶᠠᠮᠠᠷ ᠶᠠᠮᠠᠷ ᠰᠢᠨ᠎ᠡ ᠡᠭᠦᠳᠦᠯᠲᠡ ᠪᠠ | ᠬᠢᠯᠠᠰ ᠴᠡᠭ ᠪᠠᠶᠢᠬᠤ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠶᠠᠩ ᠯᠢ ᠵᠢᠶᠧ】 | 1᠂ ᠠᠷᠠᠳ ᠤᠨ ᠬᠦᠴᠢᠷᠳᠡᠯ ᠢ ᠰᠢᠢᠳᠪᠦᠷᠢᠯᠡᠵᠦ ᠥᠭᠬᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ᠂ | ᠨᠢᠭᠡᠳᠦᠯᠲᠡᠢ ᠤᠳᠤᠷᠢᠳᠬᠤ᠂ ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠬᠤ᠂ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠬᠠᠮᠵᠢᠯᠴᠠᠨ ᠬᠠᠪᠰᠤᠷᠬᠤ᠂ ᠡᠷᠬᠡ ᠠᠰᠢᠭ ᠢ ᠪᠠᠲᠤᠯᠠᠬᠤ᠂ ᠬᠠᠤᠯᠢ ᠶᠣᠰᠣᠭᠠᠷ | ᠰᠢᠢᠳᠪᠦᠷᠢᠯᠡᠬᠦ ᠵᠠᠷᠴᠢᠮ ᠶᠣᠰᠣᠭᠠᠷ᠂ ︽ᠰᠢᠢᠳᠪᠦᠷᠢᠯᠡᠬᠦ ᠰᠡᠳᠬᠢᠬᠦᠢ ᠲᠠᠢ ᠪᠠᠶᠢᠬᠤ︾ ᠶᠢ ᠴᠢᠩᠭᠠᠷᠠᠭᠤᠯᠤᠨ᠂ ︽ᠤᠴᠢᠷ | ᠶᠠᠪᠤᠳᠠᠯ ᠢ ᠵᠠᠪᠠᠯ ᠰᠢᠢᠳᠪᠦᠷᠢᠯᠡᠬᠦ︾ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠪᠠᠭᠠᠰᠬᠠᠨ | ᠨᠡᠮᠡᠭᠳᠡᠬᠦ ᠶᠢ ᠬᠢᠵᠠᠭᠠᠷᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠶᠢᠴᠢᠯᠠᠬᠤ︾ ᠶᠢ ᠪᠠᠷᠢᠮᠲᠠᠯᠠᠨ᠂ ᠲᠤᠰᠬᠠᠢ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ︾ ᠤ ᠢᠨᠵᠧᠨᠧᠷᠢᠩ | ᠪᠣᠯᠭᠠᠵᠤ᠂ ︽ᠳᠠᠪᠬᠤᠷᠳᠠᠯ ᠢ ᠵᠠᠰᠠᠵᠤ ᠬᠤᠷᠠᠮᠳᠠᠯ ᠢ ᠠᠷᠢᠯᠭᠠᠬᠤ︾ ᠲᠤᠰᠬᠠᠢ ᠠᠵᠢᠯ ᠢ ᠪᠠᠶᠢᠩᠭᠤ ᠶᠢᠨ ᠪᠥᠭᠡᠳ ᠣᠷᠳᠣ | ᠬᠤᠭᠤᠴᠠᠭ᠎ᠠ ᠪᠠᠷ ᠲᠦᠯᠬᠢᠨ ᠠᠬᠢᠭᠤᠯᠵᠤ᠂ ᠪᠡᠷᠬᠡ ᠰᠡᠳᠦᠪ ᠢ ᠦᠷᠭᠦᠯᠵᠢᠯᠡᠨ ᠰᠢᠢᠳᠪᠦᠷᠢᠯᠡᠨ᠂ ᠨᠢᠭᠡ ᠪᠦᠯᠦᠭ ᠳᠠᠬᠢᠨ | ᠳᠠᠪᠲᠠᠨ ᠰᠤᠷᠪᠤᠯᠵᠢᠯᠠᠭᠰᠠᠨ ᠬᠡᠷᠡᠭ ᠪᠠ ᠣᠯᠠᠨ ᠵᠢᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂ ᠮᠠᠨ ᠤ | ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠠᠶᠢᠰᠢᠶᠠᠯ ᠪᠠ ᠨᠤᠲᠠᠯᠠᠯ ᠢ ᠣᠯᠣᠭᠰᠠᠨ ᠪᠠᠶᠢᠨ᠎ᠠ᠃ 3 | ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ︽ᠲᠤᠰᠬᠠᠢ ᠠᠵᠢᠯ ᠢ ︿ᠨᠢᠭᠡᠳᠦᠭᠡᠷ ᠬᠠᠷᠢᠭᠤᠴᠠᠯᠭᠠᠲᠠᠨ﹀ ᠤ ᠢᠨᠵᠧᠨᠧᠷᠢᠩ | ᠪᠣᠯᠭᠠᠨ ᠯᠠᠪᠳᠠᠭᠤᠨ ᠢᠶᠠᠷ ᠠᠬᠢᠭᠤᠯᠬᠤ︾ ᠠᠵᠢᠯ ᠤᠨ ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠲᠠ᠂ ᠰᠢᠶᠠᠨ ᠤ ᠱᠠᠲᠤᠨ ᠤ ᠴᠣᠷ ᠤᠨ ᠭᠠᠭᠴᠠ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ | ᠬᠠᠮᠲᠤᠷᠠᠭᠰᠠᠨ ᠠᠯᠪᠠᠨ ᠭᠡᠷ᠂ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ︽ᠳᠠᠪᠬᠤᠷᠳᠠᠭᠰᠠᠨ | ᠵᠠᠬᠢᠳᠠᠯ ᠰᠣᠷᠪᠤᠯᠵᠢᠯᠠᠭ᠎ᠠ ᠶᠢ ᠵᠠᠰᠠᠵᠤ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ | ᠠᠵᠢᠯ ᠤᠨ ᠨᠡᠶᠢᠲᠡᠯᠢᠭ ᠲᠤᠷᠰᠢᠯᠭ᠎ᠠ ᠶᠢᠨ ᠰᠣᠩᠭᠤᠮᠠᠯ︾ ᠳᠤ ᠰᠣᠩᠭᠤᠭᠳᠠᠭᠰᠠᠨ ᠭᠠᠵᠠᠷ ᠣᠷᠣᠨ ᠪᠣᠯᠪᠠ︔ 5 ᠳ᠋ᠤᠭᠠᠷ | ᠰᠠᠷ᠎ᠠ ᠳᠤ᠂ ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ | ︽ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠠᠷᠢᠯᠭᠠᠬᠤ ᠲᠤᠰᠬᠠᠢ ᠠᠵᠢᠯ ᠤᠨ ᠰᠢᠯᠢᠳᠡᠭ ᠬᠠᠮᠲᠤ ᠨᠡᠶᠢᠲᠡ︾ ᠶᠢᠨ ᠢᠷᠠᠭᠤ ᠠᠯᠳᠠᠷ ᠢ ᠭᠥᠷᠳᠡᠪᠡ᠃ | 2᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ | ᠡᠯ᠎ᠡ ᠵᠡᠭᠡᠯᠢ ᠪᠠᠯᠭᠠᠰᠤᠨ ᠳᠤ ᠬᠢᠯᠠᠰ ᠴᠡᠭ ᠤᠯᠠᠨ ᠢᠯᠡᠷᠡᠵᠦ᠂ ᠰᠢᠩ ᠱᠧᠩ ᠪᠠᠯᠭᠠᠰᠤ ᠶᠢᠨ ᠬᠢᠨ ᠬᠠᠮᠤᠭ ᠤᠨ | ᠲᠦᠷᠦᠭᠦᠨ ᠳᠤ ︽ᠵᠧᠦ ᠰᠢᠦᠢ ᠳ᠋ᠦᠩ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠠᠰᠤᠭ︾ ᠢ ᠪᠠᠶᠢᠭᠤᠯᠵᠤ᠂ | ︽ᠲᠠᠪᠤᠨ ᠡᠷᠦᠭᠡ ᠶᠢᠨ ᠠᠵᠢᠯ ᠤᠨ ᠠᠷᠭ᠎ᠠ︾ ︵ᠭᠡᠷ ᠤᠨ ᠬᠥᠮᠥᠨ᠂ ᠭᠡᠷ ᠤᠨ ᠶᠠᠪᠤᠳᠠᠯ᠂ ᠭᠡᠷ ᠤᠨ ᠵᠠᠬᠢᠳᠠᠯ᠂ ᠭᠡᠷ ᠤᠨ | ᠰᠣᠷᠪᠤᠯᠵᠢᠯᠠᠭ᠎ᠠ᠂ ᠭᠡᠷ ᠤᠨ ᠵᠤᠭᠤᠭ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠡᠷ ᠤᠨ ᠬᠥᠮᠥᠨ ᠢᠶᠠᠨ | ᠪᠣᠯᠭᠠᠵᠤ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠭᠡᠷ ᠤᠨ ᠵᠠᠬᠢᠳᠠᠯ ᠢᠶᠠᠨ ᠪᠣᠯᠭᠠᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠭᠡᠷ ᠤᠨ ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ | ᠭᠡᠷ ᠤᠨ ᠰᠤᠷᠪᠤᠯᠵᠢᠯᠠᠭ᠎ᠠ ᠪᠣᠯᠭᠠᠵᠤ᠂ ᠤᠯᠠᠨ ᠲᠦᠮᠡᠨ ᠲᠠᠢ ᠭᠡᠷ ᠤᠨ ᠵᠤᠭᠤᠭ ᠢᠶᠠᠨ ᠶᠠᠷᠢᠯᠴᠠᠬᠤ︶ ᠶᠢ ᠰᠢᠨ᠎ᠡ ᠶᠢ | ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠬᠠᠯᠠᠭᠤᠨ ᠳᠤᠯᠠᠭᠠᠨ ᠣᠷᠴᠢᠨ ᠲᠣᠭᠤᠷᠢᠨ ᠢ ᠪᠤᠢ ᠪᠣᠯᠭᠠᠪᠠ᠃ | ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠲᠤᠰᠠᠯᠠᠭᠴᠢ 56 ᠬᠥᠮᠥᠨ ᠢᠶᠠᠷ ᠵᠣᠬᠢᠶᠠᠨ ᠪᠠᠶᠢᠭᠤᠯᠤᠭᠰᠠᠨ ︽ᠰᠢᠶᠣᠣ ᠬᠤᠩ ᠮᠣᠣ ᠰᠠᠶᠢᠨ ᠳᠤᠷ᠎ᠠ ᠶᠢᠨ ᠲᠣᠭᠤᠷᠢᠨ | ᠴᠠᠭᠳᠠᠬᠤ ᠠᠩᠭᠢ︾ ᠡᠳᠦᠷ ᠪᠦᠷᠢ ᠲᠣᠭᠤᠷᠢᠨ ᠪᠠᠶᠢᠴᠠᠭᠠᠬᠤ ᠶᠢ ᠪᠠᠷᠢᠮᠲᠠᠯᠠᠵᠤ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠴᠠᠭ ᠲᠤᠬᠠᠢ ᠳᠤᠨᠢ ᠴᠤᠭᠯᠠᠭᠤᠯᠤᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠵᠠᠬᠢᠳᠠᠯ | ᠰᠣᠷᠪᠤᠯᠵᠢᠯᠠᠭ᠎ᠠ ᠶᠢᠨ ᠲᠠᠯᠳᠠ ᠭᠡᠮ ᠢ ᠴᠠᠭ ᠲᠤᠬᠠᠢ ᠳᠤᠨᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠴᠡᠭ ᠲᠤ ᠬᠥᠲᠥᠯᠥᠨ ᠬᠦᠷᠭᠡᠵᠦ ᠲᠡᠷᠡ ᠳᠠᠷᠤᠢ ᠳᠤᠨᠢ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤᠴᠢ ᠵᠠᠮ ᠤᠨ | ᠵᠡᠭᠡᠯᠢ ᠭᠤᠳᠤᠮᠵᠢ ᠶᠢᠨ ᠬᠢᠨ ︽ᠭᠤᠯᠳᠤᠷᠢᠯ ᠤᠨ ᠶᠡᠭᠡ ᠬᠤᠷᠠᠯ︾᠂ ︽ᠰᠠᠭᠤᠭᠠᠯᠢ ᠠᠷᠠᠳ ᠤᠨ ᠶᠠᠷᠢᠯᠴᠠᠬᠤ ᠬᠤᠷᠠᠯ︾᠂ | ︽ᠬᠠᠤᠯᠢ ᠶᠢᠨ ᠲᠤᠰᠢᠶᠠᠯᠲᠠᠨ ᠤ ᠠᠵᠢᠯᠯᠠᠬᠤ ᠦᠷᠳᠡᠭᠡ︾ ᠶᠢ ᠠᠰᠢᠭᠯᠠᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠢ ᠲᠤᠰ ᠲᠤᠰ ᠪᠠᠶᠢᠭᠤᠯᠵᠤ᠂ | ︽ᠲᠦᠷᠪᠡᠨ ᠠᠵᠢᠯᠲᠠᠨ︾ ᠤ ᠣᠷᠣᠯᠠᠨ ᠭᠦᠢᠴᠡᠳᠬᠡᠬᠦ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠪᠡ᠃ | ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ | ᠰᠢᠢᠳᠪᠦᠷᠢᠯᠡᠬᠦ ᠠᠵᠢᠯ ᠤᠨ ︽ᠵᠢᠯᠣᠭᠤᠳᠤᠭᠴᠢ︾᠂ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠭᠡᠷ ᠠᠴᠠ | ᠬᠤᠯᠪᠣᠭᠳᠠᠯ ᠪᠦᠬᠦᠢ ᠠᠵᠢᠯ ᠤᠨ ︽ᠬᠤᠯᠪᠣᠭᠠᠴᠢᠨ︾᠂ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠪᠥᠬᠦ ᠶᠠᠪᠤᠴᠠ ᠳᠤ ︽ᠣᠷᠣᠯᠠᠨ ᠭᠦᠢᠴᠡᠳᠭᠡᠭᠴᠢ︾᠂ ᠰᠦᠯᠵᠢᠶᠡᠨ ᠤ ᠵᠥᠷᠢᠴᠡᠯ ᠤᠨ ᠮᠡᠳᠡᠭᠡ ᠵᠠᠩᠭᠢ ᠶᠢ | ᠵᠢᠭᠰᠠᠭᠠᠨ ᠪᠠᠶᠢᠴᠠᠭᠠᠬᠤ ︽ᠴᠤᠭᠯᠠᠭᠤᠯᠤᠭᠴᠢ︾ ᠶᠢ ᠮᠥᠷᠳᠡᠨ ᠰᠢᠢᠳᠪᠦᠷᠢᠯᠡᠬᠦ ᠪᠠᠷ ᠳᠠᠮᠵᠢᠭᠤᠯᠤᠨ᠂ ᠨᠠᠶᠢᠳᠠᠬᠤ᠂ | ᠣᠷᠣᠯᠠᠨ ᠭᠦᠢᠴᠡᠳᠬᠡᠬᠦ᠂ ᠳᠠᠭᠤᠰᠬᠠᠬᠤ᠂ ᠬᠠᠷᠢᠭᠤ ᠲᠤᠰᠬᠠᠬᠤ ᠪᠥᠬᠦ ᠶᠠᠪᠤᠴᠠ ᠳᠤ ᠰᠢᠢᠳᠪᠦᠷᠢᠯᠡᠬᠦ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠪᠠ᠃ | 3᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ︽ᠫᠦᠵᠢᠶᠠᠩ ᠤᠨ ᠲᠤᠷᠰᠢᠯᠭ᠎ᠠ︾ ᠲᠠᠢ ᠤᠶᠠᠯᠳᠤᠭᠤᠯᠵᠤ᠂ ᠮᠠᠨ ᠤ ᠲᠣᠪᠴᠢᠶ᠎ᠠ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠬᠢᠯᠠᠰ ᠴᠡᠭ ᠪᠠ ᠨᠡᠶᠢᠲᠡᠯᠢᠭ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠮᠠᠨ ᠤ ᠲᠤᠭᠤᠷᠢᠭ ᠤᠨ | ᠤᠬᠠᠭᠤᠯᠭ᠎ᠠ ᠶᠢᠨ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠬᠠᠭᠤᠯᠭ᠎ᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠠᠭᠤᠰᠤᠯᠴᠠᠨ ᠤᠯᠠᠮᠵᠢᠯᠠᠬᠤ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ | ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠣᠨᠢᠨ ᠮᠡᠳᠡᠭᠡᠨ ᠤ ᠮᠡᠳᠡᠭᠡᠯᠡᠯ ᠤᠨ | ᠡᠷᠴᠢᠮ ᠢ ᠴᠢᠩᠭᠠᠷᠠᠭᠤᠯᠵᠤ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ ᠣᠳᠣ ᠪᠣᠯᠲᠠᠯ᠎ᠠ᠂ ᠮᠠᠨ ᠤ ᠲᠣᠪᠴᠢᠶ᠎ᠠ ᠶᠢᠨ | ᠨᠡᠶᠢᠲᠡᠯᠡᠭᠰᠡᠨ ︽ᠴᠢᠩᠱᠠᠨ ᠲᠣᠭᠤᠷᠢᠭ ᠤᠨ ︿ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ﹀ ᠠᠷᠠᠳ ᠤᠨ | ᠵᠣᠪᠠᠨᠢᠯ ᠢ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ︿ᠵᠠᠢ ᠵᠠᠪᠰᠠᠷ ᠦᠭᠡᠢ﹀︾᠂ ︽ᠲᠣᠭᠠᠴᠢᠯᠠᠭᠰᠠᠨ | ᠡᠨᠧᠷᠭᠢ ᠣᠯᠭᠤᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ︿ᠣᠶᠤᠨ ᠢᠶᠠᠷ ᠵᠠᠰᠠᠬᠤ﹀︾᠂ ︽ᠣᠯᠠᠨ ᠲᠦᠮᠡᠨ ᠤ | ᠶᠠᠪᠤᠳᠠᠯ ᠢ ᠰᠠᠶᠢᠲᠤᠷ ᠬᠢᠬᠦ︾᠂ ︽ᠴᠢᠩᠱᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ | ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ︾ ᠵᠡᠷᠭᠡ ᠰᠠᠶᠢᠨ ᠲᠤᠷᠰᠢᠯᠭ᠎ᠠ ᠠᠷᠭ᠎ᠠ ᠬᠢᠳᠡᠯ ᠢ | ︽ᠤᠯᠤᠰ ᠢᠶᠠᠨ ᠬᠦᠴᠦᠷᠬᠡᠭᠵᠢᠭᠦᠯᠬᠦ ᠠᠴᠠ ᠰᠤᠷᠤᠯᠴᠠᠬᠤ︾᠂ ︽ᠥᠪᠥᠷ ᠮᠣᠩᠭᠤᠯ ᠤᠨ ᠡᠳᠦᠷ ᠤᠨ ᠰᠣᠨᠢᠨ ᠤ ᠲᠠᠯ᠎ᠠ | ᠨᠤᠲᠤᠭ ᠤᠨ ᠪᠦᠷᠢᠨ ᠵᠠᠭᠤᠴᠢᠯᠠᠭᠤᠷ︾ ᠵᠢᠴᠢ ︽ᠪᠤᠭᠤᠲᠤ ᠶᠢᠨ ᠡᠳᠦᠷ ᠤᠨ ᠰᠣᠨᠢᠨ︾ ᠵᠡᠷᠭᠡ ᠵᠠᠭᠤᠴᠢᠯᠠᠭᠤᠷ ᠤᠨ | ᠬᠢᠨ ᠳᠤ ᠨᠢᠭᠡᠨᠲᠡ ᠣᠯᠠᠨ ᠮᠡᠳᠡᠭᠡᠯᠡᠯ ᠨᠡᠶᠢᠲᠡᠯᠡᠵᠦ᠂ ᠮᠠᠨ ᠤ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠮᠡᠳᠡᠭᠡᠯᠡᠯ ᠤᠨ ᠲᠠᠯ᠎ᠠ ᠪᠠᠷ ᠬᠢ ᠳᠤᠲᠠᠭᠤᠳᠠᠯ ᠢ ᠬᠤᠪᠢᠷᠠᠭᠤᠯᠪᠠ᠃ | |