ᠵᠢᠯᠣᠭᠤᠴᠢ ᠦᠭᠡᠢ ᠨᠢᠰᠬᠡᠯ ᠢᠶᠠᠷ ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/7/14
      ᠣᠶᠢᠷ᠎ᠠ ᠳᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠯᠣᠭᠤᠴᠢ ᠦᠭᠡᠢ ᠨᠢᠰᠬᠡᠯ ᠢ ᠠᠰᠢᠭᠯᠠᠨ ᠴᠢᠩᠱᠠᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠡᠯ᠎ᠡ ᠲᠥᠷᠥᠯ ᠤᠨ ᠣᠶᠢᠵᠢᠭᠤᠯᠬᠤ ᠭᠠᠵᠠᠷ ᠲᠤ ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠪᠡ᠃ ᠲᠣᠰ ᠤᠳᠠᠭ᠎ᠠ ᠶᠢᠨ ᠵᠢᠯᠣᠭᠤᠴᠢ ᠦᠭᠡᠢ ᠨᠢᠰᠬᠡᠯ ᠤᠨ ᠨᠢᠰᠦᠯᠲᠡ ᠶᠢᠨ ᠰᠡᠷᠭᠡᠶᠢᠯᠡᠯᠲᠡ ᠶᠢᠨ ᠲᠠᠯᠠᠪᠠᠶ ᠨᠢ ᠪᠠᠷᠤᠭ 6000 ᠮᠦ ᠪᠠᠶᠢᠵᠤ᠂ ᠠᠸᠢᠼᠢᠨ ᠤ ᠨᠢᠰᠦᠯᠲᠡ ᠶᠢ ᠰᠡᠷᠭᠡᠶᠢᠯᠡᠨ ᠠᠷᠢᠯᠭᠠᠬᠤ ᠪᠠᠷ ᠳᠡᠮᠵᠢᠨ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠡᠯ᠎ᠡ ᠲᠥᠷᠥᠯ ᠤᠨ ᠣᠶᠢᠵᠢᠭᠤᠯᠤᠭᠰᠠᠨ ᠭᠠᠵᠠᠷ ᠤᠨ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠲᠠᠷᠬᠠᠨ ᠳᠡᠯᠭᠡᠷᠡᠬᠦ ᠲᠦᠭᠰᠢᠭᠦᠷᠢ ᠶᠢ ᠪᠦᠲᠦᠮᠵᠢᠲᠡᠶ ᠬᠤᠷᠢᠭᠯᠠᠵᠤ᠂ ᠲᠥᠷᠥᠯ ᠵᠦᠢᠯ ᠤᠨ ᠲᠤᠭᠤᠷᠢᠭ ᠤᠨ ᠳᠣᠲᠣᠷᠠᠬᠢ ᠴᠢᠬᠢ ᠮᠣᠳᠣᠨ ᠤ ᠡᠷᠡᠭᠦᠯ ᠢᠶᠠᠷ ᠪᠣᠶᠢᠵᠢᠬᠤ ᠶᠢ ᠦᠨᠡᠨ ᠬᠦ ᠪᠠᠲᠤᠯᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号