ᠲᠣᠣᠷᠵᠢᠯᠳᠠ ᠶᠢᠨ ᠥᠢᠯᠡᠴᠢᠯᠡᠭᠡ ᠪᠠᠷ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠨ᠎ᠠ
ᠨᠡᠶᠢᠲᠡᠯᠡᠭᠰᠡᠨ ᠴᠠᠭ᠄
2023/7/14
      ᠲᠣᠣᠷᠵᠢᠯᠳᠠ ᠶᠢᠨ ᠮᠡᠳᠡᠭᠡ ᠵᠠᠩᠬᠢ ᠶᠢ ᠣᠯᠠᠮ ᠨᠢᠬᠡ ᠠᠯᠬᠤᠮ ᠲᠠᠭᠦᠯᠳᠡᠷᠵᠢᠬᠦᠯᠵᠣ᠂ ᠬᠠᠷᠢᠶ᠎ᠠ ᠣᠷᠣᠨ ᠤ ᠥᠨᠳᠥᠰᠥᠳᠡᠨ ᠨᠦᠭᠦᠳ ᠤᠨ ᠣᠯᠠᠨ ᠲᠥᠮᠡᠨ ᠤ ᠮᠡᠳᠡᠭᠡ ᠵᠠᠩᠬᠢ ᠶᠢᠨ ᠥᠨᠡᠨ ᠪᠣᠳᠠᠳᠠᠢ ᠴᠢᠨᠠᠷ ᠪᠠ ᠪᠥᠷᠢᠨ ᠪᠥᠳᠥᠨ ᠴᠢᠨᠠᠷ ᠢ ᠥᠨᠡᠨᠬᠦ ᠪᠠᠳᠣᠯᠠᠵᠣ᠂ ᠲᠣᠣᠷᠵᠢᠯᠳᠠ ᠶᠢᠨ ᠬᠠᠮᠢᠶᠠᠷᠣᠯᠳᠠ ᠶᠢ ᠨᠠᠩ ᠵᠢᠷᠣᠮᠵᠢᠭᠤᠯᠣᠨ᠂ ᠲᠣᠣᠷᠵᠢᠯᠳᠠ ᠶᠢᠨ ᠥᠢᠯᠡᠴᠢᠯᠡᠭᠡᠨ ᠶᠢ ᠨᠡᠩ ᠲᠥᠬᠦᠮ ᠲᠥᠳᠡ ᠪᠣᠯᠭᠠᠬᠤ ᠶᠢᠨ ᠲᠥᠯᠥᠭᠡ᠂ ᠣᠶᠢᠷ᠎ᠡ ᠳᠤ᠂ ᠴᠢᠩᠱᠠᠨ ᠲᠣᠭᠤᠷᠢᠭ ᠤᠨ ᠵᠢᠷᠭᠠᠯᠠᠩᠳᠣ ᠵᠠᠮ ᠤᠨ ᠵᠡᠭᠡᠯᠢ ᠭᠤᠳᠣᠮᠵᠢ ᠶᠢᠨ ᠵᠢᠷᠭᠠᠯᠠᠩᠳᠣ ᠨᠡᠶᠢᠭᠡᠮ ᠲᠣᠭᠤᠷᠢᠭ ᠶᠢᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠰᠢᠨ᠎ᠡ ᠨᠢᠬᠡ ᠡᠭᠡᠯᠵᠢ ᠶᠢᠨ ᠲᠣᠣᠷᠵᠢᠯᠳᠠ ᠶᠢᠨ ᠡᠷᠣᠭᠡ ᠳᠤ ᠣᠷᠣᠵᠣ ᠰᠣᠷᠪᠣᠯᠵᠢᠯᠠᠬᠤ ᠠᠵᠢᠯ ᠢ ᠥᠷᠨᠢᠬᠦᠯᠪᠠ᠃      ᠲᠣᠣᠷᠵᠢᠯᠳᠠ ᠶᠢᠨ ᠠᠵᠢᠯᠳᠡᠨ ᠡᠷᠣᠭᠡ ᠳᠤ ᠣᠷᠣᠵᠣ ᠰᠣᠷᠪᠣᠯᠵᠢᠯᠠᠬᠤ ᠳᠠᠭᠠᠨ᠂ ᠨᠢᠬᠡ ᠳᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠠᠭᠤᠷᠢ ᠮᠡᠳᠡᠭᠡ ᠵᠠᠩᠬᠢ ᠶᠢ ᠴᠠᠭ ᠲᠣᠬᠠᠢ ᠳᠤᠨᠢ ᠬᠢᠨᠠᠨ ᠬᠠᠷᠭᠤᠭᠤᠯᠵᠣ ᠰᠢᠨᠡᠳᠭᠡᠨ᠂ ᠬᠤᠪᠢᠷᠠᠯᠳᠠ ᠲᠠᠢ ᠭᠡᠷ ᠪᠠᠶᠢᠰᠢᠩ ᠭᠡᠷ ᠢ ᠰᠢᠠᠳᠣᠷ ᠲᠠᠮᠳᠡᠭᠯᠡᠪᠡ᠃ ᠬᠤᠶᠠᠷ ᠲᠤ ᠰᠠᠭᠤᠷᠢ ᠮᠡᠳᠡᠭᠡ ᠵᠠᠩᠬᠢ ᠶᠢ ᠣᠶᠢᠯᠠᠭᠠᠨ ᠵᠢᠭᠰᠠᠭᠠᠬᠤ ᠶᠠᠪᠣᠴᠨ ᠳᠤ᠂ ᠲᠣᠣᠷᠵᠢᠯᠳᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠭᠠᠯ ᠣᠨᠳᠠᠷᠠᠭᠠᠬᠤ ᠠᠮᠣᠷ ᠲᠥᠪᠰᠢᠨ ᠤ ᠲᠠᠯᠳᠠ ᠭᠡᠮ ᠰᠣᠭᠤᠭ ᠪᠣᠯᠣᠨ ᠵᠥᠷᠢᠴᠡᠯ ᠵᠢᠭᠤᠷᠠᠯᠳᠣᠭᠠᠨ ᠢ ᠨᠢᠭᠳᠠ ᠠᠩᠬᠠᠷᠴᠣ᠂ ᠢᠳᠬᠠᠬᠤ ᠪᠠ ᠲᠠᠩᠰᠠᠯᠠᠬᠤ ᠠᠵᠢᠯ ᠢ ᠴᠠᠭ ᠲᠣᠬᠠᠢ ᠳᠤᠨᠢ ᠰᠠᠶᠢᠳᠣᠷ ᠬᠢᠪᠡ᠃ ᠭᠤᠷᠪᠠ ᠳᠤ᠂ ᠡᠷᠣᠭᠡ  ᠳᠤ ᠣᠷᠣᠵᠣ ᠰᠣᠷᠪᠣᠯᠵᠢᠯᠠᠬᠤ ᠪᠠᠷ ᠲᠠᠮᠵᠢᠭᠤᠯᠣᠨ ᠬᠠᠷᠢᠶ᠎ᠡ ᠣᠷᠣᠨ ᠤ ᠰᠠᠭᠤᠭᠠᠯᠢ ᠠᠷᠠᠳ ᠤᠨ ᠮᠡᠳᠡᠭᠡ ᠵᠠᠩᠬᠢ ᠶᠢ ᠲᠡᠭᠦᠯᠳᠡᠷᠵᠢᠬᠦᠯᠵᠣ᠂ ᠲᠣᠣᠷᠵᠢᠯᠳᠠ ᠶᠢᠨ ᠠᠵᠢᠯᠳᠡᠨ ᠪᠠ ᠰᠠᠭᠤᠭᠠᠯᠢ ᠠᠷᠠᠳ ᠤᠨ ᠬᠠᠷᠢᠴᠠᠭ᠎ᠠ ᠶᠢ ᠣᠶᠢᠷᠠᠳᠣᠭᠤᠯᠵᠣ᠂ ᠬᠤᠶᠢᠰᠢᠳᠠ ᠶᠢᠨ ᠲᠣᠣᠷᠵᠢᠯᠳᠠ ᠶᠢᠨ ᠠᠵᠢᠯ ᠳᠤ ᠪᠠᠳᠣ ᠪᠠᠬᠢ ᠰᠠᠭᠤᠷᠢ ᠶᠢ ᠲᠠᠯᠪᠢᠪᠠ᠃ ᠲᠥᠷᠪᠠ ᠳᠤ᠂ ᠡᠷᠣᠭᠡ ᠳᠤ ᠣᠷᠣᠵᠣ ᠰᠣᠷᠪᠣᠯᠵᠢᠯᠠᠬᠤ ᠥᠶ᠎ᠡ ᠳᠤ ᠰᠠᠭᠤᠭᠠᠯᠢ ᠠᠷᠠᠳ ᠵᠡᠭᠡᠯᠢ ᠭᠤᠳᠣᠮᠵᠢ ᠶᠢᠨ ᠸᠢᠴᠡᠲ ᠤᠨ ᠨᠡᠶᠢᠳᠡ ᠶᠢᠨ ᠳ᠋ᠣᠭᠠᠷ ᠲᠤ ᠠᠩᠬᠠᠷᠣᠯ ᠲᠠᠯᠪᠢᠬᠤ ᠶᠢ ᠢᠳᠡᠪᠬᠢᠳᠡᠢ ᠪᠠᠷ ᠣᠬᠠᠭᠤᠯᠵᠣ ᠭᠥᠳᠥᠯᠥᠨ ᠵᠢᠯᠣᠭᠤᠳᠴᠣ᠂ ᠰᠠᠭᠤᠭᠠᠯᠢ ᠠᠷᠠᠳ ᠢ ᠲᠣᠣᠷᠵᠢᠯᠳᠠ ᠶᠢᠨ ᠸᠢᠴᠡᠲ ᠢ ᠨᠡᠮᠡᠭᠦᠯᠵᠣ᠂ ᠰᠠᠭᠤᠭᠠᠯᠢ ᠠᠷᠠᠳ ᠤᠨ ᠬᠠᠮᠤᠭ ᠤᠨ ᠰᠢᠨ᠎ᠡ ᠠᠷᠠᠳ ᠤᠨ ᠠᠮᠢᠳᠣᠷᠠᠯ ᠤᠨ ᠲᠥᠷᠣ ᠶᠢᠨ ᠪᠣᠳᠣᠯᠭ᠎ᠠ ᠪᠠ ᠨᠡᠶᠢᠭᠡᠮ ᠲᠣᠭᠤᠷᠢᠭ ᠤᠨ ᠮᠡᠳᠡᠭᠡ ᠵᠠᠩᠬᠢ ᠶᠢᠨ ᠭᠥᠳᠡᠯᠥᠯ ᠪᠠᠶᠢᠳᠠᠯ ᠢ ᠴᠠᠭ ᠲᠣᠬᠠᠢ ᠳᠤᠨᠢ ᠣᠶᠢᠯᠠᠭᠠᠬᠤ ᠳᠤ ᠲᠥᠬᠦᠮ ᠥᠵᠡᠭᠦᠯᠵᠣ᠂ ᠰᠠᠭᠤᠭᠠᠯᠢ ᠠᠷᠠᠳ ᠲᠤ ᠥᠢᠯᠡᠴᠢᠯᠡᠬᠦ ᠳᠤ ᠬᠥᠴᠥᠳᠡᠢ ᠪᠠᠳᠣᠯᠠᠭ᠎ᠠ ᠬᠠᠩᠭᠠᠪᠠ᠃ ᠲᠠᠪᠤ ᠳᠤ ᠭᠡᠷ ᠲᠡᠭᠡᠨ ᠬᠥᠮᠥᠨ ᠪᠠᠶᠢᠭ᠎ᠠ ᠥᠭᠡᠢ ᠪᠥᠭᠡᠳ ᠭᠡᠷ ᠲᠤᠨᠢ ᠣᠷᠣᠵᠣ ᠲᠡᠶᠢᠯᠣᠭ᠍ᠰᠡᠨ ᠥᠭᠡᠢ ᠡᠷᠣᠭᠡ ᠳᠤ᠂ ᠡᠭᠦᠳᠡᠨ ᠳᠤᠨᠢ ᠡᠷᠣᠭᠡ ᠳᠤ ᠣᠷᠣᠬᠤ ᠮᠡᠳᠡᠭᠳᠡᠯ ᠤᠨ ᠬᠠᠭᠤᠳᠠᠰᠣ ᠨᠠᠭᠠᠵᠣ᠂ ᠲᠡᠭᠡᠷ᠎ᠡ ᠨᠢ ᠲᠣᠣᠷᠵᠢᠯᠳᠡ ᠶᠢᠨ ᠠᠵᠢᠯᠳᠠᠨ ᠤ ᠬᠠᠷᠢᠯᠴᠠᠬᠤ ᠣᠳᠠᠰᠣ ᠪᠠ ᠸᠢᠴᠡᠲ ᠢ ᠲᠣᠳᠣᠷᠬᠠᠶᠢᠯᠠᠨ ᠪᠢᠴᠢᠵᠣ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠲᠣᠣᠷᠵᠢᠯᠳᠠ ᠶᠢᠨ ᠠᠵᠢᠯᠳᠡᠨ ᠲᠠᠢ ᠬᠠᠷᠢᠯᠴᠠᠬᠤ ᠳᠤ ᠲᠥᠭᠦᠮ ᠥᠵᠡᠭᠦᠯᠪᠡ᠃      ᠲᠣᠰ ᠣᠳᠠᠭᠠᠨ ᠤ ᠡᠷᠣᠭᠡ ᠳᠤ ᠣᠷᠣᠵᠣ ᠰᠣᠷᠪᠣᠯᠵᠢᠯᠠᠬᠤ ᠠᠵᠢᠯ ᠢᠶᠠᠷ ᠲᠠᠮᠵᠢᠨ᠂ ᠲᠣᠣᠷᠵᠢᠯᠳᠠ ᠶᠢᠨ ᠠᠵᠢᠯᠳᠡᠨ ᠬᠢᠬᠡᠳ ᠰᠠᠭᠤᠭᠠᠯᠢ ᠠᠷᠠᠳ ᠤᠨ ᠬᠠᠷᠢᠴᠠᠭ᠎ᠠ ᠶᠢ ᠬᠥᠨᠵᠡᠭᠡᠶᠢᠷᠡᠭᠦᠯᠵᠣ᠂ ᠰᠠᠭᠤᠭᠠᠯᠢ ᠠᠷᠠᠳ ᠢ ᠲᠣᠣᠷᠵᠢᠯᠳᠠ ᠶᠢᠨ ᠠᠵᠢᠯᠳᠡᠨ ᠤ ᠠᠵᠢᠯ ᠳᠤ ᠨᠡᠩ ᠰᠢᠭᠤᠳ ᠲᠠᠨᠢᠯᠳᠠ ᠲᠠᠢ ᠪᠣᠯᠭᠠᠵᠣ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠥᠢᠯᠡᠴᠢᠯᠡᠭᠡᠨ ᠤ ᠬᠠᠮᠢᠶᠠᠷᠣᠯᠳᠠ ᠶᠢᠨ ᠣᠶᠢᠯᠠᠭᠠᠯᠳᠠ ᠶᠢᠨ ᠨᠣᠷᠮ᠎ᠠ ᠪᠠ ᠣᠷᠣᠯᠴᠠᠬᠤ ᠨᠣᠷᠮ᠎ᠠ ᠶᠢ ᠲᠡᠬᠡᠭᠰᠢᠯᠡᠬᠦᠯᠵᠣ᠂ ᠥᠨᠳᠥᠰᠥᠳᠡᠨ ᠨᠦᠭᠦᠳ ᠤᠨ ᠣᠯᠠᠨ ᠲᠥᠮᠡᠨ ᠤ ᠡᠳᠣᠷ ᠲᠣᠳᠣᠮ ᠤᠨ ᠶᠠᠪᠣᠯᠴᠠᠭ᠎ᠠ᠂ ᠰᠣᠯᠢᠯᠴᠠᠭ᠎ᠠ᠂ ᠠᠭᠤᠰᠣᠯᠴᠡᠯ ᠤᠨ ᠰᠡᠳᠬᠢᠯ ᠤᠨ ᠭᠥᠭᠦᠷᠭᠡ ᠬᠤᠯᠪᠣᠭᠠᠰᠣ ᠪᠣᠯᠣᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号