ᠴᠢᠩᠱᠠᠨ ᠵᠠᠮ ᠤᠨ ᠵᠡᠭᠡᠯᠢ ᠭᠤᠳᠣᠮᠵᠢ ᠶᠢᠨ ᠬᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠠᠯ᠎ᠠ ᠪᠠᠷ ᠬᠥᠨᠵᠡᠭᠡᠢ ᠥᠷᠨᠢᠬᠦᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/7/17
      ᠣᠶᠢᠷ᠎ᠡ ᠶᠢᠨ ᠵᠢᠯ ᠠᠴᠠ᠂ ᠴᠢᠩᠱᠠᠨ ᠲᠣᠭᠤᠷᠢᠭ ᠤᠨ  ᠴᠢᠩᠱᠠᠨ ᠵᠠᠮ ᠤᠨ ᠵᠡᠭᠡᠯᠢ ᠭᠤᠳᠣᠮᠵᠢ ᠶᠢᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ︽ᠲᠠᠪᠣᠨ ᠰᠡᠳᠬᠢᠯ︾᠎ ᠤᠨ ᠠᠵᠢᠯ ᠤᠨ ᠠᠷᠭ᠎ᠠ ᠶᠢ ᠰᠥᠪᠡᠭᠴᠢᠯᠡᠨ ᠪᠥᠷᠢᠯᠳᠣᠭᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠠᠯ᠎ᠠ ᠪᠠᠷ ᠬᠥᠨᠵᠡᠭᠡᠢ ᠥᠷᠨᠢᠬᠦᠯᠵᠣ᠂ ᠥᠨᠳᠥᠰᠥᠳᠡᠨ ᠤ ᠪᠥᠯᠬᠦᠮᠳᠡᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠨᠢᠬᠡ ᠭᠡᠷ ᠪᠥᠯᠢ ᠶᠢᠨ ᠭᠥᠮᠥᠰ ᠰᠢᠭ ᠲᠣᠳᠣᠨᠣᠰᠤᠭ ᠭᠦᠨ ᠵᠤᠵᠠᠭᠠᠨ ᠠᠭᠤᠷ ᠠᠮᠢᠰᠬᠤᠯ ᠢ ᠪᠥᠷᠢᠯᠳᠣᠭᠦᠯᠵᠠᠢ᠃        ᠨᠢᠬᠡ᠂ ᠣᠯᠣᠰ ᠲᠥᠷᠣ ᠶᠢᠨ ᠴᠢᠳᠠᠮᠵᠢ ᠶᠢ ᠲᠣᠪᠣᠶᠢᠯᠭᠠᠵᠣ᠂ ᠨᠠᠮ ᠤᠨ ᠪᠠᠶᠢᠭᠤᠯᠣᠯᠳᠠ ᠪᠠᠷ ᠣᠭ ᠰᠠᠨᠠᠭ᠎ᠠ ᠶᠢ  ᠵᠢᠯᠣᠭᠤᠳᠪᠠ᠃ ᠨᠠᠮ ᠤᠨ ᠪᠠᠶᠢᠭᠤᠯᠣᠯᠳᠠ ᠶᠢ ᠠᠯᠢᠪᠠ ᠠᠵᠢᠯ ᠢ ᠠᠬᠢᠭᠤᠯᠬᠤ ᠭᠥᠴᠥᠯᠡᠬᠦ ᠴᠡᠭ ᠪᠠ ᠭᠠᠷᠳᠠᠴᠨ ᠴᠡᠭ ᠪᠣᠯᠭᠠᠬᠤ ᠢ ᠢᠮᠠᠭᠳᠠ ᠪᠠᠷᠢᠮᠳᠠᠯᠠᠵᠣ᠂ ᠨᠠᠮ ᠤᠨ ᠣᠯᠣᠰ ᠲᠥᠷᠣ ᠶᠢᠨ ᠪᠠᠶᠢᠭᠤᠯᠣᠯᠳᠠ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠳᠠᠬᠢ ᠭᠥᠳᠥᠯᠥᠨ ᠵᠢᠯᠣᠭᠤᠳᠬᠤ ᠥᠢᠯᠡᠳᠣᠯ ᠢ ᠪᠠᠳᠠᠷᠠᠭᠤᠯᠵᠣ᠂ ︽ᠨᠠᠮ ᠤᠨ ᠪᠠᠶᠢᠭᠤᠯᠣᠯᠳᠠ+ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ︾᠎ ᠶᠢᠨ ᠠᠵᠢᠯ ᠤᠨ ᠪᠠᠶᠢᠷᠢᠰᠢᠯ ᠢ ᠪᠣᠢ ᠪᠣᠯᠭᠠᠵᠣ᠂ ᠬᠠᠮᠳᠣ ᠪᠠᠷ ᠪᠠᠶᠢᠭᠤᠯᠬᠤ ᠨᠢᠬᠡᠴᠢ ᠲᠠᠢ ᠬᠤᠯᠪᠣᠭᠠᠯᠠᠨ ᠥᠨᠳᠥᠰᠥᠳᠡᠨ ᠤ ᠪᠥᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠬᠦᠯᠪᠠ᠃ ︽ᠨᠢᠬᠡ ᠨᠠᠮ ᠤᠨ ᠡᠭᠦᠷ ᠨᠢᠬᠡ ᠲᠥᠰᠥᠯ︾᠎ ᠢᠶᠠᠷ ᠠᠵᠢᠯᠯᠠᠭ᠎ᠠ ᠶᠢᠨ ᠣᠨᠴᠠᠯᠢᠭ ᠢᠶᠠᠨ ᠪᠣᠯᠭᠠᠵᠣ᠂ ︽ᠨᠢᠬᠡ ᠮᠧᠲᠷ ᠨᠠᠷᠠᠨ ᠭᠡᠷᠡᠯ︾ ᠭᠥᠷᠰᠢ ᠵᠡᠷᠭᠡᠯᠡᠳᠡᠭᠡ ᠶᠢᠨ ᠥᠷᠥᠭᠡ᠂ ᠣᠯᠠᠭᠠᠨ ᠬᠤᠷᠳᠣᠴᠠᠳᠣ ᠣᠯᠠᠭ᠎ᠠ ᠥᠷᠳᠡᠭᠡ᠂ ᠬᠤᠪᠢᠰᠬᠠᠯ ᠤᠨ ᠡᠨᠧᠷᠬᠢ ᠬᠠᠳᠠᠭᠠᠯᠠᠬᠤ ᠥᠷᠳᠡᠭᠡ ᠵᠡᠷᠭᠡ ᠵᠢᠭᠰᠠᠭᠠᠯ ᠤᠨ ᠭᠠᠵᠠᠷ ᠲᠤ ᠲᠥᠰᠢᠭᠯᠡᠨ᠂ ︽ᠲᠥᠷᠪᠠ ᠶᠢ ᠬᠠᠮᠳᠣᠳᠬᠠᠬᠤ︾ ︽ᠲᠠᠪᠣᠨ ᠲᠠᠨᠢᠯᠳᠠ︾᠎ ᠶᠢ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠡᠨ ᠲᠥᠮᠡᠨ ᠤ ᠰᠡᠳᠬᠢᠯ ᠳᠤ ᠥᠨᠳᠥᠰᠥᠯᠡᠭᠦᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠥᠵᠡᠯ ᠰᠠᠨᠠᠭᠠᠨ ᠤ ᠰᠠᠭᠤᠷᠢ ᠶᠢ ᠲᠠᠰᠣᠷᠠᠯᠳᠠ ᠥᠭᠡᠢ ᠪᠠᠬᠢᠵᠢᠭᠦᠯᠪᠠ᠃      ᠬᠤᠶᠠᠷ᠂ ᠵᠢᠭᠰᠠᠭᠠᠯ ᠤᠨ ᠭᠠᠵᠠᠷ ᠤᠨ ᠪᠠᠶᠢᠭᠤᠯᠣᠯᠳᠠ ᠶᠢ ᠴᠢᠩᠭᠠᠳᠬᠠᠵᠣ᠂ ᠲᠠᠪᠴᠠᠩ ᠳᠤ ᠣᠯᠡᠨ ᠤ ᠰᠡᠳᠬᠢᠯ ᠢ ᠨᠢᠭᠳᠠᠷᠠᠭᠤᠯᠪᠠ᠃ ︽ᠣᠯᠠᠭᠠᠨ ᠠᠨᠠᠷ ᠤᠨ ᠭᠡᠷ ᠣᠷᠣᠨ︾᠎ ᠢᠶᠠᠷ ᠠᠴᠢᠶᠠᠯᠠᠪᠣᠷᠢ ᠪᠣᠯᠭᠠᠵᠣ᠂ ᠡᠯ᠎ᠡ ᠲᠠᠯ᠎ᠠ ᠶᠢᠨ ᠡᠯᠳᠡᠪ ᠬᠤᠶᠠᠷ ᠢᠶᠠᠷ ᠪᠠᠶᠠᠯᠢᠭ ᠢ ᠨᠠᠷᠢᠨ ᠨᠢᠮᠪᠠᠢ ᠡᠮᠬᠢᠯᠡᠨ ᠨᠡᠶᠢᠯᠡᠭᠦᠯᠵᠣ᠂ ᠥᠨᠳᠥᠰᠥᠳᠡᠨ ᠨᠦᠭᠦᠳ ᠤᠨ ︽ᠰᠣᠯᠢᠯᠴᠠᠭ᠎ᠠ︾ ︽ᠠᠭᠤᠰᠣᠯᠴᠠᠬᠤ︾ ︽ᠬᠠᠮᠳᠣ ᠪᠠᠷ ᠡᠳ᠋ᠯᠡᠬᠦ︾᠎ ᠪᠠᠷ ᠭᠤᠣᠯ ᠴᠣᠭᠴᠨ ᠪᠣᠯᠭᠠᠵᠣ᠂ ᠣᠯᠠᠨ ᠡᠰᠢᠳᠣ ᠲᠠᠪᠴᠠᠩ ᠢ ᠪᠠᠶᠢᠭᠤᠯᠪᠠ᠃ ᠨᠠᠮ ᠪᠠ ᠣᠯᠠᠨ ᠲᠥᠮᠡᠨ ᠤ ᠥᠢᠯᠡᠴᠢᠯᠡᠭᠡᠨ ᠤ ᠲᠥᠪ ᠲᠤ ᠥᠨᠳᠥᠰᠥᠳᠡᠨ ᠤ ᠣᠯᠠᠭ᠎ᠠ ᠥᠷᠳᠡᠭᠡ᠂ ᠥᠨᠳᠥᠰᠥᠳᠡᠨ ᠤ ᠭᠤᠳᠣᠮ᠂ ᠥᠨᠳᠥᠰᠥᠳᠡᠨ ᠤ ᠥᠵᠡᠬᠦᠯᠥᠯᠭᠡ ᠶᠢᠨ ᠲᠣᠭᠤᠷᠢᠭ᠂ ᠥᠨᠳᠥᠰᠥᠳᠡᠨ ᠤ ᠨᠣᠮ ᠣᠩᠰᠢᠬᠤ ᠪᠣᠯᠣᠩ ᠵᠡᠷᠭᠡ ᠠᠵᠢᠯᠯᠠᠭᠠᠨ ᠤ ᠲᠠᠯᠠᠪᠣᠷ ᠢ ᠪᠠᠶᠢᠭᠤᠯᠵᠣ᠂ ᠥᠨᠳᠥᠰᠥᠳᠡᠨ ᠤ ᠵᠢᠷᠤᠭ ᠪᠢᠴᠢᠯᠭᠡ ᠶᠢᠨ ᠪᠥᠳᠥᠭᠡᠯ ᠢ ᠵᠣᠬᠢᠶᠠᠨ ᠪᠥᠳᠥᠭᠡᠬᠦ᠂ ᠥᠨᠳᠥᠰᠥᠳᠡᠨ ᠤ ᠪᠥᠵᠢᠭ ᠢ ᠨᠠᠶᠢᠷᠠᠭᠯᠣᠯᠣᠨ ᠵᠢᠭᠰᠠᠭᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠬᠦᠯᠥᠨ᠂ ᠡᠯ᠎ᠡ ᠥᠨᠳᠥᠰᠥᠳᠡᠨ ᠤ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠲᠡᠬᠡᠭᠰᠢᠯᠡᠬᠦᠯᠵᠣ᠂ ᠬᠠᠮᠳᠣ ᠰᠠᠭᠤᠷᠢᠰᠢᠬᠤ᠂ ᠬᠠᠮᠳᠣ ᠰᠣᠷᠣᠯᠴᠠᠬᠤ᠂ ᠬᠠᠮᠳᠣ ᠠᠵᠢᠯᠯᠠᠬᠤ᠂ ᠬᠠᠮᠳᠣ ᠴᠡᠩᠭᠡᠯᠳᠣᠬᠦ ᠥᠨᠳᠥᠰᠥᠳᠡᠨ ᠤ ᠪᠥᠯᠬᠦᠮᠳᠡᠯ ᠤᠨ ᠠᠭᠤᠷ ᠠᠮᠢᠰᠬᠤᠯ ᠢ ᠪᠣᠢ ᠪᠣᠯᠭᠠᠪᠠ᠃      ᠭᠤᠷᠪᠠ᠂ ᠲᠣᠣᠷᠵᠢᠯᠳᠠ ᠶᠢᠨ ᠲᠠᠪᠠᠭᠤᠯᠢᠭ ᠢ ᠪᠠᠳᠠᠷᠠᠭᠤᠯᠵᠣ᠂ ᠥᠢᠯᠡᠴᠢᠯᠡᠭᠡ ᠪᠠᠷ ᠠᠷᠠᠳ ᠤᠨ ᠰᠡᠳᠬᠢᠯ ᠢ ᠲᠣᠳᠣᠨᠣᠴᠢᠯᠠᠪᠠ᠃ ᠬᠠᠷᠢᠶ᠎ᠠ ᠣᠷᠣᠨ ‍ᠤ‌ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠲᠤ ᠣᠨᠢᠨ ᠲᠡᠭᠡᠷ᠎ᠡ ᠨᠢ ᠥᠢᠯᠡᠴᠢᠯᠡᠬᠦ ᠶᠢᠨ ᠲᠥᠯᠥᠭᠡ᠂ ᠲᠣᠣᠷᠵᠢᠯᠳᠠ ᠶᠢᠨ ᠠᠵᠢᠯ ᠤᠨ ᠲᠣᠭᠳᠠᠴᠨ ᠳᠤ ᠲᠥᠰᠢᠭᠯᠡᠨ᠂ ᠰᠠᠭᠤᠭᠠᠯᠢ ᠠᠷᠠᠳ ᠤᠨ ᠪᠣᠳᠠᠳᠠᠢ ᠪᠠᠶᠢᠳᠠᠯ ᠢ ᠥᠨᠳᠥᠰᠥᠯᠡᠨ ︽ᠲᠣᠯᠣᠭᠠᠨ ᠥᠩᠭᠡ ᠶᠢᠨ ᠡᠷᠥᠭᠡ ᠶᠢᠨ ᠺᠠᠷᠲ︾᠎ ᠢ ᠲᠣᠭᠳᠠᠭᠠᠵᠣ᠂ ᠰᠠᠭᠤᠭᠠᠯᠢ ᠠᠷᠠᠳ ᠤᠨ ᠮᠡᠳᠡᠭᠡ ᠵᠠᠩᠬᠢ ᠶᠢᠨ ︽ᠨᠢᠬᠡ ᠲᠡᠪᠳᠡᠷ ᠢᠶᠠᠷ ᠨᠡᠪᠳᠡᠷᠡᠬᠦᠯᠬᠦ︾᠎ ᠶᠢ ᠪᠠᠶᠠᠯᠡᠭᠦᠯᠪᠠ᠃ ︽ᠭᠤᠷᠪᠠᠨ ᠲᠥᠷᠥᠯ ᠤᠨ ᠨᠠᠷᠢᠨ ᠲᠠᠩᠰᠠ︾᠎ ᠶᠢ ᠵᠣᠯᠭᠠᠭᠤᠯᠬᠤ ᠬᠤᠷᠠᠯ ᠢ ᠥᠷᠨᠢᠬᠦᠯᠵᠣ᠂ ᠨᠠᠮ ᠤᠨ ᠪᠠᠶᠢᠭᠤᠯᠣᠯᠳᠠ ᠶᠢᠨ ︽ᠪᠢᠴᠢᠯ ᠪᠣᠳᠠᠳᠣ ᠶᠠᠪᠣᠳᠠᠯ︾᠎ ᠤᠨ ᠲᠥᠷᠥᠯ ᠵᠥᠢᠯ ᠪᠠ ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠤᠨ ᠲᠥᠷᠥᠯ ᠵᠥᠢᠯ ᠢ ᠬᠡᠷᠡᠭᠵᠢᠬᠦᠯᠥᠨ᠂ ᠨᠡᠶᠢᠭᠡᠮ ᠲᠣᠭᠤᠷᠢᠭ ᠤᠨ ᠲᠣᠳᠣᠷᠠᠬᠢ ᠥᠨᠳᠥᠰᠥᠳᠡᠨ ᠨᠦᠭᠦᠳ ᠤᠨ ᠣᠯᠠᠨ ᠲᠥᠮᠡᠨ ᠤ ︽ᠥᠳᠡᠬᠦᠰ ᠢᠳᠡᠷᠴᠣᠳ ᠵᠠᠯᠠᠭᠤᠴᠣᠳ︾ ᠭᠤᠷᠪᠠᠨ ᠥᠶ᠎ᠡ ᠤᠨ ᠬᠥᠮᠥᠰ ᠲᠤ ᠲᠡᠰ ᠲᠥᠷᠥᠯ ᠬᠤᠪᠢᠶᠠᠨ ᠥᠢᠯᠡᠴᠢᠯᠡᠬᠦ ᠶᠢ ᠥᠷᠨᠢᠬᠦᠯᠥᠨ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠴᠠᠭ ᠲᠣᠬᠠᠢ ᠳᠤᠨᠢ ᠡᠵᠡᠮᠰᠢᠨ᠂ ᠥᠨᠡᠨᠬᠦ ᠬᠠᠪᠰᠣᠷᠣᠨ ᠵᠥᠷᠢᠴᠡᠯ ᠢ ᠰᠢᠢᠳᠪᠣᠷᠢᠯᠠᠵᠣ᠂ ᠪᠣᠳᠠᠳᠠᠢ ᠭᠥᠴᠢᠷᠳᠡᠯ ᠪᠠ ᠠᠰᠠᠭᠤᠳᠠᠯ ᠶᠢ ᠰᠢᠢᠳᠪᠣᠷᠢᠯᠠᠵᠣ᠂ ᠬᠠᠷᠢᠶ᠎ᠠ ᠣᠷᠣᠨ ᠤ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠤᠨ ᠭᠥᠷᠳᠡᠮᠵᠢ ᠶᠢᠨ ᠲᠥᠷᠥᠭᠳᠡᠯ᠂ ᠵᠣᠯ ᠵᠢᠷᠭᠠᠯᠳᠣ ᠲᠥᠷᠥᠭᠳᠡᠯ ᠪᠠ ᠠᠮᠣᠷ ᠲᠥᠪᠰᠢᠨ ᠤ ᠲᠥᠷᠥᠭᠳᠡᠯ ᠢ ᠲᠡᠬᠡᠭᠰᠢᠯᠡᠬᠦᠯᠪᠡ᠃       ᠲᠥᠷᠪᠠ᠂ ᠥᠨᠳᠥᠰᠥᠳᠡᠨ ᠤ ᠲᠥᠷᠣ ᠶᠢᠨ ᠪᠣᠳᠣᠯᠭ᠎ᠠ ᠶᠢ ᠣᠬᠠᠭᠤᠯᠵᠣ᠂ ᠭᠥᠮᠥᠵᠢᠯ ᠢᠶᠠᠷ ᠰᠡᠳᠬᠢᠯ ᠢ ᠨᠢᠬᠡᠳᠭᠡᠪᠠ᠃ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠎ ᠲᠠᠢ ᠨᠢᠭᠳᠠ ᠣᠶᠠᠯᠳᠣᠭᠤᠯᠣᠨ ︽ᠰᠥᠯᠵᠢᠶᠡᠨ ᠲᠡᠭᠡᠷ᠎ᠡ + ᠰᠥᠯᠵᠢᠶᠡᠨ ᠭᠠᠳᠠᠨ᠎ᠠ︾᠎ ᠶᠢᠨ ᠣᠬᠠᠭᠤᠯᠭ᠎ᠠ ᠶᠢᠨ ᠵᠠᠭᠪᠣᠷ ᠢ ᠭᠥᠢᠴᠡᠳ ᠠᠰᠢᠭᠯᠠᠨ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠪᠠ ᠥᠨᠳᠥᠰᠥᠳᠡᠨ ᠤ ᠬᠠᠣᠯᠢ ᠴᠠᠭᠠᠵᠠ ᠬᠠᠣᠯᠢ ᠲᠣᠭᠳᠠᠭᠠᠯ ᠤᠨ ᠮᠡᠳᠡᠯᠭᠡ ᠶᠢᠨ ᠣᠬᠠᠭᠤᠯᠭ᠎ᠠ ᠬᠥᠮᠥᠵᠢᠯ ᠢ ᠥᠷᠨᠢᠬᠦᠯᠪᠠ᠃ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠣ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠬᠤ︾ ᠲᠣᠰᠬᠠᠢ ᠰᠡᠳᠣᠪᠳᠣ ᠰᠣᠷᠣᠯᠴᠠᠯᠭ᠎ᠠ ᠶᠢ ᠥᠷᠨᠢᠬᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠬᠥᠮᠥᠵᠢᠯ ᠢ ᠬᠥᠨᠵᠡᠭᠡᠶᠢᠷᠡᠬᠦᠯᠥᠨ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠢ ᠠᠨᠠᠷ ᠤᠨ ᠥᠷ᠎ᠡ ᠰᠢᠭ ᠨᠢᠭᠳᠠᠷᠠᠨ ᠪᠥᠯᠬᠦᠮᠳᠡᠭᠦᠯᠵᠣ᠂ ᠵᠣᠯ ᠵᠢᠷᠭᠠᠯᠳᠣ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠢᠶᠠᠨ ᠬᠠᠮᠳᠣ ᠎ ᠪᠠᠷ ᠴᠣᠭᠴᠠᠯᠠᠵᠣ᠂ ᠬᠠᠮᠳᠣ ᠪᠠᠷ ᠡᠳ᠋ᠯᠡᠬᠦ ᠶᠢ ᠭᠥᠳᠥᠯᠥᠨ ᠲᠠᠭᠠᠭᠤᠯᠪᠠ᠃      ᠲᠠᠪᠤ᠂ ᠰᠠᠶᠢᠨ ᠲᠣᠷᠠᠴᠣᠣᠯ ᠤᠨ ᠠᠵᠢᠯᠯᠠᠭ᠎ᠠ ᠶᠢ ᠥᠷᠨᠢᠬᠦᠯᠵᠣ᠂ ᠬᠠᠪᠰᠣᠷᠣᠨ ᠲᠡᠳᠭᠦᠵᠣ ᠬᠠᠶᠢᠷ᠎ᠠ ᠶᠢᠨ ᠰᠡᠳᠬᠢᠯ ᠢᠶᠠᠨ ᠬᠠᠨᠳᠢᠪᠯᠡᠪᠠ᠃ ᠨᠠᠮ ᠤᠨ ᠬᠠᠶᠢᠷ᠎ᠠ ᠬᠠᠯᠠᠮᠵᠢ ᠶᠢ ᠲᠥᠭ ᠲᠥᠮᠡᠨ ᠠᠶᠢᠯ ᠡᠷᠣᠭᠡ ᠳᠤ ᠭᠥᠷᠭᠡᠬᠦ ᠶᠢ ᠢᠮᠠᠭᠳᠠ ᠪᠠᠷᠢᠮᠳᠠᠯᠠᠵᠣ᠂ ᠰᠠᠶᠢᠨ ᠲᠣᠷᠠᠴᠣᠣᠯ ᠤᠨ ᠥᠢᠯᠡᠴᠢᠯᠡᠭᠡ ᠪᠠᠷ ᠲᠠᠪᠴᠡᠩ ᠪᠣᠯᠭᠠᠵᠣ᠂ ᠣᠷᠢᠳ ᠬᠤᠵᠢᠳ ︽ᠲᠣᠯᠣᠭᠠᠨ ᠥᠩᠭᠡ ᠶᠢᠨ ᠭᠡᠷᠡᠯ︾ ︽ᠲᠠᠪᠣᠨ ᠥᠩᠭᠡ︾᠎ ᠶᠢᠨ ᠰᠠᠶᠢᠨ ᠲᠣᠷᠠᠴᠣᠣᠯ ᠤᠨ ᠥᠢᠯᠡᠴᠢᠯᠡᠭᠡᠨ ᠤ ᠠᠩᠬᠢ ᠶᠢ ᠪᠠᠶᠢᠭᠤᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠲᠤ ᠥᠨᠡᠨᠬᠦ ᠪᠣᠳᠠᠳᠣ ᠶᠠᠪᠣᠳᠠᠯ᠂ ᠰᠠᠶᠢᠨ ᠶᠠᠪᠣᠳᠠᠯ ᠬᠢᠵᠣ ᠥᠭᠪᠡ᠃ ᠣᠯᠠᠨ ᠶᠠᠯᠵᠣ ᠶᠢᠨ ᠠᠵᠢᠯᠯᠠᠭ᠎ᠠ ᠶᠢᠨ ᠠᠷᠭ᠎ᠠ ᠮᠠᠶ᠋ᠢᠭ ᠢᠶᠠᠷ ᠲᠠᠮᠵᠢᠭᠤᠯᠣᠨ᠂ ᠰᠠᠭᠤᠭᠠᠯᠢ ᠠᠷᠠᠳ ᠤᠨ ᠭᠥᠷᠰᠢ ᠵᠡᠷᠭᠡᠯᠡᠳᠡᠭᠡ ᠶᠢᠨ ᠬᠤᠭᠤᠡᠷᠣᠨᠳᠣ ᠪᠠᠨ ᠪᠥᠯᠬᠦᠮᠳᠡᠨ ᠬᠠᠪᠰᠣᠷᠣᠯᠴᠠᠵᠣ᠂ ᠪᠣᠯᠪᠠᠰᠣᠨ ᠡᠶ᠎ᠡ ᠵᠣᠬᠢᠴᠡᠯ ᠲᠠᠢ ᠠᠭᠤᠷ ᠠᠮᠢᠰᠬᠤᠯ ᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠲᠣᠮᠳᠠᠳᠣ ᠶᠢᠨ ᠰᠣᠶᠣᠯ ᠢ ᠮᠠᠳᠠᠷᠡᠬᠦ ᠰᠡᠳᠬᠢᠯᠭᠡ ᠶᠢ ᠲᠡᠬᠡᠭᠰᠢᠯᠡᠬᠦᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠤᠨ ᠠᠮᠢᠰᠬᠤᠭ᠎ᠠ ᠠᠳᠠᠯᠢ᠂ ᠬᠠᠮᠳᠣ ᠶᠢᠨ ᠬᠤᠪᠢ ᠵᠠᠶᠠᠭ᠎ᠠ ᠲᠠᠢ᠂ ᠰᠡᠳᠬᠢᠯ ᠵᠢᠷᠣᠭᠡ ᠪᠠᠨ ᠬᠤᠯᠪᠣᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠨᠠᠮ ᠤᠨ ᠥᠭᠡ ᠶᠢ ᠰᠣᠨᠣᠰᠴᠣ᠂ ᠨᠠᠮ ᠤᠨ ᠠᠴᠢ ᠳᠤ ᠲᠠᠯᠠᠷᠬᠠᠵᠣ᠂ ᠨᠠᠮ ᠢᠶᠠᠨ ᠲᠠᠭᠠᠬᠤ ᠢᠳᠡᠭᠡᠯ ᠪᠠ ᠬᠥᠴᠥᠨ ᠢ ᠨᠢᠭᠳᠠᠷᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号