ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/15
      ᠴᠢᠩᠱᠠᠨ ᠵᠠᠰᠠᠭ ᠲᠠᠷᠬᠠᠭᠠᠭᠰᠠᠨ〔2023〕14 ᠳ᠋ᠦ᠋ᠭᠡᠷ ᠲᠣᠭᠠᠲᠤ        ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ   ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠬᠤᠯᠪᠣᠭᠳᠠᠯ ᠪᠦᠬᠦᠢ ᠨᠢᠭᠡᠴᠡ ᠨᠦᠭᠦᠳ᠄       ︽ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠲᠤᠬᠠᠢ ᠬᠡᠷᠡᠭᠵᠢᠭᠦᠯᠬᠦ ᠲᠥᠰᠥᠯ︾᠎ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ       2023 ᠣᠨ ᠤ 6 ᠰᠠᠷ᠎ᠠ ᠶᠢᠨ 15᠎ ᠤ ᠡᠳᠦᠷ         ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠲᠤᠬᠠᠢ ᠬᠡᠷᠡᠭᠵᠢᠭᠦᠯᠬᠦ ᠲᠥᠰᠥᠯ     ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠥᠷᠥ ᠶᠢᠨ ᠶᠠᠪᠤᠳᠠᠯ ᠤᠨ ᠬᠤᠷᠢᠶ᠎ᠠ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠪᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2022﹈ 20 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠬᠤᠲᠠ ᠶᠢᠨ ᠡᠯ᠎ᠡ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠤᠭᠤᠲᠦ ᠵᠠᠰᠠᠭ ᠲᠠᠷᠬᠠᠭᠠᠭᠰᠠᠨ ﹇2023﹈ 17 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ︵ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠭᠡᠵᠦ ᠲᠣᠪᠴᠢᠯᠠᠨ᠎ᠠ︶᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃  ᠨᠢᠭᠡ᠂ ᠶᠡᠷᠦᠩᠬᠡᠢ ᠱᠠᠭᠠᠷᠳᠠᠯᠭ᠎ᠠ ᠪᠠ ᠴᠢᠳᠠᠮᠵᠢ ᠶᠢᠨ ᠪᠠᠶᠢᠷᠢ ᠲᠣᠭᠲᠠᠭᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠭᠦᠢᠴᠡᠳᠭᠡᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ᠂ ᠲᠥᠷᠥᠯ ᠵᠦᠢᠯ᠂ ᠬᠤᠪᠢ ᠬᠥᠮᠥᠨ ᠤ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾᠎ ᠶᠢ ᠲᠤᠤᠱᠯᠠᠭᠤᠯᠤᠭᠰᠠᠨ ︽ᠨᠢᠭᠡ ᠲᠥᠷᠥᠯ ᠤᠨ ᠤᠴᠢᠷ ᠶᠠᠪᠤᠳᠠᠯ ᠢ ᠡᠮᠬᠢᠯᠡᠨ ᠨᠡᠶᠢᠯᠡᠭᠦᠯᠬᠦ︾ ︽ᠨᠢᠭᠡ ᠵᠦᠢᠯ ᠤᠨ ᠤᠴᠢᠷ ᠶᠠᠪᠤᠳᠠᠯ ᠢ ᠪᠦᠲᠦᠭᠡᠬᠦ︾ ︽ᠭᠠᠭᠴᠠ ᠵᠦᠢᠯ ᠤᠨ ᠤᠴᠢᠷ ᠶᠠᠪᠤᠳᠠᠯ ᠢ ᠰᠠᠶᠢᠲᠤᠷ ᠬᠢᠬᠦ︾᠎ ᠶᠢᠨ ᠣᠯᠠᠨ ᠲᠠᠯᠠᠲᠤ᠂ ᠥᠨᠴᠥᠭ ᠪᠤᠯᠤᠩ ᠦᠭᠡᠢ᠂ ᠪᠦᠬᠦᠨ ᠢ ᠬᠠᠮᠤᠷᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠤᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠪᠣᠳᠠᠲᠤ ᠠᠵᠢᠯᠯᠠᠭ᠎ᠠ ᠪᠠᠷ ᠢᠶᠠᠨ ᠣᠷᠣᠵᠤ ᠰᠠᠭᠤᠭᠰᠠᠨ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ᠂ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠤ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡ ᠵᠡᠷᠭᠡ ᠪᠥᠬᠦ ᠲᠠᠯ᠎ᠠ ᠶᠢᠨ ︽ᠳᠡᠯᠭᠡᠭᠦᠷ ᠤᠨ ᠵᠠᠷᠤᠴᠠ︾ ︽ᠠᠰᠠᠷᠠᠭᠴᠢ ᠮᠠᠶ᠋ᠢᠭ︾᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠪᠠ ᠠᠵᠤ ᠠᠬᠤᠶᠢᠯᠠᠯ ᠤᠨ ᠠᠵᠢᠯᠲᠠᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃       ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠨᠢ ᠳᠣᠣᠷᠠᠬᠢ ᠮᠡᠲᠦ ᠴᠢᠳᠠᠮᠵᠢ ᠶᠢ ᠬᠠᠩᠭᠠᠨ᠎ᠠ᠄      — ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠮᠵᠢ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠣᠲᠣ ᠶᠢᠨ ᠪᠠᠶᠢᠭ᠎ᠠ ᠠᠵᠤ ᠠᠬᠤᠶᠢᠯᠠᠯ ᠪᠠ ᠤᠳᠠᠯ ᠦᠭᠡᠢ ᠬᠦᠷᠢᠶᠡᠯᠡᠩ ᠳᠤ ᠣᠷᠣᠬᠤ ᠭᠡᠵᠦ ᠪᠠᠶᠢᠭ᠎ᠠ ᠠᠵᠤ ᠠᠬᠤᠶᠢᠯᠠᠯ ᠳᠤ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠪᠰᠤᠷᠤᠨ ᠵᠢᠯᠤᠭᠤᠳᠬᠤ ᠰᠦᠯᠵᠢᠶ᠎ᠡ ᠪᠠᠷ ᠮᠡᠳᠡᠭᠦᠯᠬᠦ᠂ ᠭᠥᠯᠢᠶᠡᠨ ᠠᠪᠴᠤ ᠭᠦᠢᠴᠡᠳᠬᠡᠬᠦ᠂ ᠦᠨᠡᠮᠯᠡᠯ ᠣᠯᠭᠤᠬᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ︽ᠨᠢᠭᠡ ᠦᠷᠲᠡᠭᠡ ᠮᠠᠶ᠋ᠢᠭ︾᠎ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠬᠠᠩᠭᠠᠨ᠎ᠠ᠃       — ᠠᠷᠠᠳ ᠤᠨ ᠠᠮᠢᠳᠤᠷᠠᠯ ᠬᠢᠭᠡᠳ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠮᠵᠢ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠵᠢᠴᠢ ᠲᠡᠭᠦᠨ ᠤ ᠠᠵᠢᠯᠲᠠᠳ ᠲᠤ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠦᠷᠡᠵᠢᠯ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠭᠰᠠᠳ ᠤᠨ ᠳᠠᠭᠠᠳᠬᠠᠯ᠂ ᠣᠷᠣᠨ ᠰᠠᠭᠤᠴᠠ᠂ ᠡᠷᠡᠭᠦᠯ ᠮᠡᠨᠳᠦ ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡ ᠬᠠᠩᠭᠠᠨ᠎ᠠ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠵᠢᠴᠢ ᠲᠡᠭᠦᠨ ᠤ ᠠᠵᠢᠯᠲᠠᠳ ᠲᠤ ᠤᠰᠤ᠂ ᠴᠠᠬᠢᠯᠭᠠᠨ᠂ ᠲᠣᠣᠷ ᠰᠦᠯᠵᠢᠶ᠎ᠡ ᠵᠡᠷᠭᠡ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃       — ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠴᠢᠳᠠᠮᠵᠢ ᠶᠢ ᠰᠢᠯᠢᠳᠡᠭᠵᠢᠭᠦᠯᠦᠨ᠎ᠡ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠣᠯᠵᠤ᠂ ᠪᠠᠩᠬᠢ ᠶᠢᠨ ᠲᠠᠩᠰᠠ ᠨᠡᠭᠡᠭᠡᠬᠦ ᠵᠢᠴᠢ ᠪᠡᠯᠡ ᠲᠣᠬᠢᠷᠠᠭᠤᠯᠭ᠎ᠠ ᠶᠢᠨ ᠢᠲᠡᠭᠡᠮᠵᠢᠲᠦ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠬᠦᠴᠦᠨ ᠵᠦᠢᠯ ᠢ ᠨᠢᠭᠡ ᠤᠳᠠᠭ᠎ᠠ ᠳᠤ ᠲᠣᠬᠢᠷᠠᠭᠤᠯᠬᠤ ᠶᠢ ᠴᠢᠩᠭᠠᠳᠬᠠᠵᠤ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠲᠦᠷᠭᠡᠳᠬᠡᠨ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠬᠤᠶᠠᠷ᠂ ᠠᠵᠢᠯ ᠤᠨ ᠡᠭᠦᠷᠭᠡ      ︵ᠨᠢᠭᠡ︶ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ       1᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠳᠣᠲᠣᠷ᠎ᠠ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠶᠡᠭᠡ ᠲᠢᠩᠬᠢᠮ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠢ ᠪᠠᠶᠢᠭᠤᠯᠵᠤ᠂ ᠣᠷᠣᠵᠤ ᠰᠠᠭᠤᠭᠰᠠᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠳᠠᠯᠢ ᠪᠤᠰᠤ ᠬᠠᠮᠲᠤᠯᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃       2᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠲᠣᠭᠤᠷᠢᠨ ᠳᠤ ︽ᠨᠢᠭᠡ ᠯᠡ ᠴᠣᠩᠬᠤ ᠪᠠᠷ ᠬᠦᠯᠢᠶᠡᠨ ᠠᠪᠬᠤ︾ ᠴᠣᠩᠬᠤ ᠭᠠᠷᠭᠠᠵᠤ᠂ ︽ᠬᠦᠷᠢᠶᠡᠯᠡᠩ ᠲᠣᠭᠤᠷᠢᠭ ᠲᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠰᠠᠯᠠᠭ᠎ᠠ ᠮᠥᠴᠢᠷ ᠲᠤ ᠬᠤᠪᠢᠶᠠᠨ ᠰᠢᠯᠵᠢᠭᠦᠯᠦᠨ ᠬᠢᠨᠠᠨ ᠵᠥᠪᠰᠢᠶᠡᠷᠡᠭᠦᠯᠬᠦ᠂ ᠲᠦᠷᠭᠡᠨ ᠬᠦᠷᠭᠡᠯᠲᠡ ᠶᠢᠨ ᠦᠢᠯᠡᠴᠢᠯᠡᠭᠡ︾᠎ ᠶᠢᠨ ᠵᠠᠭᠪᠤᠷ ᠢ ᠬᠡᠷᠡᠭᠵᠢᠭᠦᠯᠵᠦ᠂ ᠬᠠᠲᠠᠭᠤ ᠬᠡᠷᠡᠭᠰᠡᠯ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠂ ᠥᠪᠡᠰᠦᠪᠡᠨ ᠦᠢᠯᠡᠴᠢᠯᠡᠬᠦ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠣᠷᠣᠨ ᠪᠦᠰᠡ ᠶᠢ ᠵᠦᠢ ᠵᠣᠬᠢᠰᠲᠠᠢ ᠲᠣᠬᠢᠷᠠᠭᠤᠯᠵᠤ᠂ ᠴᠢᠬᠤᠯᠠ ᠪᠦᠬᠦᠢ ᠺᠣᠮᠫᠢᠦ᠋ᠲ᠋ᠧᠷ᠂ ᠳᠠᠷᠤᠮᠠᠯᠠᠬᠤ ᠮᠠᠰᠢᠨ᠂  ᠲᠦᠷᠦ ᠰᠡᠭᠦᠳᠡᠷᠯᠡᠬᠦ ᠪᠠᠭᠠᠵᠢ᠂ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠵᠡᠷᠭᠡ ᠶᠢ ᠲᠣᠬᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠥᠷᠨᠢᠭᠦᠯᠬᠦ ᠬᠡᠷᠡᠭᠴᠡᠭᠡ ᠶᠢ ᠬᠠᠩᠭᠠᠨ᠎ᠠ᠃       3᠂ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠪᠠ ᠥᠪᠡᠷ ᠢᠶᠠᠨ ᠦᠢᠯᠡᠴᠢᠯᠡᠬᠦ ᠦᠵᠦᠭᠦᠷ ᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠡᠰᠢ ᠤᠷᠲᠤᠳᠬᠠᠬᠤ ᠶᠢ ᠢᠳᠡᠪᠬᠢᠲᠡᠢ ᠠᠬᠢᠭᠤᠯᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠨᠳᠥᠷ ᠦᠷ᠎ᠡ ᠪᠦᠲᠦᠮᠵᠢᠲᠡᠶ ᠪᠥᠭᠡᠳ ᠲᠦᠷᠭᠡᠨ ᠪᠠᠶᠢᠬᠤ ᠶᠢ ᠦᠨᠡᠨᠬᠦ ᠪᠠᠲᠤᠯᠠᠵᠤ᠂ ᠮᠡᠳᠡᠭᠡ ᠵᠠᠩᠭᠢ ᠬᠢᠭᠡᠳ ᠯᠠᠪᠯᠠᠭ᠎ᠠ᠂ ᠬᠢᠨᠠᠨ ᠵᠥᠪᠰᠢᠶᠡᠷᠡᠬᠦ ᠬᠢᠭᠡᠳ ᠦᠢᠯᠡᠴᠢᠯᠡᠬᠦ᠂ ᠬᠠᠮᠢᠶᠠᠷᠬᠤ ᠬᠢᠭᠡᠳ ᠵᠣᠬᠢᠴᠠᠭᠤᠯᠬᠤ᠂ ᠬᠦᠰᠡᠯ ᠱᠠᠭᠠᠷᠳᠠᠯᠭ᠎ᠠ ᠬᠢᠭᠡᠳ ᠬᠠᠷᠢᠭᠤ ᠲᠤᠰᠬᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠨᠢᠭᠡ ᠯᠡ ᠦᠷᠲᠡᠭᠡ ᠮᠠᠶ᠋ᠢᠭ ᠤᠨ ︽ᠵᠠᠢ ᠦᠭᠡᠢ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠎ ᠲᠤ ᠭᠦᠢᠴᠡᠳᠭᠡᠬᠦ ᠶᠢ ᠪᠡᠶᠡᠯᠡᠭᠦᠯᠦᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠰᠠᠯᠠᠭ᠎ᠠ ᠮᠥᠴᠢᠷ ᠨᠢᠭᠡᠴᠡ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡᠴᠢᠯᠡᠨ ᠦᠷᠭᠦᠯᠵᠢᠯᠡᠨ ᠠᠬᠢᠭᠤᠯᠤᠨ᠎ᠠ       ︵ᠬᠤᠶᠠᠷ︶ ᠰᠢᠨ᠎ᠡ ᠪᠠᠷ ᠣᠷᠣᠵᠤ ᠰᠠᠭᠤᠭᠰᠠᠨ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ       1᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠳᠣᠷᠣᠭᠰᠢ ᠪᠠᠭᠤᠯᠭᠠᠬᠤ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠢ ᠲᠤᠷᠰᠢᠨ ᠰᠦᠪᠡᠭᠴᠢᠯᠡᠨ᠎ᠡ᠃       ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠲᠣᠰ ᠤᠳᠠᠭᠠᠨ ᠤ ᠬᠤᠲᠠ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ ᠤᠷᠢᠳᠠᠪᠠᠷ ᠲᠤᠷᠰᠢᠯᠲᠠ ᠬᠢᠬᠦ ᠠᠵᠢᠯ ᠢ ᠰᠠᠶᠢᠲᠤᠷ ᠬᠢᠵᠦ᠂ ᠬᠤᠲᠠ ᠶᠢᠨ ᠱᠠᠲᠤᠨ ᠤ ᠨᠠᠶᠢᠳᠠᠭᠰᠠᠨ ᠪᠤᠶᠤ ᠳᠣᠷᠣᠭᠰᠢ ᠪᠠᠭᠤᠯᠭᠠᠭᠰᠠᠨ ᠵᠦᠢᠯᠡᠰ ᠢ ᠰᠠᠶᠢᠲᠤᠷ ᠳᠠᠭᠠᠭᠠᠨ ᠠᠪᠤᠨ᠎ᠠ︔ ︽ᠬᠠᠤᠯᠢ ᠶᠣᠰᠣᠭᠠᠷ᠂ ᠦᠨᠡᠨᠬᠦ ᠬᠡᠷᠡᠭᠴᠡᠭᠡ ᠲᠠᠢ᠂ ᠬᠡᠷᠡᠭᠵᠢᠭᠦᠯᠵᠦ ᠪᠣᠯᠬᠤ︾ ᠵᠠᠷᠴᠢᠮ ᠶᠣᠰᠣᠭᠠᠷ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠡᠷᠬᠡ ᠣᠯᠭᠤᠬᠤ  ᠶᠢ ᠬᠠᠶᠢᠨ ᠰᠦᠪᠡᠭᠴᠢᠯᠡᠵᠦ᠂ ᠲᠣᠭᠤᠷᠢᠭ ᠤᠨ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠨᠠᠶᠢᠳᠠᠬᠤ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ᠂ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ ᠠᠷᠭ᠎ᠠ ᠮᠠᠶ᠋ᠢᠭ ᠢᠶᠠᠷ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠡᠷᠬᠡ ᠣᠯᠭᠤᠵᠤ ᠠᠵᠤ ᠦᠢᠯᠡᠳᠪᠦᠷᠢ ᠵᠢᠴᠢ ᠣᠯᠠᠨ ᠨᠡᠶᠢᠲᠡ ᠶᠢᠨ ᠠᠰᠠᠷᠠᠮᠵᠢ ᠶᠢᠨ ᠲᠥᠷᠥᠯ ︵ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠲᠥᠪᠬᠢᠨᠡᠭᠦᠯᠬᠦ ᠣᠷᠣᠨ ᠰᠠᠭᠤᠴᠠ ᠪᠠᠭᠲᠠᠨ᠎ᠠ︶᠎ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠢ ᠨᠡᠭᠡᠭᠡᠨ ᠡᠷᠬᠢᠯᠡᠬᠦ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡ ᠵᠡᠷᠭᠡ ᠬᠦᠷᠢᠶᠡᠨ ᠤ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠮᠥᠷᠲᠡᠭᠡᠨ  ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠪᠦᠲᠦᠮᠵᠢᠲᠡᠶ ᠬᠦᠯᠢᠶᠡᠨ ᠠᠪᠴᠤ ᠳᠡᠶᠢᠯᠬᠦ ᠵᠦᠢᠯᠡᠰ ᠢ ᠬᠤᠲᠠ ᠶᠢᠨ ᠱᠠᠲᠤᠨ ᠤ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠳᠣᠷᠣᠭᠰᠢ ᠪᠠᠭᠤᠯᠭᠠᠵᠤ᠂ ᠬᠤᠯᠪᠣᠭᠳᠠᠬᠤ ᠦᠨᠡᠮᠯᠡᠯ ᠪᠠ ᠬᠠᠤᠯᠢ ᠪᠠᠷ ᠲᠣᠭᠲᠠᠭᠠᠭᠰᠠᠨ ᠪᠢᠴᠢᠭ ᠬᠠᠷ᠎ᠠ ᠶᠢᠨ ᠨᠢᠭᠡᠳᠦᠯᠲᠡᠢ ᠲᠤᠰᠠᠭᠠᠷ ᠳ᠋ᠤᠭᠠᠷᠯᠠᠨ ᠲᠠᠮᠠᠭ᠎ᠠ ᠳᠠᠷᠤᠵᠤ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠲᠤᠰᠢᠶᠠᠵᠤ ᠵᠠᠯᠭᠠᠨ ᠵᠣᠯᠭᠠᠭᠤᠯᠵᠤ᠂ ᠬᠠᠤᠯᠢ ᠶᠣᠰᠣᠭᠠᠷ ᠭᠦᠢᠴᠡᠳᠬᠡᠨ᠎ᠡ︔ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠰᠠᠯᠠᠭ᠎ᠠ ᠮᠥᠴᠢᠷ᠂ ᠡᠯ᠎ᠡ ᠰᠠᠯᠠᠭ᠎ᠠ ᠮᠥᠴᠢᠷ ᠠᠴᠠ ᠬᠥᠮᠥᠨ ᠲᠣᠮᠢᠯᠠᠨ ᠡᠭᠡᠯᠵᠢᠯᠡᠨ ᠠᠵᠢᠯᠯᠠᠭᠤᠯᠬᠤ ᠶᠢᠨ ᠬᠠᠮᠲᠤ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠡᠷᠡᠭᠴᠡᠭᠡ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠠᠵᠢᠯᠯᠠᠭᠤᠯᠵᠤ᠂ ᠡᠭᠦᠨ ᠤ ᠤᠯᠠᠮ ᠠᠴᠠ ᠬᠤᠷᠠᠮᠠᠯ ᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠡᠯ᠎ᠡ ᠲᠦᠷᠦᠯ ᠤᠨ ᠭᠠᠷ ᠭᠦᠢᠴᠡᠳᠬᠡᠯ ᠢ ᠭᠦᠢᠴᠡᠳᠬᠡᠬᠦ ᠳᠤ ᠨᠡᠩ ᠳᠥᠭᠦᠮ ᠳᠥᠲᠡ ᠪᠣᠯᠭᠠᠵᠤ᠂ ︽ᠠᠵᠤ ᠠᠬᠤᠶᠢᠯᠠᠯ ᠤᠴᠢᠷ ᠶᠠᠪᠤᠳᠠᠯ ᠭᠦᠢᠴᠡᠳᠭᠡᠬᠦ ᠳ᠋ᠡᠭᠡᠨ‌‍ᠬᠦ᠋ᠷᠢᠶᠡᠯᠡᠩ ᠲᠣᠭᠤᠷᠢᠭ ᠠᠴᠠ ᠭᠠᠷᠬᠤ ᠦᠭᠡᠢ︾᠂ ︽ᠬᠦᠷᠢᠶᠡᠯᠡᠩ ᠲᠣᠭᠤᠷᠢᠭ ᠤᠨ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠭᠡᠬᠦ︾᠎ ᠶᠢ ᠪᠡᠶᠡᠯᠡᠭᠦᠯᠦᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8  ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡᠴᠢᠯᠡᠨ ᠦᠷᠭᠦᠯᠵᠢᠯᠡᠨ ᠠᠬᠢᠭᠤᠯᠤᠨ᠎ᠠ       ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠨᠠᠶᠢᠳᠠᠨ ᠡᠷᠬᠡ ᠣᠯᠭᠤᠵᠤ ᠬᠡᠷᠡᠭᠵᠢᠭᠦᠯᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠠᠬᠢ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠨᠥᠬᠦᠴᠡᠯ᠂ ᠤᠯᠠᠭᠠᠨ ᠱᠤᠭᠤᠮ ᠤᠨ ᠵᠢᠷᠤᠭ᠂ ᠲᠥᠰᠥᠯ ᠵᠡᠷᠭᠡ ᠦᠨᠡᠮᠯᠡᠯ ᠤᠨ ᠪᠤᠰᠤ ᠲᠥᠷᠥᠯ ᠤᠨ ᠪᠢᠴᠢᠭ ᠬᠠᠷ᠎ᠠ ᠪᠠ ᠵᠢᠷᠤᠭ ᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠶᠠᠷ ᠬᠢᠨᠠᠨ ᠪᠠᠶᠢᠴᠠᠭᠠᠯᠭᠠᠵᠤ ᠭᠠᠷ ᠤᠨ ᠥᠰᠥᠭ ᠵᠢᠷᠤᠭᠤᠯᠵᠤ ᠲᠠᠮᠠᠭ᠎ᠠ ᠳᠠᠷᠤᠭᠰᠠᠨ ᠤ ᠳᠠᠷᠠᠭ᠎ᠠ᠂ ᠲᠤᠭᠤᠷᠢᠭ ᠤᠨ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠢ ᠨᠡᠪᠲᠡᠷᠡᠯᠴᠡᠨ ᠵᠣᠯᠭᠠᠭᠤᠯᠵᠤ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠳᠠᠷᠤᠶᠢᠬᠠᠨ ᠭᠠᠷᠭᠠᠵᠤ ᠦᠭᠭᠦᠨ᠎ᠡ᠃ ᠠᠵᠤ ᠦᠢᠯᠡᠳᠪᠦᠷᠢ ᠵᠢᠴᠢ ᠣᠯᠠᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ︵ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠥᠪᠡᠰᠦᠪᠡᠨ ᠪᠠᠶᠢᠭᠤᠯᠤᠭᠰᠠᠨ ᠲᠥᠪᠬᠢᠨᠡᠭᠦᠯᠬᠦ ᠣᠷᠣᠨ ᠰᠠᠭᠤᠴᠠ ᠪᠠᠭᠲᠠᠨ᠎ᠠ︶᠎ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠪᠠᠶᠢᠴᠠᠭᠠᠬᠤ ᠶᠢᠨ ᠬᠠᠮᠲᠤ ᠲᠠᠰ ᠳᠠᠷᠠᠭᠠᠯᠠᠯ ᠶᠣᠰᠣᠭᠠᠷ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠮᠡᠳᠡᠭᠦᠯᠵᠦ᠂ ᠲᠥᠯᠦᠪᠵᠢᠭᠦᠯᠭᠡ ᠶᠢᠨ ᠵᠥᠪᠯᠡᠯ ᠳᠤ ᠳᠡᠪᠰᠢᠭᠦᠯᠦᠨ ᠬᠢᠨᠠᠨ ᠲᠣᠭᠲᠠᠭᠠᠬᠤ ᠪᠠ ᠬᠢᠨᠠᠨ ᠵᠥᠪᠯᠡᠭᠦᠯᠦᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡᠴᠢᠯᠡᠨ ᠦᠷᠭᠦᠯᠵᠢᠯᠡᠨ ᠠᠬᠢᠭᠤᠯᠤᠨ᠎ᠠ       ᠲᠦᠷ ᠡᠷᠬᠡ ᠣᠯᠭᠤᠭᠰᠠᠨ ᠦᠭᠡᠢ ᠪᠤᠰᠤᠳ ᠵᠦᠢᠯᠡᠰ ᠲᠤ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠵᠣᠬᠢᠬᠤ ᠳᠣᠲᠣᠭᠠᠳᠤ ᠪᠠᠶᠢᠭᠤᠯᠤᠮᠵᠢ ᠪᠠᠷ ᠤᠷᠢᠳᠴᠢᠯᠠᠨ ᠬᠢᠨᠠᠭᠤᠯᠬᠤ ᠶᠢᠨ ᠬᠠᠮᠲᠤ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡᠪᠰᠢ ︽ᠪᠢᠴᠢᠭ ᠮᠠᠲ᠋ᠧᠷᠢᠶᠠᠯ ᠭᠦᠢᠴᠡᠳᠬᠡᠬᠦ ᠦᠨᠡᠮᠯᠡᠯ ᠢ ᠦᠵᠡᠪᠡᠯ ᠳᠠᠷᠤᠶᠢᠬᠠᠨ ᠭᠥᠯᠢᠶᠡᠨ ᠠᠪᠴᠤ ᠳᠠᠷᠤᠶᠢᠬᠠᠨ ᠭᠦᠢᠴᠡᠳᠭᠡᠨ᠎ᠡ᠃ ᠲᠤᠭᠤᠷᠢᠭ ᠤᠨ ᠲᠠᠰ ᠤᠨ ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠦᠷᠦᠭᠦᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠴᠤᠪᠤᠷᠠᠯ ᠵᠢᠴᠢ ᠬᠠᠷᠢᠭᠤᠴᠠᠯᠭ᠎ᠠ ᠶᠢ ᠡᠵᠡᠮᠳᠡᠬᠦ ᠨᠠᠷᠢᠨ ᠬᠠᠭᠤᠳᠠᠰᠤ ᠶᠢᠨ ᠶᠣᠰᠣᠭᠠᠷ᠂ ᠲᠥᠪᠯᠡᠷᠡᠭᠦᠯᠦᠨ ᠬᠠᠮᠲᠤᠷᠠᠨ ᠬᠢᠨᠠᠬᠤ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠳᠡᠭᠡᠳᠦ ᠱᠠᠲᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠲᠠᠮᠠᠭ᠎ᠠ ᠶᠢ ᠨᠢ ᠦᠵᠡᠵᠦ ᠭᠠᠷ ᠤᠨ ᠦᠰᠦᠭ ᠵᠢᠷᠤᠵᠤ ᠲᠠᠮᠠᠭ᠎ᠠ ᠶᠢ ᠎ ᠨᠢ ᠳᠠᠷᠤᠵᠤ᠂ ᠦᠨᠡᠮᠯᠡᠯ ᠤᠨ ᠶᠣᠰᠣᠭᠠᠷ ᠪᠢᠴᠢᠭ ᠮᠠᠲ᠋ᠧᠷᠢᠶᠠᠯ ᠢ ᠨᠢ ᠰᠣᠯᠢᠬᠤ︾ ᠬᠡᠷᠡᠭᠲᠡᠢ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8  ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡᠴᠢᠯᠡᠨ ᠦᠷᠭᠦᠯᠵᠢᠯᠡᠨ ᠠᠬᠢᠭᠤᠯᠤᠨ᠎ᠠ       ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠣᠭᠤᠷᠢᠭ ᠤᠨ ᠳᠡᠰ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠯᠭ᠎ᠠ  ᠶᠢ ᠦᠨᠳᠦᠰᠦᠯᠡᠨ ᠬᠡᠰᠡᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠶᠢ ᠴᠢᠩᠳᠠᠯᠠᠵᠤ᠂ ᠭᠠᠷᠭᠠᠭᠰᠠᠨ ᠡᠯ᠎ᠡ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠲᠣᠭᠲᠠᠭᠠᠯ ᠤᠨ ᠵᠦᠢᠯᠡᠰ ᠢ ᠲᠠᠰ ᠳᠠᠷᠠᠭᠠᠯᠠᠯ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ ᠲᠠᠪᠴᠠᠩ ᠪᠤᠶᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠠᠪᠴᠠᠩ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠨ ᠳᠠᠭᠤᠰᠬᠠᠬᠤ ᠶᠢᠨ ᠬᠠᠮᠲᠤ᠂ ᠵᠣᠬᠢᠬᠤ ᠵᠠᠰᠠᠭ ᠵᠠᠬᠢᠷᠭᠠᠨ ᠤ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠣᠭᠤᠷᠢᠭ ᠤᠨ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠭᠦᠢᠴᠡᠳᠬᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠵᠢᠯᠣᠭᠤᠳᠤᠯᠭ᠎ᠠ ᠬᠢᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 8  ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠡᠷᠡᠴᠢᠯᠡᠨ ᠦᠷᠭᠦᠯᠵᠢᠯᠡᠨ ᠠᠬᠢᠭᠤᠯᠤᠨ᠎ᠠ       2᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠢ ᠥᠨᠳᠥᠷ ᠪᠦᠲᠦᠮᠵᠢᠲᠡᠶ ᠠᠬᠢᠭᠤᠯᠤᠨ᠎ᠠ᠃       ᠬᠤᠲᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠲᠠᠢ ᠢᠳᠡᠪᠬᠢᠲᠡᠢ ᠪᠠᠷ ᠬᠠᠮᠵᠢᠯᠴᠠᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ︽ᠭᠤᠷᠪᠠ ᠶᠢ ᠳᠠᠭᠠᠭᠠᠴᠢᠯᠠᠵᠤ ᠨᠢᠭᠡ ᠶᠢ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ︽ᠬᠤᠲᠠ᠂ ᠲᠣᠭᠤᠷᠢᠭ᠂ ᠬᠦᠷᠢᠶᠡᠯᠡᠩ ᠲᠣᠭᠤᠷᠢᠭ︾ ᠭᠤᠷᠪᠠᠨ ᠱᠠᠲᠤᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯᠲᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ 2 — 3 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠲᠠᠨ ᠢ ᠲᠣᠳᠣᠷᠬᠠᠶᠢᠯᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠭᠠᠷᠳᠠᠮ ᠳᠤ ᠪᠥᠬᠦ ᠴᠤᠪᠤᠷᠠᠯ ᠤᠨ ︽ᠠᠰᠠᠷᠠᠭᠴᠢ ᠮᠠᠶ᠋ᠢᠭ︾᠎ ᠤᠨ ᠮᠥᠷᠳᠡᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠣᠷᠣᠯᠠᠨ ᠭᠦᠢᠴᠡᠳᠭᠡᠭᠴᠢ ᠶᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠣᠬᠢᠷᠠᠭᠤᠯᠵᠤ᠂ ᠲᠣᠭᠤᠷᠢᠭ ᠤᠨ ᠱᠠᠲᠤᠨ ᠤ ᠣᠷᠣᠯᠠᠨ ᠭᠦᠢᠴᠡᠳᠭᠡᠭᠴᠢ ᠶᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠵᠢᠯᠲᠠᠨ ᠢ ᠴᠤᠭᠯᠠᠭᠤᠯᠤᠨ ᠵᠣᠬᠢᠶᠠᠨ ᠪᠠᠶᠢᠭᠤᠯᠤᠨ᠎ᠠ᠃ ︽ᠭᠤᠷᠪᠠ ᠶᠢ ᠳᠠᠭᠠᠭᠠᠴᠢᠯᠠᠵᠤ ᠨᠢᠭᠡ ᠶᠢ ᠣᠷᠣᠯᠠᠨ ᠭᠦᠢᠴᠡᠳᠬᠡᠬᠦ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠵᠣᠯᠭᠠᠭᠤᠯᠬᠤ ᠠᠵᠢᠯ ᠤᠨ ᠡᠬᠡ ᠲᠠᠩᠰᠠ ᠶᠢ ᠵᠡᠷᠭᠡ ᠳᠤᠨᠢ ᠪᠠᠶᠢᠭᠤᠯᠤᠨ᠎ᠠ᠃       ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠦᠢᠯᠡᠴᠢᠯᠡᠬᠦ᠂ ᠲᠥᠷᠥᠯ ᠵᠦᠢᠯ ᠳᠤ ᠦᠢᠯᠡᠴᠢᠯᠡᠬᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠦᠢᠯᠡᠴᠢᠯᠡᠬᠦ ᠬᠠᠷᠠᠯᠲᠠ ᠶᠢᠨ ᠲᠣᠭᠤᠷᠢᠨ ᠳᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠤᠷᠢᠭ ᠤᠨ ᠱᠠᠲᠤᠨ ᠤ ᠬᠢᠨᠠᠨ ᠵᠥᠪᠰᠢᠶᠡᠷᠡᠬᠦ ᠠᠵᠢᠯᠲᠠᠨ ᠢ ᠵᠣᠬᠢᠶᠠᠨ ᠪᠠᠶᠢᠭᠤᠯᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠦᠢᠯᠡᠴᠢᠯᠡᠬᠦ ︽ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠩᠭᠢ︾᠎ ᠶᠢ ᠪᠠᠶᠢᠭᠤᠯᠵᠤ᠂ ᠤᠯᠠᠷᠢᠯ ᠪᠦᠷᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ 1 — 2 ᠤᠳᠠᠭ᠎ᠠ ᠭᠦᠨᠵᠡᠭᠡᠶᠢᠷᠡᠭᠦᠯᠦᠨ᠂ ᠵᠥᠪᠳᠡᠯᠴᠡᠵᠦ ᠬᠠᠮᠲᠤᠷᠠᠨ ᠬᠢᠨᠠᠬᠤ ᠬᠤᠷᠠᠯ᠂ ︽ᠨᠢᠭᠡ ᠳᠤ ᠨᠢᠭᠡ︾᠎ ᠶᠢᠨ ᠡᠭᠦᠳᠦᠨ ᠳᠤᠨᠢ ᠬᠦᠷᠴᠦ ᠦᠢᠯᠡᠴᠢᠯᠡᠬᠦ ᠶᠢᠨ ᠬᠠᠮᠲᠤ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠮᠠᠳᠠᠭ ᠲᠠᠢ ᠠᠰᠠᠭᠤᠳᠠᠯ ᠢ ᠲᠥᠪᠯᠡᠷᠡᠭᠦᠯᠦᠨ ᠬᠠᠷᠢᠭᠤᠯᠬᠤ᠂ ᠵᠥᠪᠳᠡᠯᠴᠡᠵᠦ ᠬᠠᠮᠲᠤᠷᠠᠨ ᠬᠢᠨᠠᠨ ᠪᠠᠶᠢᠴᠠᠭᠠᠬᠤ᠂ ︽ᠨᠢᠭᠡ ᠳᠤ ᠨᠢᠭᠡ ᠦᠢᠯᠡᠴᠢᠯᠡᠬᠦ︾᠂  ᠡᠭᠦᠳᠦᠨ ᠳᠤᠨᠢ ᠬᠦᠷᠴᠦ ᠦᠢᠯᠡᠴᠢᠯᠡᠬᠦ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠲᠤᠬᠠᠢ ᠶᠢᠨ ᠲᠠᠯᠠᠪᠠᠢ ᠳᠤ ᠨᠢᠭᠡ ᠪᠦᠯᠦᠭ ᠢ ᠭᠦᠢᠴᠡᠳᠬᠡᠵᠦ᠂ ᠨᠢᠭᠡ ᠪᠦᠯᠦᠭ ᠢ ᠠᠮᠠᠯᠳᠠᠨ ᠭᠦᠢᠴᠡᠳᠬᠡᠵᠦ᠂ ᠨᠢᠭᠡ ᠪᠦᠯᠦᠭ ᠢ ᠠᠰᠠᠭᠤᠨ ᠬᠠᠷᠢᠭᠤᠯᠵᠤ᠂ ᠳᠡᠭᠡᠳᠦ ᠱᠠᠲᠤ ᠶᠢ ᠵᠣᠬᠢᠴᠠᠭᠤᠯᠤᠨ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠰᠢᠢᠳᠪᠦᠷᠢᠯᠡᠵᠦ᠂ ᠭᠠᠷᠳᠠᠮ ᠢ ᠭᠦᠢᠴᠡᠳᠬᠡᠬᠦ ᠨᠤᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠭᠤᠯᠤᠨ᠎ᠠ᠃       ᠲᠦᠷᠦᠭᠦᠯᠡᠬᠦ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ         ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ       3᠂ ᠠᠵᠤ ᠦᠢᠯᠡᠳᠪᠦᠷᠢ ᠶᠢᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ︽ᠡᠭᠦᠯᠡᠨ ᠪᠣᠳᠣᠯᠲᠠ ᠶᠢᠨ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠦᠨ᠎ᠡ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ ᠲᠠᠪᠴᠠᠩ᠂ ︽ᠮᠦᠩᠭᠡ ᠰᠤᠪᠠᠭ︾᠎  APP᠎ ᠳᠤ ᠲᠦᠰᠢᠭᠯᠡᠨ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠪᠤᠶᠤ ᠣᠷᠣᠯᠠᠨ ᠭᠦᠢᠴᠡᠳᠭᠡᠭᠴᠢ ᠪᠠᠷ ᠳᠠᠮᠵᠢᠭᠤᠯᠤᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠬᠠᠮᠤᠷᠤᠭᠰᠠᠨ ᠪᠠᠶᠢᠴᠠᠭᠠᠨ ᠯᠠᠪᠯᠠᠬᠤ᠂ ᠠᠵᠢᠯ ᠶᠠᠪᠤᠳᠠᠯ ᠭᠦᠢᠴᠡᠳᠬᠡᠬᠦ ᠯᠠᠪᠯᠠᠭ᠎ᠠ ᠥᠭᠬᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠠᠵᠢᠯ ᠶᠠᠪᠤᠳᠠᠯ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ᠂ ᠦᠢᠯᠡᠴᠢᠯᠡᠭᠡᠨ ᠤ ᠦᠨᠡᠯᠡᠯᠲᠡ ᠬᠢᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ ᠵᠡᠷᠭᠡ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠰᠠᠨ ᠲᠠᠪᠴᠠᠩ ᠪᠠ ᠲᠢᠭ᠋ ᠲᠤᠭ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠰᠢᠨ᠎ᠡ ᠡᠭᠦᠳᠦᠯᠲᠡ ᠪᠠᠷ ᠳᠠᠮᠵᠢᠭᠤᠯᠤᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ︽ᠡᠭᠦᠯᠡᠨ ᠦᠢᠯᠡᠴᠢᠯᠡᠭᠡ︾᠎ ᠶᠢᠨ ᠲᠠᠪᠴᠠᠩ ᠢ ︽ᠤᠷᠢᠳᠴᠢᠯᠠᠨ ᠪᠣᠯᠵᠣᠵᠤ ᠡᠭᠦᠳᠦᠨ ᠳᠤᠨᠢ ᠬᠦᠷᠴᠦ ᠭᠦᠢᠴᠡᠳᠬᠡᠬᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠠᠪᠰᠤᠷᠤᠨ ᠭᠦᠢᠴᠡᠳᠬᠡᠬᠦ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠶᠢ ᠣᠷᠣᠯᠠᠨ ᠭᠦᠢᠴᠡᠳᠬᠡᠬᠦ᠂ ᠬᠢᠨᠠᠨ ᠵᠥᠪᠰᠢᠶᠡᠷᠡᠬᠦ ᠠᠰᠠᠭᠤᠳᠠᠯ ᠢ ᠵᠣᠬᠢᠴᠠᠭᠤᠯᠬᠤ︾ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠶᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠢᠶᠠᠷ ᠲᠣᠬᠢᠷᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠯᠪᠤᠭᠠᠯᠠᠨ ᠬᠥᠳᠡᠯᠦᠯᠴᠡᠬᠦ ᠦᠢᠯᠡᠴᠢᠯᠡᠭᠡ ᠪᠠᠷ ᠳᠠᠮᠵᠢᠭᠤᠯᠤᠨ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠬᠠᠮᠲᠤᠯᠢᠭ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ᠃       ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ  ᠵᠠᠩᠬᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ       4᠂ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠢᠵᠢ ᠦᠢᠯᠡᠴᠢᠯᠡᠭᠡ ᠶᠢ ᠪᠣᠶ ᠪᠣᠯᠭᠠᠨ᠎ᠠ᠃       ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠰᠦᠪᠡᠭᠴᠢᠯᠡᠨ ᠲᠤᠷᠰᠢᠨ ᠬᠡᠷᠡᠭᠵᠢᠭᠦᠯᠵᠦ᠂ ᠠᠵᠤ ᠠᠬᠤᠶᠢᠯᠠᠯ ᠤᠨ ᠮᠡᠳᠡᠭᠦᠯᠦᠭᠰᠡᠨ ᠬᠠᠮᠢᠶ᠎ᠠ ᠪᠦᠬᠦᠢ ᠵᠦᠢᠯᠡᠰ ᠢ 4 ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠢᠵᠢ ᠦᠢᠯᠡᠴᠢᠯᠡᠭᠡ ᠪᠣᠯᠭᠠᠨ᠎ᠠ᠂ ᠲᠤᠬᠠᠶᠢᠯᠠᠪᠠᠯ ︽ᠠᠵᠤ ᠠᠬᠤᠶᠢᠯᠠᠯ ᠡᠷᠬᠢᠯᠡᠬᠦ‍ ᠨᠢᠭᠡ ᠶᠠᠪᠤᠳᠠᠯ ᠳᠤ ᠭᠦᠢᠴᠡᠳᠬᠡᠬᠦ︾ ︽ᠭᠠᠶᠢᠯᠢ ᠲᠤᠰᠢᠶᠠᠬᠤ ᠨᠢᠭᠡ ᠶᠠᠪᠤᠳᠠᠯ ᠳᠤ ᠭᠦᠢᠴᠡᠳᠬᠡᠬᠦ︾ ︽ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ ᠨᠢᠭᠡ ᠶᠠᠪᠤᠳᠠᠯ ᠎ ᠳᠤ ᠭᠦᠢᠴᠡᠳᠬᠡᠬᠦ︾ ︽ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡ ᠶᠠᠪᠤᠳᠠᠯ ᠳᠤ ᠭᠦᠢᠴᠡᠳᠬᠡᠬᠦ︾ ᠪᠣᠯᠭᠠᠵᠤ᠂ ︽ᠨᠢᠭᠡ ᠤᠳᠠᠭ᠎ᠠ ᠳᠤ ᠭᠦᠢᠴᠡᠳᠬᠡᠬᠦ︾᠎ ᠶᠢ ᠴᠢᠷᠮᠠᠶᠢᠨ ᠪᠡᠶᠡᠯᠡᠭᠦᠯᠵᠦ᠂ ᠲᠤᠭᠤᠷᠢᠭ ᠤᠨ ᠱᠠᠲᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃       ᠲᠦᠷᠦᠭᠦᠯᠡᠬᠦ ᠨᠢᠭᠡᠴᠡ᠄ ︽ᠠᠵᠤ ᠠᠬᠤᠶᠢᠯᠠᠯ ᠡᠷᠭᠢᠯᠡᠬᠦ‍ ᠨᠢᠭᠡ ᠶᠠᠪᠤᠳᠠᠯ ᠲᠤ ᠭᠦᠢᠴᠡᠳᠬᠡᠬᠦ︾᠎ ᠶᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠠᠴᠠ ᠲᠦᠷᠦᠭᠦᠯᠡᠵᠦ᠂ ︽ᠭᠠᠶᠢᠯᠢ ᠲᠤᠰᠢᠶᠠᠬᠤ ᠨᠢᠭᠡ ᠶᠠᠪᠤᠳᠠᠯ ᠲᠤ ᠭᠦᠢᠴᠡᠳᠬᠡᠬᠦ︾᠎ ᠎ ᠶᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠎ ᠠᠴᠠ ᠲᠦᠷᠦᠭᠦᠯᠡᠵᠦ᠂ ︽ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ ᠨᠢᠭᠡ ᠶᠠᠪᠤᠳᠠᠯ︾᠎ ᠢ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠦᠷᠦᠭᠦᠯᠡᠵᠦ᠂ ︽ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡ ᠶᠠᠪᠤᠳᠠᠯ ᠲᠤ ᠭᠦᠢᠴᠡᠳᠬᠡᠬᠦ︾᠎ ᠶᠢ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠦᠷᠦᠭᠦᠯᠡᠨ᠎ᠡ       ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ  ᠵᠠᠩᠬᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 12 ᠰᠠᠷ᠎ᠠ ᠂ ᠲᠡᠷᠡᠴᠢᠯᠡᠨ ᠠᠬᠢᠭᠤᠯᠬᠤ ᠶᠢ ᠪᠠᠷᠢᠮᠲᠠᠯᠠᠨ᠎ᠠ       5᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠶᠢᠯ ᠤᠨ ᠲᠥᠬᠦᠮ ᠬᠢᠨᠠᠨ ᠵᠥᠪᠰᠢᠶᠡᠷᠡᠯ ᠤᠨ ︽ᠳᠥᠷᠪᠡᠨ ᠳᠠᠷᠤᠢ︾᠎ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃       ︽ᠵᠥᠪᠳᠡᠯᠴᠡᠨ ᠶᠠᠷᠢᠯᠴᠠᠮᠠᠭᠴᠠ ᠳᠠᠷᠤᠢ ᠦᠢᠯᠡᠴᠢᠯᠡᠬᠦ︾᠎ ᠶᠢ ᠬᠡᠷᠡᠭᠵᠢᠭᠦᠯᠦᠨ᠎ᠡ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠡᠩ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠤᠣᠯ ᠴᠣᠭᠴᠠ ᠯᠤᠭ᠎ᠠ ᠵᠢᠩᠬᠢᠨᠢ ᠪᠠᠷ ᠭᠡᠷ᠎ᠡ ᠲᠣᠭᠲᠠᠬᠤ ᠎ ᠠᠴᠠ ᠡᠮᠦᠨ᠎ᠡ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠢ ᠤᠷᠢᠳᠠᠪᠠᠷ ᠵᠣᠬᠢᠶᠠᠨ ᠪᠠᠶᠢᠭᠤᠯᠵᠤ ᠪᠠᠶᠢᠭᠠᠳ ᠲᠥᠷᠥᠯ ᠵᠦᠢᠯ ᠢ ᠬᠢᠨᠠᠨ ᠵᠥᠪᠰᠢᠶᠡᠷᠡᠬᠦ ᠴᠤᠪᠤᠷᠠᠯ ᠢ ᠲᠣᠭᠲᠠᠭᠠᠨ ᠦᠢᠯᠡᠳᠬᠦ ᠦᠢᠯᠡᠴᠢᠯᠡᠭᠡ ᠶᠢ ᠬᠠᠮᠲᠤᠷᠠᠨ ᠥᠷᠨᠢᠭᠦᠯᠵᠦ᠂ ᠰᠠᠨᠠᠭᠠᠴᠢᠯᠠᠭ᠎ᠠ ᠎ ᠠᠴᠠ ᠪᠠᠨ ᠠᠵᠤ ᠠᠬᠤᠶᠢᠯᠠᠯ ᠢ ᠬᠠᠮᠵᠢᠨ ᠲᠥᠷᠥᠯ ᠵᠦᠢᠯ ᠤᠨ ᠭᠠᠵᠠᠷ ᠬᠡᠷᠡᠭᠯᠡᠬᠦ ᠭᠠᠵᠠᠷ ᠰᠣᠩᠭᠤᠬᠤ᠂ ᠵᠥᠪᠰᠢᠶᠡᠷᠡᠨ ᠣᠷᠣᠭᠤᠯᠬᠤ ᠶᠢ ᠬᠢᠨᠠᠨ ᠲᠣᠭᠲᠠᠭᠠᠬᠤ ᠪᠠ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠠᠵᠤ ᠠᠬᠤᠶᠢᠯᠠᠯ ᠳᠤ ᠵᠥᠪᠳᠡᠯᠴᠡᠬᠦ ᠦᠨᠡᠨᠴᠢ ᠰᠡᠳᠬᠢᠯ ᠢ ᠮᠡᠳᠡᠷᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠥᠬᠦ ᠲᠤᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠰᠠᠶᠢᠲᠤᠷ ᠬᠡᠷᠡᠭᠯᠡᠬᠦ ᠶᠢ ᠢᠳᠡᠪᠬᠢᠲᠡᠢ ᠪᠠᠷ ᠵᠣᠯᠭᠠᠭᠤᠯᠵᠤ᠂ ᠬᠠᠮᠲᠤᠪᠠᠷ ᠭᠥᠷᠳᠡᠵᠦ ᠬᠠᠷᠢᠯᠴᠠᠨ ᠮᠡᠳᠡᠷᠡᠬᠦ ᠶᠢ ᠠᠬᠢᠭᠤᠯᠤᠨ᠂ ᠲᠣᠬᠢᠷᠠᠬᠤ ᠨᠥᠬᠦᠴᠡᠯ ᠳᠤ ᠨᠡᠶᠢᠴᠡᠬᠦ ᠲᠠᠩ ᠭᠠᠭᠴᠠ ᠲᠥᠷᠥᠯ ᠵᠦᠢᠯ ᠳᠤ ᠦᠨᠡᠯᠡᠨ ᠵᠢᠱᠢᠵᠦ ᠬᠢᠨᠠᠨ ᠲᠣᠭᠲᠠᠭᠠᠬᠤ ᠦᠭᠡᠢ ᠪᠠᠶᠢᠵᠤ᠂ ᠵᠣᠬᠢᠬᠤ ᠬᠢᠨᠠᠨ ᠵᠥᠪᠰᠢᠶᠡᠷᠡᠬᠦ ᠵᠦᠢᠯᠡᠰ ᠲᠤ ᠠᠮᠠᠯᠳᠠᠬᠤ ᠳᠦᠷᠢᠮ ᠢᠶᠠᠷ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ ᠪᠣᠯᠣᠨ᠎ᠠ᠃       ᠲᠦᠷᠦᠭᠦᠯᠡᠬᠦ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 12 ᠰᠠᠷ᠎ᠠ ᠂ ᠲᠡᠷᠡᠴᠢᠯᠡᠨ ᠠᠬᠢᠭᠤᠯᠬᠤ ᠶᠢ ᠪᠠᠷᠢᠮᠲᠠᠯᠠᠨ᠎ᠠ       ︽ᠭᠡᠷ᠎ᠡ ᠲᠤᠭᠲᠠᠮᠠᠭᠴᠠ ᠳᠠᠷᠤᠢ ᠳᠤᠨᠢ ᠭᠠᠵᠠᠷ ᠬᠠᠩᠭᠠᠬᠤ︾᠎ ᠶᠢ ᠬᠡᠷᠡᠭᠵᠢᠭᠦᠯᠦᠨ᠎ᠡ᠃ ᠵᠢᠩᠬᠢᠨᠢ ᠪᠠᠷ ᠭᠡᠷ᠎ᠡ ᠲᠣᠭᠲᠠᠭᠰᠠᠨ ᠤ ᠳᠠᠷᠠᠭ᠎ᠠ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ ᠰᠢᠷᠣᠢ︾᠎ ᠶᠢᠨ ᠰᠢᠯᠵᠢᠭᠦᠯᠦᠨ ᠬᠤᠳᠠᠯᠳᠤᠬᠤ ᠳᠦᠷᠢᠮ ᠤᠨ ᠶᠣᠰᠣᠭᠠᠷ᠂ ᠬᠠᠮᠢᠶ᠎ᠠ ᠪᠦᠬᠦᠢ ᠲᠥᠯᠦᠪᠵᠢᠭᠦᠯᠭᠡ ᠶᠢᠨ ᠨᠥᠬᠦᠴᠡᠯ᠂ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠪᠠ ᠡᠵᠡᠮᠳᠡᠬᠦ ᠴᠢᠨᠠᠷᠲᠠᠢ ᠭᠦᠢᠴᠡᠳᠬᠡᠯ ᠲᠤᠭ᠎ᠠ ᠶᠢ ᠰᠢᠯᠵᠢᠭᠦᠯᠦᠨ ᠬᠤᠳᠠᠯᠳᠤᠬᠤ ᠲᠥᠰᠥᠯ ᠳᠤ ᠣᠷᠣᠭᠤᠯᠵᠤ᠂ ᠠᠮᠠᠯᠠᠭᠰᠠᠨ ᠴᠠᠭ ᠤᠨ ᠳᠣᠲᠣᠷ᠎ᠠ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠨᠡᠶᠢᠲᠡᠯᠡᠵᠦ ᠭᠠᠵᠠᠷ ᠬᠠᠩᠭᠠᠬᠤ ᠭᠤᠭᠴᠤᠭ᠎ᠠ ᠳᠤ ᠣᠷᠣᠭᠤᠯᠤᠨ᠎ᠠ᠃ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠳᠤ ︽ᠨᠠᠷᠢᠨ ᠬᠠᠭᠤᠳᠠᠰᠤᠵᠢᠭᠤᠯᠬᠤ︾ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠲᠥᠬᠦᠮ ᠪᠥᠭᠡᠳ ᠳᠣᠣᠷ᠎ᠠ ᠲᠦᠭᠰᠢᠭᠦᠷᠢ ᠲᠠᠢ ᠰᠢᠯᠵᠢᠭᠦᠯᠦᠨ ᠬᠤᠳᠠᠯᠳᠤᠬᠤ ᠭᠠᠵᠠᠷ ᠰᠢᠷᠣᠢ ᠶᠢᠨ ᠲᠥᠷᠥᠯ ᠵᠦᠢᠯ ᠳᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠬᠡᠯᠲᠦᠷᠢᠭᠦᠯᠬᠦ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠪᠠᠷᠢᠯᠭ᠎ᠠ ᠶᠢᠨ ᠵᠦᠢᠯᠡᠰ ᠢ ᠬᠢᠨᠠᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ᠭᠠᠵᠠᠷ ᠳᠠᠷᠤᠢ ᠬᠠᠩᠭᠠᠬᠤ ᠵᠠᠩᠭᠢᠯᠠᠭ᠎ᠠ ᠳᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠪᠣᠯᠣᠨ ᠣᠯᠠᠨ ᠵᠢᠷᠤᠭ ᠢ ᠬᠠᠮᠲᠤᠷᠠᠨ ᠬᠢᠨᠠᠬᠤ ᠤᠷᠢᠳᠠᠴᠢ ᠦᠢᠯᠡᠴᠢᠯᠡᠭᠡ ᠶᠢ ᠰᠦᠪᠡᠭᠴᠢᠯᠡᠨ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠳᠤ ᠭᠠᠷ ᠤᠨ ᠦᠰᠦᠭ ᠵᠢᠷᠤᠬᠤ ᠶᠢᠨ ᠬᠠᠮᠲᠤ ᠴᠢᠬᠤᠯᠠ ᠪᠦᠬᠦᠢ ᠮᠠᠲ᠋ᠧᠷᠢᠶᠠᠯ ᠢ ᠪᠦᠷᠢᠨ ᠪᠡᠯᠡᠳᠬᠡᠭᠰᠡᠨ ᠤ ᠳᠠᠷᠠᠭ᠎ᠠ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠨᠥᠬᠦᠴᠡᠯ ᠢ ᠦᠨᠳᠦᠰᠦᠯᠡᠨ᠂ ᠬᠤᠳᠠᠯᠳᠤᠭᠠᠴᠢᠨ ᠤᠷᠢᠬᠤ ᠰᠠᠨᠠᠮᠵᠢ ᠲᠠᠢ ᠪᠠᠨ ᠤᠶᠠᠯᠳᠤᠭᠤᠯᠵᠤ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ 5 ᠠᠵᠢᠯᠯᠠᠬᠤ ᠡᠳᠦᠷ ᠤᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠶᠢ ᠰᠠᠶᠢᠲᠤᠷ ᠭᠦᠢᠴᠡᠳᠬᠡᠬᠦ ᠪᠠᠷ ᠴᠢᠷᠮᠠᠶᠢᠬᠤ ᠶᠢᠨ ᠬᠠᠮᠲᠤ᠂ ᠲᠤᠭᠤᠷᠢᠭ ᠤᠨ ᠱᠠᠲᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ ᠵᠣᠯᠭᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃       ᠲᠦᠷᠦᠭᠦᠯᠡᠬᠦ ᠨᠢᠭᠡᠴᠡ᠄ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ  ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 12 ᠰᠠᠷ᠎ᠠ᠂ ᠲᠡᠷᠡᠴᠢᠯᠡᠨ ᠠᠬᠢᠭᠤᠯᠬᠤ ᠶᠢ ᠪᠠᠷᠢᠮᠲᠠᠯᠠᠨ᠎ᠠ      ︽ᠠᠵᠢᠯ ᠡᠬᠢᠯᠡᠪᠡᠯ ᠳᠠᠷᠤᠢ ᠳᠤᠨᠢ ᠢᠵᠢ ᠪᠦᠷᠢᠳᠦᠭᠦᠯᠬᠦ︾᠎ ᠶᠢ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ ᠲᠠᠢ ᠬᠠᠮᠵᠢᠯᠴᠠᠨ ︽ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ ᠶᠢ ᠨᠢᠭᠡ ᠶᠠᠪᠤᠳᠠᠯ ᠳᠤ ᠭᠦᠢᠴᠡᠳᠭᠡᠬᠦ︾ ᠪᠣᠯᠭᠠᠨ ᠡᠮᠬᠢᠯᠡᠨ ᠨᠡᠶᠢᠯᠡᠭᠦᠯᠵᠦ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠥᠪ ᠲᠤ ᠭᠥᠯᠢᠶᠡᠨ ᠠᠪᠴᠤ ᠰᠢᠢᠳᠪᠦᠷᠢᠯᠡᠨ᠎ᠡ᠂ ᠪᠠᠷᠢᠯᠭ᠎ᠠ ᠶᠢᠨ ᠠᠵᠢᠯ ᠳᠤ ᠬᠤᠯᠪᠣᠭᠳᠠᠭᠰᠠᠨ ᠵᠠᠮ ᠡᠵᠡᠯᠡᠬᠦ᠂ ᠨᠤᠭᠤᠭᠠᠷᠠᠭᠤᠯᠤᠯᠲᠠ ᠶᠢᠨ ᠭᠠᠵᠠᠷ ᠡᠪᠳᠡᠬᠦ ᠵᠡᠷᠭᠡ ᠰᠡᠷᠭᠦᠭᠡᠬᠦ ᠬᠠᠮᠢᠶ᠎ᠠ ᠪᠦᠬᠦᠢ ᠭᠠᠷᠳᠠᠮ ᠵᠢᠴᠢ ᠵᠠᠷᠤᠳᠠᠯ ᠢ ᠪᠦᠬᠦᠨ ᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠠᠴᠠ ᠣᠷᠣᠯᠠᠨ ᠭᠦᠢᠴᠡᠳᠬᠡᠵᠦ ᠣᠷᠣᠯᠠᠨ ᠲᠤᠰᠢᠶᠠᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠲᠠᠪᠴᠠᠩ ᠲᠠᠢ ᠬᠠᠮᠵᠢᠯᠴᠠᠬᠤ ᠪᠠᠷ ᠳᠠᠮᠵᠢᠭᠤᠯᠤᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠲᠥᠬᠦᠮ ᠪᠥᠭᠡᠳ ᠳᠣᠣᠷ᠎ᠠ ᠲᠦᠭᠰᠢᠭᠦᠷᠢ ᠲᠠᠢ ᠠᠵᠤ ᠦᠢᠯᠡᠳᠪᠦᠷᠢ ᠶᠢᠨ ᠦᠢᠯᠡᠳᠪᠦᠷᠢ ᠶᠢᠨ ᠭᠡᠷ ᠪᠠᠶᠢᠰᠢᠩ ᠵᠢᠴᠢ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠳᠤ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠴᠠᠬᠢᠯᠭᠠᠨ ᠮᠡᠳᠡᠭᠡ ᠶᠢᠨ ᠤᠭᠰᠠᠷᠠᠯᠲᠠ ᠶᠢ ᠵᠠᠯᠭᠠᠨ ᠣᠷᠣᠭᠤᠯᠬᠤ ᠶᠢ ︽ᠬᠦᠷᠦᠯᠴᠡᠬᠦ ᠦᠭᠡᠢ᠂ ᠭᠦᠶᠦᠯᠭᠡᠬᠦ ᠦᠭᠡᠢ᠂ ᠵᠠᠷᠤᠳᠠᠯ ᠲᠤᠰᠢᠶᠠᠬᠤ ᠦᠭᠡᠢ︾᠎ ᠶᠢ ᠪᠡᠶᠡᠯᠡᠭᠦᠯᠦᠨ᠎ᠡ᠃       ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 12 ᠰᠠᠷ᠎ᠠ᠂ ᠲᠡᠷᠡᠴᠢᠯᠡᠨ ᠠᠬᠢᠭᠤᠯᠬᠤ ᠶᠢ ᠪᠠᠷᠢᠮᠲᠠᠯᠠᠨ᠎ᠠ       ︽ᠪᠠᠷᠢᠯᠭ᠎ᠠ ᠳᠠᠭᠤᠰᠪᠠᠯ ᠳᠠᠷᠤᠢ ᠳᠤᠨᠢ ᠦᠨᠡᠮᠯᠡᠯ ᠭᠦᠢᠴᠡᠳᠬᠡᠬᠦ︾᠎ ᠶᠢ ᠬᠡᠷᠡᠭᠵᠢᠭᠦᠯᠦᠨ᠎ᠡ᠃ ᠲᠣᠭᠤᠷᠢᠭ ᠤᠨ ᠱᠠᠲᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠪᠠᠯ  9 ᠠᠵᠢᠯᠯᠠᠬᠤ ᠡᠳᠦᠷ ᠤᠨ ᠬᠤᠭᠤᠴᠠᠭ᠎ᠠ ᠳᠤ ᠬᠠᠮᠲᠤᠷᠠᠨ ᠰᠢᠯᠭᠠᠨ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠵᠦ᠂ ᠭᠡᠷ ᠪᠠᠶᠢᠰᠢᠩ ᠲᠤᠰᠢᠶᠠᠬᠤ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠪᠠᠶᠢᠴᠠᠭᠠᠬᠤ ᠪᠠ ᠭᠡᠷ ᠬᠥᠷᠥᠩᠭᠡ ᠶᠢ ᠬᠡᠮᠵᠢᠨ ᠵᠢᠷᠤᠬᠤ ᠵᠡᠷᠭᠡ ᠴᠤᠪᠤᠷᠠᠯ ᠢ ᠤᠷᠢᠳ ᠢᠶᠠᠷ ᠪᠠᠶᠢᠷᠢᠯᠠᠭᠤᠯᠵᠤ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠦᠭᠰᠡᠨ ᠤ ᠳᠠᠷᠠᠭ᠎ᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠵᠡᠷᠭᠡ ᠳᠤᠨᠢ ᠭᠤᠶᠤᠴᠢᠯᠠᠬᠤ ᠶᠢ ᠦᠨᠡᠨᠬᠦ ᠪᠠᠲᠤᠯᠠᠨ᠎ᠠ᠃       ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ 12 ᠰᠠᠷ᠎ᠠ ᠂ ᠲᠡᠷᠡᠴᠢᠯᠡᠨ ᠠᠬᠢᠭᠤᠯᠬᠤ ᠶᠢ ᠪᠠᠷᠢᠮᠲᠠᠯᠠᠨ᠎ᠠ       ︵ᠭᠤᠷᠪᠠ︶ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠢᠶᠠᠨ ᠳᠡᠭᠡᠭᠰᠢᠯᠡᠭᠦᠯᠦᠨ᠎ᠡ       1᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠣᠯᠠᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠣᠯᠵᠤ ᠥᠭᠭᠦᠨ᠎ᠡ᠃ ︽ᠵᠠᠰᠠᠭ ᠪᠠᠩᠬᠢ ᠠᠵᠤ ᠠᠬᠤᠶᠢᠯᠠᠯ ᠬᠠᠮᠲᠤᠷᠠᠯᠴᠠᠬᠤ︾ ︽ᠪᠠᠩᠬᠢ ᠠᠵᠤ ᠠᠬᠤᠶᠢᠯᠠᠯ ᠬᠠᠮᠲᠤᠷᠠᠯᠴᠠᠬᠤ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃       ᠲᠦᠷᠦᠭᠦᠯᠡᠬᠦ ᠨᠢᠭᠡᠴᠡ᠄ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ       2᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠲᠠ︾ ︽ᠴᠥᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ ᠬᠡᠯᠪᠡᠷᠢᠲᠦ ᠠᠵᠤ ᠦᠢᠯᠡᠰ ᠤᠨ ᠪᠥᠭᠡᠮᠨᠡᠷᠡᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠪᠣᠶ ᠪᠣᠯᠭᠠᠵᠤ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠵᠢᠴᠢ ᠲᠣᠮᠣ ᠮᠤᠯᠧᠺᠦᠶᠢᠯᠲᠤ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠮᠠᠰᠢᠨ ᠵᠢᠴᠢ ᠢᠵᠢ ᠪᠦᠷᠢᠳᠦᠭᠦᠯᠬᠦ᠂ ᠤᠰᠤᠲᠥ᠋ᠷᠥᠭᠴᠢ ᠡᠨᠧᠷᠭᠢ ᠶᠢᠨ ᠨᠥᠭᠡᠴᠡ ᠡᠨᠧᠷᠭᠢ ᠵᠡᠷᠭᠡ ᠣᠯᠠᠨ ᠰᠢᠨ᠎ᠡ ᠠᠵᠤ ᠦᠢᠯᠡᠰ ᠤᠨ ᠪᠥᠭᠡᠮᠨᠡᠷᠡᠯ ᠤᠨ ᠬᠠᠮᠵᠢᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠢ ᠵᠦᠢᠯ ᠢ ᠬᠦᠴᠦᠷᠬᠡᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠣᠰ ᠪᠡᠶ᠎ᠡ ᠶᠢᠨ ᠰᠠᠭᠤᠷᠢ ᠪᠠ ᠡᠬᠢ ᠪᠠᠶᠠᠯᠢᠭ ᠤᠨ ᠲᠥᠷᠥᠯᠬᠢ ᠠᠪᠢᠶᠠᠰ ᠲᠠᠭᠠᠨ ᠰᠠᠭᠤᠷᠢᠯᠠᠨ᠂ ᠣᠨᠴᠠᠯᠢᠬᠵᠢᠭᠰᠠᠨ ᠵᠦᠷᠢᠶᠡᠴᠢᠯᠡᠭᠰᠡᠨ ᠬᠥᠭᠵᠢᠯᠲᠡ ᠶᠢ ᠢᠳᠡᠪᠬᠢᠲᠡᠢ ᠪᠠᠷ ᠰᠦᠪᠡᠭᠴᠢᠯᠡᠨ᠎ᠡ᠃ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠬᠦᠷᠢᠶᠡᠨ ᠳᠠᠬᠢ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠨ᠂ ᠬᠠᠮᠵᠢᠯᠴᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠢ ᠪᠣᠶ ᠪᠣᠯᠭᠠᠨ᠎ᠠ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ  ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ       3᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠡᠯᠧᠮᠧᠨ᠋ᠲ ᠶᠢ ᠨᠢᠭᠡ ᠯᠡ ᠤᠳᠠᠭ᠎ᠠ ᠲᠤᠬᠢᠷᠠᠭᠤᠯᠬᠤ ᠶᠢ ᠴᠢᠩᠭᠠᠳᠬᠠᠨ᠎ᠠ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠡᠷᠴᠢᠮᠯᠢᠭ ᠪᠠ ᠠᠷᠪᠢᠯᠠᠨ ᠭᠠᠮᠨᠠᠬᠤ ᠵᠠᠷᠴᠢᠮ ᠶᠣᠰᠣᠭᠠᠷ᠂ ᠰᠠᠭᠤᠷᠢ ᠲᠦᠭᠦᠭᠡᠷᠦᠮᠵᠢ ᠪᠠ ᠢᠵᠢ ᠪᠦᠷᠢᠳᠦᠭᠦᠯᠬᠦ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ ᠪᠠᠶᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠦᠴᠦᠨ᠂ ᠵᠠᠮ᠂ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ᠂ ᠪᠣᠬᠢᠷᠲᠤᠯ ᠢ ᠵᠠᠰᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ ᠲᠡᠭᠦᠯᠳᠡᠷᠵᠢᠭᠦᠯᠵᠦ᠂ ᠡᠮᠴᠢᠯᠡᠭᠡ᠂ ᠰᠡᠯᠡᠭᠦᠴᠡᠯ᠂ ᠰᠤᠷᠭᠠᠨ ᠬᠥᠮᠦᠵᠢᠯ ᠵᠡᠷᠭᠡ ᠲᠥᠬᠦᠷ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠯᠥᠪᠵᠢᠭᠦᠯᠦᠭᠰᠡᠨ ᠤ ᠳᠠᠷᠠᠭ᠎ᠠ ᠬᠠᠮᠵᠢᠯᠴᠠᠨ ᠦᠷᠨᠢᠭᠦᠯᠦᠨ᠎ᠡ᠃ ᠠᠵᠤ ᠠᠬᠤᠶᠢᠯᠠᠯ ᠳᠤ ᠦᠢᠯᠡᠴᠢᠯᠡᠬᠦ ᠮᠡᠳᠡᠭᠡ ᠵᠠᠩᠭᠢ ᠶᠢᠨ ᠮᠡᠷᠭᠡᠵᠢᠯ᠂ ᠴᠢᠳᠠᠪᠤᠷᠢᠲᠠᠨ ᠪᠠ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠲᠠᠪᠴᠠᠩ ᠢ ᠢᠵᠢ ᠪᠦᠷᠢᠳᠦᠭᠦᠯᠦᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠣᠷᠴᠢᠨ ᠨᠥᠬᠦᠴᠡᠯ ᠢ ᠪᠤᠢ ᠪᠣᠯᠭᠠᠨ᠎ᠠ᠃ ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ᠂ 5G ᠵᠡᠷᠭᠡ ᠠᠷᠭ᠎ᠠ ᠪᠠᠷᠢᠯ ᠢ ᠠᠰᠢᠭᠯᠠᠵᠤ᠂ ᠣᠶᠤᠨᠲᠤ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠡᠯᠧᠮᠧᠨ᠋ᠲ ᠢ ᠰᠢᠯᠢᠳᠡᠭᠵᠢᠭᠦᠯᠦᠨ ᠵᠣᠬᠢᠴᠠᠭᠤᠯᠤᠨ ᠲᠣᠬᠢᠷᠠᠭᠤᠯᠬᠤ ᠶᠢ ᠠᠬᠢᠭᠤᠯᠵᠤ᠂ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ       4᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠲᠦᠷᠭᠡᠳᠭᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠰᠢᠭᠤᠴᠢ ᠪᠠ ᠰᠢᠨ᠎ᠡ ᠪᠠᠷ ᠪᠣᠶ ᠪᠣᠯᠤᠭᠰᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠪᠡᠯᠡ ᠮᠥᠩᠭᠦ ᠪᠠ ᠲᠤᠷᠰᠢᠯᠲᠠ ᠶᠢᠨ ᠴᠡᠭ ᠣᠯᠬᠤ ᠶᠢ ᠢᠳᠡᠪᠬᠢᠲᠡᠢ ᠵᠣᠯᠭᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠪᠠ ᠬᠡᠷᠡᠭᠯᠡᠯᠲᠡ ᠶᠢ ᠲᠦᠯᠬᠢᠨ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ ᠰᠢᠨ᠎ᠡ ᠶᠢ ᠡᠭᠦᠳᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠪᠦᠯᠦᠭ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠨᠢᠭᠡ ᠪᠦᠯᠦᠭ ᠠᠵᠤ ᠦᠢᠯᠡᠰ ᠤᠨ ᠮᠡᠷᠭᠡᠵᠢᠯ ᠤᠨ ᠴᠢᠬᠤᠯᠠ ᠶᠡᠭᠡ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠲᠠᠪᠴᠠᠩ ᠢ ᠬᠠᠮᠵᠢᠯᠴᠠᠨ ᠪᠦᠲᠦᠭᠡᠨ ᠪᠠᠶᠢᠭᠤᠯᠵᠤ᠂ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠪᠠ ᠰᠠᠭᠤᠷᠢᠨ ᠭᠠᠵᠠᠷ ᠢ ᠪᠣᠶ ᠪᠤᠯᠭᠠᠨ᠎ᠠ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠠᠵᠤ ᠦᠢᠯᠡᠰ ᠤᠨ ᠪᠠᠶᠢᠷᠢᠰᠢᠭᠤᠯᠤᠯ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠵᠠᠰᠠᠭ ᠤᠨ ᠣᠷᠳᠣᠨ ᠠᠴᠠ ᠡᠬᠢᠯᠡᠭᠦᠯᠬᠦ᠂ ᠣᠯᠠᠨ ᠡᠰᠢᠴᠢᠯᠡᠨ ᠪᠡᠯᠡ ᠣᠷᠣᠭᠤᠯᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠠᠵᠢᠯᠯᠠᠭᠠᠨ ᠤ ᠵᠠᠭᠪᠤᠷ ᠢ ᠬᠡᠷᠡᠭᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠣᠷᠣᠭᠤᠯᠤᠨ ᠠᠪᠴᠢᠷᠠᠵᠤ ᠥᠨᠳᠥᠷ ᠬᠢᠷᠢ ᠲᠦᠪᠰᠢᠨ ᠪᠦᠬᠦᠢ᠂ ᠬᠡᠷᠡᠭᠯᠡᠭᠡᠨ ᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠲᠠᠪᠴᠠᠩ ᠵᠡᠷᠭᠡ ᠴᠢᠬᠤᠯᠠ ᠶᠡᠭᠡ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ᠂ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠪᠠ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠬᠤ ᠬᠡᠯᠪᠡᠷᠢ ᠪᠠᠷ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠨᠡᠶᠢᠭᠡᠮ ᠤᠨ ᠬᠥᠷᠥᠩᠭᠡ ᠶᠢᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠳᠤ ᠪᠡᠯᠡ ᠣᠷᠣᠭᠤᠯᠬᠤ ᠶᠢ ᠳᠡᠮᠵᠢᠨ᠎ᠡ᠃ ᠪᠡᠯᠡ ᠮᠥᠩᠭᠦ ᠪᠠᠷ ᠲᠡᠳᠬᠦᠬᠦ᠂ ᠢᠵᠢ ᠪᠦᠷᠢᠳᠦᠭᠦᠯᠦᠨ ᠲᠤᠰᠠᠯᠠᠬᠤ᠂ ᠬᠥᠭᠵᠢᠯᠲᠡ ᠶᠢ ᠤᠷᠮᠠᠰᠢᠭᠤᠯᠬᠤ᠂ ᠭᠡᠷ ᠪᠠᠶᠢᠰᠢᠩ ᠢ ᠪᠠᠲᠤᠯᠠᠬᠤ᠂ ᠴᠢᠳᠠᠪᠤᠷᠢᠲᠠᠨ ᠢ ᠵᠣᠷᠢᠭᠵᠢᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ ᠪᠠ ᠬᠡᠷᠡᠭᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ       5᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ᠂ ᠲᠣᠯᠣᠭᠠᠶᠢᠯᠠᠭᠴᠢ ᠠᠵᠤ ᠠᠬᠤᠶᠢᠯᠠᠯ᠂ ᠪᠠᠶᠢᠴᠠᠭᠠᠨ ᠰᠢᠯᠭᠠᠬᠤ ᠪᠠᠶᠢᠭᠤᠯᠤᠮᠵᠢ ᠵᠡᠷᠭᠡ ᠳᠤ ᠲᠦᠰᠢᠭᠯᠡᠨ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠎ ᠲᠠᠢ ᠠᠵᠤ ᠦᠢᠯᠡᠰ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠬᠠᠮᠵᠢᠯᠴᠠᠨ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠪᠠ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠳᠤ ᠬᠠᠮᠵᠢᠯᠴᠠᠨ᠂ ᠮᠡᠷᠭᠡᠵᠢᠯ ᠤᠨ ᠰᠤᠳᠤᠯᠤᠨ ᠨᠡᠭᠡᠭᠡᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠮᠡᠷᠭᠡᠵᠢᠯ ᠤᠨ ᠦᠨᠡᠯᠡᠯᠲᠡ ᠬᠢᠬᠦ᠂ ᠮᠡᠷᠭᠡᠵᠢᠯ ᠤᠨ ᠠᠷᠠᠯᠵᠢᠶ᠎ᠠ ᠬᠢᠬᠦ᠂ ᠶᠠᠰᠤ ᠴᠢᠨᠠᠷ ᠤᠨ ᠭᠡᠷᠡᠴᠢᠯᠡᠭᠡ ᠬᠢᠬᠦ᠂ ᠴᠢᠳᠠᠪᠤᠷᠢᠲᠠᠨ ᠤ ᠪᠣᠯᠪᠠᠰᠤᠷᠠᠭᠤᠯᠤᠯ ᠬᠢᠬᠦ᠂ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠵᠡᠷᠭᠡ ᠲᠤᠰᠬᠠᠶᠢᠵᠢᠭᠰᠠᠨ ᠦᠢᠯᠡᠴᠢᠯᠡᠭᠡᠨ ᠢ ᠥᠷᠨᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠤᠯᠭᠠᠭᠤᠷᠢᠯᠠᠯ ᠬᠠᠩᠭᠠᠨ᠎ᠠ᠃ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠶᠤᠨᠴᠢᠯᠠᠭᠰᠠᠨ ᠥᠭᠡᠷᠡᠴᠢᠯᠡᠯᠲᠡ ᠥᠷᠨᠢᠭᠦᠯᠬᠦ ᠶᠢ ᠵᠣᠷᠢᠭᠵᠢᠭᠤᠯᠵᠤ᠂ ᠭᠠᠷ ᠤᠷᠠᠯᠠᠯ ᠤᠨ ᠴᠤᠪᠤᠷᠠᠯ ᠪᠠ ᠦᠢᠯᠡᠳᠪᠦᠷᠢᠯᠡᠯ ᠪᠠᠷᠠᠭᠠᠨ ᠤ ᠭᠦᠢᠯᠭᠡᠭᠡᠨ ᠤ ᠶᠠᠪᠤᠴᠠ ᠶᠢ ᠰᠢᠯᠢᠳᠡᠭᠵᠢᠭᠦᠯᠦᠨ ᠥᠭᠡᠷᠡᠴᠢᠯᠡᠬᠦ ᠶᠢ ᠴᠢᠩᠭᠠᠳᠬᠠᠨ᠎ᠠ᠃       ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ       6᠂ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ  ᠤᠨ ᠠᠵᠤ ᠠᠬᠤᠶᠢᠯᠠᠯ  ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠳᠡᠭ  ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠳᠠᠷᠤᠭᠠᠰᠤ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠠᠳᠠᠯ ᠦᠢᠯᠡᠰ ᠴᠤᠭᠴᠠᠯᠠᠬᠤ ᠦᠪᠡᠷ ᠤᠨ ᠦᠷᠳᠡᠭ ᠢ ᠪᠠᠭᠤᠷᠠᠭᠤᠯᠤᠨ᠎ᠠ᠃      ᠲᠦᠷᠦᠭᠦᠯᠡᠬᠦ ᠨᠢᠭᠡᠴᠡ᠄ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ       ᠬᠠᠷᠢᠭᠤᠴᠠᠯᠭᠠᠲᠤ ᠨᠢᠭᠡᠴᠡ᠄ ᠲᠣᠭᠤᠷᠢᠭ ‍ᠤᠨ‌ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ       ᠪᠡᠶᠡᠯᠡᠭᠦᠯᠬᠦ ᠴᠠᠭ ᠤᠨ ᠬᠢᠵᠠᠭᠠᠷ᠄ ᠪᠠᠷᠢᠮᠲᠠᠯᠠᠨ ᠠᠬᠢᠭᠤᠯᠤᠨ᠎ᠠ ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠬᠢᠨᠠᠨ ᠵᠢᠯᠤᠭᠤᠳᠴᠤ ᠠᠬᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠨ᠂ ᠪᠣᠳᠠᠲᠠᠢ ᠠᠵᠢᠯ ᠤᠨ ᠡᠭᠦᠷᠭᠡ ᠶᠢᠨ ᠶᠣᠰᠣᠭᠠᠷ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ᠂ ᠡᠬᠡ ᠲᠠᠩᠰᠠ ᠶᠢᠨ ᠬᠡᠯᠪᠡᠷᠢ ᠪᠠᠷ ᠦᠷᠭᠦᠯᠵᠢᠯᠡᠨ ᠭᠦᠨᠵᠡᠭᠡᠢ ᠮᠥᠷᠳᠡᠨ ᠱᠠᠯᠠᠪᠳᠠᠭᠤᠯᠤᠨ ᠭᠦᠢᠴᠡᠳᠬᠡᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃       ︵ᠬᠤᠶᠠᠷ︶ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠤᠯᠪᠣᠭᠳᠠᠯ ᠪᠦᠬᠦᠢ ᠡᠭᠦᠷᠭᠡ ᠪᠠᠨ ᠢᠳᠡᠪᠬᠢᠲᠡᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠢ ᠰᠠᠨᠠᠭᠠᠴᠢᠯᠠᠭ᠎ᠠ ᠎ ᠠᠴᠠ ᠪᠠᠨ ᠵᠣᠯᠭᠠᠭᠤᠯᠵᠤ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ᠂ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ ᠬᠡᠯᠪᠡᠷᠢ ᠶᠢ ᠠᠪᠬᠤ ᠪᠤᠶᠤ ᠠᠵᠤ ᠠᠬᠤᠶᠢᠯᠠᠯ ᠤᠨ ᠬᠡᠷᠡᠭᠴᠡᠭᠡ ᠶᠢ ᠦᠨᠳᠦᠰᠦᠯᠡᠨ ᠡᠯ᠎ᠡ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠠᠵᠢᠯᠯᠠᠬᠤ ᠶᠢ ᠥᠷᠨᠢᠭᠦᠯᠵᠦ᠂ ᠵᠥᠪᠳᠡᠯᠴᠡᠨ ᠬᠠᠮᠲᠤᠷᠠᠨ ᠬᠢᠨᠠᠬᠤ ᠬᠡᠯᠪᠡᠷᠢ ᠪᠠᠷ ᠬᠠᠮᠲᠤᠷᠠᠨ ᠬᠢᠨᠠᠨ ᠪᠠᠶᠢᠴᠠᠭᠠᠬᠤ᠂ ᠵᠥᠪᠰᠢᠶᠡᠷᠡᠬᠦ᠂ ᠭᠦᠢᠴᠡᠳᠬᠡᠬᠦ ᠶᠢ ᠥᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠲᠤᠰᠬᠠᠢ ᠬᠥᠮᠥᠨ ᠢᠶᠠᠷ ᠵᠢᠭᠠᠨ ᠵᠢᠯᠤᠳᠤᠭᠤᠯᠵᠤ᠂ ᠮᠥᠷᠳᠡᠨ ᠦᠢᠯᠡᠴᠢᠯᠡᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠦᠷᠭᠡᠳᠭᠡᠨ᠎ᠡ᠃       ︵ᠭᠤᠷᠪᠠ︶ ᠤᠬᠠᠭᠤᠯᠭ᠎ᠠ ᠶᠢᠨ ᠨᠥᠯᠥᠭᠡ ᠶᠢ ᠥᠷᠭᠡᠳᠬᠡᠨ᠎ᠡ᠃ ᠡᠯ᠎ᠡ ᠰᠠᠯᠠᠭ᠎ᠠ ᠮᠥᠴᠢᠷ ᠤᠳ ︽ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠲᠤᠯᠠᠭ᠎ᠠ ᠶᠢ ᠳᠡᠭᠡᠭᠰᠢᠯᠡᠭᠦᠯᠬᠦ︾ ᠠᠵᠢᠯ ᠤᠨ ᠳᠤᠮᠳᠠᠬᠢ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠳ᠋ᠦᠩᠨᠡᠵᠦ᠂ ᠰᠦᠯᠵᠢᠶ᠎ᠡ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠠᠵᠢᠯ ᠤᠨ ᠦᠷ᠎ᠡ ᠪᠦᠲᠦᠮᠵᠢ ᠶᠢ ᠢᠳᠡᠪᠬᠢᠲᠡᠢ ᠪᠠᠷ ᠤᠬᠠᠭᠤᠯᠤᠨ ᠲᠠᠶᠢᠯᠪᠤᠷᠢᠯᠠᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠨᠤᠮᠵᠢᠲᠠᠶ ᠪᠠᠶᠢᠬᠤ ᠨᠣᠷᠮ᠎ᠠ ᠶᠢ ᠳᠡᠭᠡᠭᠰᠢᠯᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号