ᠴᠢᠩᠱᠠᠨ ᠵᠠᠮ ᠤᠨ ᠵᠡᠭᠡᠯᠢ ᠭᠤᠳᠣᠮᠵᠢ ᠶᠢᠨ ᠬᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠠᠯ᠎ᠠ ᠪᠠᠷ ᠬᠥᠨᠵᠡᠭᠡᠢ ᠥᠷᠨᠢᠬᠦᠯᠵᠣ ᠪᠠᠶᠢᠭ᠎ᠠ ᠨᠢ
ᠨᠡᠶᠢᠲᠡᠯᠡᠭᠰᠡᠨ ᠴᠠᠭ᠄
2023/7/17
      ᠣᠶᠢᠷ᠎ᠡ ᠶᠢᠨ ᠵᠢᠯ ᠠᠴᠠ᠂ ᠴᠢᠩᠱᠠᠨ ᠲᠣᠭᠤᠷᠢᠭ ᠤᠨ  ᠴᠢᠩᠱᠠᠨ ᠵᠠᠮ ᠤᠨ ᠵᠡᠭᠡᠯᠢ ᠭᠤᠳᠣᠮᠵᠢ ᠶᠢᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠣ᠂ ︽ᠲᠠᠪᠣᠨ ᠰᠡᠳᠬᠢᠯ︾ ᠤᠨ ᠠᠵᠢᠯ ᠤᠨ ᠠᠷᠭ᠎ᠠ ᠶᠢ ᠰᠥᠪᠡᠭᠴᠢᠯᠡᠨ ᠪᠥᠷᠢᠯᠳᠣᠭᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠠᠯ᠎ᠠ ᠪᠠᠷ ᠬᠥᠨᠵᠡᠭᠡᠢ ᠥᠷᠨᠢᠬᠦᠯᠵᠣ᠂ ᠥᠨᠳᠥᠰᠥᠳᠡᠨ ᠤ ᠪᠥᠯᠬᠦᠮᠳᠡᠯ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠵᠣ᠂ ᠥᠨᠳᠥᠰᠥᠳᠡᠨ ᠤ ᠪᠥᠯᠬᠦᠮᠳᠡᠯ ᠨᠢᠬᠡ ᠭᠡᠷ ᠪᠥᠯᠢ ᠶᠢᠨ ᠭᠥᠮᠥᠰ ᠰᠢᠭ ᠲᠣᠳᠣᠨᠣᠰᠤᠭ ᠭᠦᠨ ᠵᠤᠵᠠᠭᠠᠨ ᠠᠭᠤᠷ ᠠᠮᠢᠰᠬᠤᠯ ᠢ ᠪᠥᠷᠢᠯᠳᠣᠭᠦᠯᠵᠠᠢ᠃        ᠨᠢᠬᠡ᠂ ᠣᠯᠣᠰ ᠲᠥᠷᠣ ᠶᠢᠨ ᠴᠢᠳᠠᠮᠵᠢ ᠶᠢ ᠲᠣᠪᠣᠶᠢᠯᠭᠠᠵᠣ᠂ ᠨᠠᠮ ᠤᠨ ᠪᠠᠶᠢᠭᠤᠯᠣᠯᠳᠠ ᠪᠠᠷ ᠣᠭ ᠰᠠᠨᠠᠭ᠎ᠠ ᠶᠢ  ᠵᠢᠯᠣᠭᠤᠳᠪᠠ᠃ ᠨᠠᠮ ᠤᠨ ᠪᠠᠶᠢᠭᠤᠯᠣᠯᠳᠠ ᠶᠢ ᠠᠯᠢᠪᠠ ᠠᠵᠢᠯ ᠢ ᠠᠬᠢᠭᠤᠯᠬᠤ ᠭᠥᠴᠥᠯᠡᠬᠦ ᠴᠡᠭ ᠪᠠ ᠭᠠᠷᠳᠠᠴᠨ ᠴᠡᠭ ᠪᠣᠯᠭᠠᠬᠤ ᠢ ᠢᠮᠠᠭᠳᠠ ᠪᠠᠷᠢᠮᠳᠠᠯᠠᠵᠣ᠂ ᠨᠠᠮ ᠤᠨ ᠣᠯᠣᠰ ᠲᠥᠷᠣ ᠶᠢᠨ ᠪᠠᠶᠢᠭᠤᠯᠣᠯᠳᠠ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠳᠠᠬᠢ ᠭᠥᠳᠥᠯᠥᠨ ᠵᠢᠯᠣᠭᠤᠳᠬᠤ ᠥᠢᠯᠡᠳᠣᠯ ᠢ ᠪᠠᠳᠠᠷᠠᠭᠤᠯᠵᠣ᠂ ︽ᠨᠠᠮ ᠤᠨ ᠪᠠᠶᠢᠭᠤᠯᠣᠯᠳᠠ+ ᠥᠨᠳᠥᠰᠥᠳᠡᠨ ᠤ ᠪᠥᠯᠬᠦᠮᠳᠡᠯ ᠲᠠᠪᠰᠢᠯᠳᠠ ᠤᠨ ᠡᠭᠦᠳᠥᠨ ᠪᠠᠶᠢᠭᠤᠯᠣᠯᠳᠠ︾ ᠶᠢᠨ ᠠᠵᠢᠯ ᠤᠨ ᠪᠠᠶᠢᠷᠢᠰᠢᠯ ᠢ ᠪᠣᠢ ᠪᠣᠯᠭᠠᠵᠣ᠂ ᠬᠠᠮᠳᠣ ᠪᠠᠷ ᠪᠠᠶᠢᠭᠤᠯᠬᠤ ᠨᠢᠬᠡᠴᠢ ᠲᠠᠢ ᠬᠤᠯᠪᠣᠭᠠᠯᠠᠨ ᠥᠨᠳᠥᠰᠥᠳᠡᠨ ᠤ ᠪᠥᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠬᠦᠯᠪᠠ᠃ ︽ᠨᠢᠬᠡ ᠨᠠᠮ ᠤᠨ ᠡᠭᠦᠷ ᠨᠢᠬᠡ ᠲᠥᠰᠥᠯ︾ ᠢᠶᠠᠷ ᠠᠵᠢᠯᠯᠠᠭ᠎ᠠ ᠶᠢᠨ ᠣᠨᠴᠠᠯᠢᠭ ᠢᠶᠠᠨ ᠪᠣᠯᠭᠠᠵᠣ᠂ ︽ᠨᠢᠬᠡ ᠮᠧᠲᠷ ᠨᠠᠷᠠᠨ ᠭᠡᠷᠡᠯ︾ ᠭᠥᠷᠰᠢ ᠵᠡᠷᠭᠡᠯᠡᠳᠡᠭᠡ ᠶᠢᠨ ᠥᠷᠥᠭᠡ᠂ ᠣᠯᠠᠭᠠᠨ ᠬᠤᠷᠳᠣᠴᠠᠳᠣ ᠣᠯᠠᠭ᠎ᠠ ᠥᠷᠳᠡᠭᠡ᠂ ᠬᠤᠪᠢᠰᠬᠠᠯ ᠤᠨ ᠡᠨᠧᠷᠬᠢ ᠬᠠᠳᠠᠭᠠᠯᠠᠬᠤ ᠥᠷᠳᠡᠭᠡ ᠵᠡᠷᠭᠡ ᠵᠢᠭᠰᠠᠭᠠᠯ ᠤᠨ ᠭᠠᠵᠠᠷ ᠲᠤ ᠲᠥᠰᠢᠭᠯᠡᠨ᠂ ︽ᠲᠥᠷᠪᠠ ᠶᠢ ᠬᠠᠮᠳᠣᠳᠬᠠᠬᠤ︾ ︽ᠲᠠᠪᠣᠨ ᠲᠠᠨᠢᠯᠳᠠ︾ ᠶᠢ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠡᠨ ᠲᠥᠮᠡᠨ ᠤ ᠰᠡᠳᠬᠢᠯ ᠳᠤ ᠥᠨᠳᠥᠰᠥᠯᠡᠭᠦᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠥᠵᠡᠯ ᠰᠠᠨᠠᠭᠠᠨ ᠤ ᠰᠠᠭᠤᠷᠢ ᠶᠢ ᠲᠠᠰᠣᠷᠠᠯᠳᠠ ᠥᠭᠡᠢ ᠪᠠᠬᠢᠵᠢᠭᠦᠯᠪᠠ᠃      ᠬᠤᠶᠠᠷ᠂ ᠵᠢᠭᠰᠠᠭᠠᠯ ᠤᠨ ᠭᠠᠵᠠᠷ ᠤᠨ ᠪᠠᠶᠢᠭᠤᠯᠣᠯᠳᠠ ᠶᠢ ᠴᠢᠩᠭᠠᠳᠬᠠᠵᠣ᠂ ᠲᠠᠪᠴᠠᠩ ᠳᠤ ᠣᠯᠡᠨ ᠤ ᠰᠡᠳᠬᠢᠯ ᠢ ᠨᠢᠭᠳᠠᠷᠠᠭᠤᠯᠪᠠ᠃ ︽ᠣᠯᠠᠭᠠᠨ ᠠᠨᠠᠷ ᠤᠨ ᠭᠡᠷ ᠣᠷᠣᠨ︾ ᠢᠶᠠᠷ ᠠᠴᠢᠶᠠᠯᠠᠪᠣᠷᠢ ᠪᠣᠯᠭᠠᠵᠣ᠂ ᠡᠯ᠎ᠡ ᠲᠠᠯ᠎ᠠ ᠶᠢᠨ ᠡᠯᠳᠡᠪ ᠬᠤᠶᠠᠷ ᠢᠶᠠᠷ ᠪᠠᠶᠠᠯᠢᠭ ᠢ ᠨᠠᠷᠢᠨ ᠨᠢᠮᠪᠠᠢ ᠡᠮᠬᠢᠯᠡᠨ ᠨᠡᠶᠢᠯᠡᠭᠦᠯᠵᠣ᠂ ᠥᠨᠳᠥᠰᠥᠳᠡᠨ ᠨᠦᠭᠦᠳ ᠤᠨ ︽ᠰᠣᠯᠢᠯᠴᠠᠭ᠎ᠠ︾ ︽ᠠᠭᠤᠰᠣᠯᠴᠠᠬᠤ︾ ︽ᠬᠠᠮᠳᠣ ᠪᠠᠷ ᠡᠳ᠋ᠯᠡᠬᠦ︾ ᠪᠠᠷ ᠭᠤᠣᠯ ᠴᠣᠭᠴᠨ ᠪᠣᠯᠭᠠᠵᠣ᠂ ᠣᠯᠠᠨ ᠡᠰᠢᠳᠣ ᠲᠠᠪᠴᠠᠩ ᠢ ᠪᠠᠶᠢᠭᠤᠯᠪᠠ᠃ ᠨᠠᠮ ᠪᠠ ᠣᠯᠠᠨ ᠲᠥᠮᠡᠨ ᠤ ᠥᠢᠯᠡᠴᠢᠯᠡᠭᠡᠨ ᠤ ᠲᠥᠪ ᠲᠤ ᠥᠨᠳᠥᠰᠥᠳᠡᠨ ᠤ ᠣᠯᠠᠭ᠎ᠠ ᠥᠷᠳᠡᠭᠡ᠂ ᠥᠨᠳᠥᠰᠥᠳᠡᠨ ᠤ ᠭᠤᠳᠣᠮ᠂ ᠥᠨᠳᠥᠰᠥᠳᠡᠨ ᠤ ᠥᠵᠡᠬᠦᠯᠥᠯᠭᠡ ᠶᠢᠨ ᠲᠣᠭᠤᠷᠢᠭ᠂ ᠥᠨᠳᠥᠰᠥᠳᠡᠨ ᠤ ᠨᠣᠮ ᠣᠩᠰᠢᠬᠤ ᠪᠣᠯᠣᠩ ᠵᠡᠷᠭᠡ ᠠᠵᠢᠯᠯᠠᠭᠠᠨ ᠤ ᠲᠠᠯᠠᠪᠣᠷ ᠢ ᠪᠠᠶᠢᠭᠤᠯᠵᠣ᠂ ᠥᠨᠳᠥᠰᠥᠳᠡᠨ ᠤ ᠵᠢᠷᠤᠭ ᠪᠢᠴᠢᠯᠭᠡ ᠶᠢᠨ ᠪᠥᠳᠥᠭᠡᠯ ᠢ ᠵᠣᠬᠢᠶᠠᠨ ᠪᠥᠳᠥᠭᠡᠬᠦ᠂ ᠥᠨᠳᠥᠰᠥᠳᠡᠨ ᠤ ᠪᠥᠵᠢᠭ ᠢ ᠨᠠᠶᠢᠷᠠᠭᠯᠣᠯᠣᠨ ᠵᠢᠭᠰᠠᠭᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠬᠦᠯᠥᠨ᠂ ᠡᠯ᠎ᠡ ᠥᠨᠳᠥᠰᠥᠳᠡᠨ ᠤ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠲᠡᠬᠡᠭᠰᠢᠯᠡᠬᠦᠯᠵᠣ᠂ ᠬᠠᠮᠳᠣ ᠰᠠᠭᠤᠷᠢᠰᠢᠬᠤ᠂ ᠬᠠᠮᠳᠣ ᠰᠣᠷᠣᠯᠴᠠᠬᠤ᠂ ᠬᠠᠮᠳᠣ ᠠᠵᠢᠯᠯᠠᠬᠤ᠂ ᠬᠠᠮᠳᠣ ᠴᠡᠩᠭᠡᠯᠳᠣᠬᠦ ᠥᠨᠳᠥᠰᠥᠳᠡᠨ ᠤ ᠪᠥᠯᠬᠦᠮᠳᠡᠯ ᠤᠨ ᠠᠭᠤᠷ ᠠᠮᠢᠰᠬᠤᠯ ᠢ ᠪᠣᠢ ᠪᠣᠯᠭᠠᠪᠠ᠃      ᠭᠤᠷᠪᠠ᠂ ᠲᠣᠣᠷᠵᠢᠯᠳᠠ ᠶᠢᠨ ᠲᠠᠪᠠᠭᠤᠯᠢᠭ ᠢ ᠪᠠᠳᠠᠷᠠᠭᠤᠯᠵᠣ᠂ ᠥᠢᠯᠡᠴᠢᠯᠡᠭᠡ ᠪᠠᠷ ᠠᠷᠠᠳ ᠤᠨ ᠰᠡᠳᠬᠢᠯ ᠢ ᠲᠣᠳᠣᠨᠣᠴᠢᠯᠠᠪᠠ᠃ ᠬᠠᠷᠢᠶ᠎ᠠ ᠣᠷᠣᠨ ‍ᠤ‌ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠲᠤ ᠣᠨᠢᠨ ᠲᠡᠭᠡᠷ᠎ᠡ ᠨᠢ ᠥᠢᠯᠡᠴᠢᠯᠡᠬᠦ ᠶᠢᠨ ᠲᠥᠯᠥᠭᠡ᠂ ᠲᠣᠣᠷᠵᠢᠯᠳᠠ ᠶᠢᠨ ᠠᠵᠢᠯ ᠤᠨ ᠲᠣᠭᠳᠠᠴᠨ ᠳᠤ ᠲᠥᠰᠢᠭᠯᠡᠨ᠂ ᠰᠠᠭᠤᠭᠠᠯᠢ ᠠᠷᠠᠳ ᠤᠨ ᠪᠣᠳᠠᠳᠠᠢ ᠪᠠᠶᠢᠳᠠᠯ ᠢ ᠥᠨᠳᠥᠰᠥᠯᠡᠨ ︽ᠲᠣᠯᠣᠭᠠᠨ ᠥᠩᠭᠡ ᠶᠢᠨ ᠡᠷᠥᠭᠡ ᠶᠢᠨ ᠺᠠᠷᠲ︾ ᠢ ᠲᠣᠭᠳᠠᠭᠠᠵᠣ᠂ ᠰᠠᠭᠤᠭᠠᠯᠢ ᠠᠷᠠᠳ ᠤᠨ ᠮᠡᠳᠡᠭᠡ ᠵᠠᠩᠬᠢ ᠶᠢᠨ ︽ᠨᠢᠬᠡ ᠲᠡᠪᠳᠡᠷ ᠢᠶᠠᠷ ᠨᠡᠪᠳᠡᠷᠡᠬᠦᠯᠬᠦ︾ ᠶᠢ ᠪᠠᠶᠠᠯᠡᠭᠦᠯᠪᠠ᠃ ︽ᠭᠤᠷᠪᠠᠨ ᠲᠥᠷᠥᠯ ᠤᠨ ᠨᠠᠷᠢᠨ ᠲᠠᠩᠰᠠ︾ ᠶᠢ ᠵᠣᠯᠭᠠᠭᠤᠯᠬᠤ ᠬᠤᠷᠠᠯ ᠢ ᠥᠷᠨᠢᠬᠦᠯᠵᠣ᠂ ᠨᠠᠮ ᠤᠨ ᠪᠠᠶᠢᠭᠤᠯᠣᠯᠳᠠ ᠶᠢᠨ ︽ᠪᠢᠴᠢᠯ ᠪᠣᠳᠠᠳᠣ ᠶᠠᠪᠣᠳᠠᠯ︾ ᠤᠨ ᠲᠥᠷᠥᠯ ᠵᠥᠢᠯ ᠪᠠ ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠤᠨ ᠲᠥᠷᠥᠯ ᠵᠥᠢᠯ ᠢ ᠬᠡᠷᠡᠭᠵᠢᠬᠦᠯᠥᠨ᠂ ᠨᠡᠶᠢᠭᠡᠮ ᠲᠣᠭᠤᠷᠢᠭ ᠤᠨ ᠲᠣᠳᠣᠷᠠᠬᠢ ᠥᠨᠳᠥᠰᠥᠳᠡᠨ ᠨᠦᠭᠦᠳ ᠤᠨ ᠣᠯᠠᠨ ᠲᠥᠮᠡᠨ ᠤ ︽ᠥᠳᠡᠬᠦᠰ ᠢᠳᠡᠷᠴᠣᠳ ᠵᠠᠯᠠᠭᠤᠴᠣᠳ︾ ᠭᠤᠷᠪᠠᠨ ᠥᠶ᠎ᠡ ᠤᠨ ᠬᠥᠮᠥᠰ ᠲᠤ ᠲᠡᠰ ᠲᠥᠷᠥᠯ ᠬᠤᠪᠢᠶᠠᠨ ᠥᠢᠯᠡᠴᠢᠯᠡᠬᠦ ᠶᠢ ᠥᠷᠨᠢᠬᠦᠯᠥᠨ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠴᠠᠭ ᠲᠣᠬᠠᠢ ᠳᠤᠨᠢ ᠡᠵᠡᠮᠰᠢᠨ᠂ ᠥᠨᠡᠨᠬᠦ ᠬᠠᠪᠰᠣᠷᠣᠨ ᠵᠥᠷᠢᠴᠡᠯ ᠢ ᠰᠢᠢᠳᠪᠣᠷᠢᠯᠠᠵᠣ᠂ ᠪᠣᠳᠠᠳᠠᠢ ᠭᠥᠴᠢᠷᠳᠡᠯ ᠪᠠ ᠠᠰᠠᠭᠤᠳᠠᠯ ᠶᠢ ᠰᠢᠢᠳᠪᠣᠷᠢᠯᠠᠵᠣ᠂ ᠬᠠᠷᠢᠶ᠎ᠠ ᠣᠷᠣᠨ ᠤ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠤᠨ ᠭᠥᠷᠳᠡᠮᠵᠢ ᠶᠢᠨ ᠲᠥᠷᠥᠭᠳᠡᠯ᠂ ᠵᠣᠯ ᠵᠢᠷᠭᠠᠯᠳᠣ ᠲᠥᠷᠥᠭᠳᠡᠯ ᠪᠠ ᠠᠮᠣᠷ ᠲᠥᠪᠰᠢᠨ ᠤ ᠲᠥᠷᠥᠭᠳᠡᠯ ᠢ ᠲᠡᠬᠡᠭᠰᠢᠯᠡᠬᠦᠯᠪᠡ᠃       ᠲᠥᠷᠪᠠ᠂ ᠥᠨᠳᠥᠰᠥᠳᠡᠨ ᠤ ᠲᠥᠷᠣ ᠶᠢᠨ ᠪᠣᠳᠣᠯᠭ᠎ᠠ ᠶᠢ ᠣᠬᠠᠭᠤᠯᠵᠣ᠂ ᠭᠥᠮᠥᠵᠢᠯ ᠢᠶᠠᠷ ᠰᠡᠳᠬᠢᠯ ᠢ ᠨᠢᠬᠡᠳᠭᠡᠪᠠ᠃ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ  ᠲᠠᠢ ᠨᠢᠭᠳᠠ ᠣᠶᠠᠯᠳᠣᠭᠤᠯᠣᠨ ︽ᠰᠥᠯᠵᠢᠶᠡᠨ ᠲᠡᠭᠡᠷ᠎ᠡ + ᠰᠥᠯᠵᠢᠶᠡᠨ ᠭᠠᠳᠠᠨ᠎ᠠ︾ ᠶᠢᠨ ᠣᠬᠠᠭᠤᠯᠭ᠎ᠠ ᠶᠢᠨ ᠵᠠᠭᠪᠣᠷ ᠢ ᠭᠥᠢᠴᠡᠳ ᠠᠰᠢᠭᠯᠠᠨ᠂ ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠪᠠ ᠥᠨᠳᠥᠰᠥᠳᠡᠨ ᠤ ᠬᠠᠣᠯᠢ ᠴᠠᠭᠠᠵᠠ ᠬᠠᠣᠯᠢ ᠲᠣᠭᠳᠠᠭᠠᠯ ᠤᠨ ᠮᠡᠳᠡᠯᠭᠡ ᠶᠢᠨ ᠣᠬᠠᠭᠤᠯᠭ᠎ᠠ ᠬᠥᠮᠥᠵᠢᠯ ᠢ ᠥᠷᠨᠢᠬᠦᠯᠪᠠ᠃ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠣ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠪᠠᠳᠣᠳᠬᠠᠬᠤ︾ ᠲᠣᠰᠬᠠᠢ ᠰᠡᠳᠣᠪᠳᠣ ᠰᠣᠷᠣᠯᠴᠠᠯᠭ᠎ᠠ ᠶᠢ ᠥᠷᠨᠢᠬᠦᠯᠵᠣ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠬᠥᠮᠥᠵᠢᠯ ᠢ ᠬᠥᠨᠵᠡᠭᠡᠶᠢᠷᠡᠬᠦᠯᠥᠨ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠤ ᠣᠬᠠᠮᠰᠠᠷ ᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠢ ᠠᠨᠠᠷ ᠤᠨ ᠥᠷ᠎ᠡ ᠰᠢᠭ ᠨᠢᠭᠳᠠᠷᠠᠨ ᠪᠥᠯᠬᠦᠮᠳᠡᠭᠦᠯᠵᠣ᠂ ᠵᠣᠯ ᠵᠢᠷᠭᠠᠯᠳᠣ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠢᠶᠠᠨ ᠬᠠᠮᠳᠣ  ᠪᠠᠷ ᠴᠣᠭᠴᠠᠯᠠᠵᠣ᠂ ᠬᠠᠮᠳᠣ ᠪᠠᠷ ᠡᠳ᠋ᠯᠡᠬᠦ ᠶᠢ ᠭᠥᠳᠥᠯᠥᠨ ᠲᠠᠭᠠᠭᠤᠯᠪᠠ᠃      ᠲᠠᠪᠤ᠂ ᠰᠠᠶᠢᠨ ᠲᠣᠷᠠᠴᠣᠣᠯ ᠤᠨ ᠠᠵᠢᠯᠯᠠᠭ᠎ᠠ ᠶᠢ ᠥᠷᠨᠢᠬᠦᠯᠵᠣ᠂ ᠬᠠᠪᠰᠣᠷᠣᠨ ᠲᠡᠳᠭᠦᠵᠣ ᠬᠠᠶᠢᠷ᠎ᠠ ᠶᠢᠨ ᠰᠡᠳᠬᠢᠯ ᠢᠶᠠᠨ ᠬᠠᠨᠳᠢᠪᠯᠡᠪᠠ᠃ ᠨᠠᠮ ᠤᠨ ᠬᠠᠶᠢᠷ᠎ᠠ ᠬᠠᠯᠠᠮᠵᠢ ᠶᠢ ᠲᠥᠭ ᠲᠥᠮᠡᠨ ᠠᠶᠢᠯ ᠡᠷᠣᠭᠡ ᠳᠤ ᠭᠥᠷᠭᠡᠬᠦ ᠶᠢ ᠢᠮᠠᠭᠳᠠ ᠪᠠᠷᠢᠮᠳᠠᠯᠠᠵᠣ᠂ ᠰᠠᠶᠢᠨ ᠲᠣᠷᠠᠴᠣᠣᠯ ᠤᠨ ᠥᠢᠯᠡᠴᠢᠯᠡᠭᠡ ᠪᠠᠷ ᠲᠠᠪᠴᠡᠩ ᠪᠣᠯᠭᠠᠵᠣ᠂ ᠣᠷᠢᠳ ᠬᠤᠵᠢᠳ ︽ᠲᠣᠯᠣᠭᠠᠨ ᠥᠩᠭᠡ ᠶᠢᠨ ᠭᠡᠷᠡᠯ︾ ︽ᠲᠠᠪᠣᠨ ᠥᠩᠭᠡ︾ ᠶᠢᠨ ᠰᠠᠶᠢᠨ ᠲᠣᠷᠠᠴᠣᠣᠯ ᠤᠨ ᠥᠢᠯᠡᠴᠢᠯᠡᠭᠡᠨ ᠤ ᠠᠩᠬᠢ ᠶᠢ ᠪᠠᠶᠢᠭᠤᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠲᠤ ᠥᠨᠡᠨᠬᠦ ᠪᠣᠳᠠᠳᠣ ᠶᠠᠪᠣᠳᠠᠯ᠂ ᠰᠠᠶᠢᠨ ᠶᠠᠪᠣᠳᠠᠯ ᠬᠢᠵᠣ ᠥᠭᠪᠡ᠃ ᠣᠯᠠᠨ ᠶᠠᠯᠵᠣ ᠶᠢᠨ ᠠᠵᠢᠯᠯᠠᠭ᠎ᠠ ᠶᠢᠨ ᠠᠷᠭ᠎ᠠ ᠮᠠᠶ᠋ᠢᠭ ᠢᠶᠠᠷ ᠲᠠᠮᠵᠢᠭᠤᠯᠣᠨ᠂ ᠰᠠᠭᠤᠭᠠᠯᠢ ᠠᠷᠠᠳ ᠤᠨ ᠭᠥᠷᠰᠢ ᠵᠡᠷᠭᠡᠯᠡᠳᠡᠭᠡ ᠶᠢᠨ ᠬᠤᠭᠤᠡᠷᠣᠨᠳᠣ ᠪᠠᠨ ᠪᠥᠯᠬᠦᠮᠳᠡᠨ ᠬᠠᠪᠰᠣᠷᠣᠯᠴᠠᠵᠣ᠂ ᠪᠣᠯᠪᠠᠰᠣᠨ ᠡᠶ᠎ᠡ ᠵᠣᠬᠢᠴᠡᠯ ᠲᠠᠢ ᠠᠭᠤᠷ ᠠᠮᠢᠰᠬᠤᠯ ᠢ ᠪᠣᠢ ᠪᠣᠯᠭᠠᠵᠣ᠂ ᠥᠨᠳᠥᠰᠥᠳᠡᠨ ᠨᠦᠭᠦᠳ ᠤᠨ ᠲᠣᠮᠳᠠᠳᠣ ᠶᠢᠨ ᠰᠣᠶᠣᠯ ᠢ ᠮᠠᠳᠠᠷᠡᠬᠦ ᠰᠡᠳᠬᠢᠯᠭᠡ ᠶᠢ ᠲᠡᠬᠡᠭᠰᠢᠯᠡᠬᠦᠯᠵᠣ᠂ ᠥᠨᠳᠥᠰᠥᠳᠡᠨ ᠨᠦᠭᠦᠳ ᠤᠨ ᠰᠠᠭᠤᠭᠠᠯᠢ ᠠᠷᠠᠳ ᠤᠨ ᠠᠮᠢᠰᠬᠤᠭ᠎ᠠ ᠠᠳᠠᠯᠢ᠂ ᠬᠠᠮᠳᠣ ᠶᠢᠨ ᠬᠤᠪᠢ ᠵᠠᠶᠠᠭ᠎ᠠ ᠲᠠᠢ᠂ ᠰᠡᠳᠬᠢᠯ ᠵᠢᠷᠣᠭᠡ ᠪᠠᠨ ᠬᠤᠯᠪᠣᠵᠣ᠂ ᠥᠨᠳᠥᠰᠥᠳᠡᠨ ᠨᠦᠭᠦᠳ ᠤᠨ ᠣᠯᠡᠨ ᠲᠥᠮᠡᠨ ᠤ ᠨᠠᠮ ᠤᠨ ᠥᠭᠡ ᠶᠢ ᠰᠣᠨᠣᠰᠴᠣ᠂ ᠨᠠᠮ ᠤᠨ ᠠᠴᠢ ᠳᠤ ᠲᠠᠯᠠᠷᠬᠠᠵᠣ᠂ ᠨᠠᠮ ᠢᠶᠠᠨ ᠲᠠᠭᠠᠬᠤ ᠢᠳᠡᠭᠡᠯ ᠪᠠ ᠬᠥᠴᠥᠨ ᠢ ᠨᠢᠭᠳᠠᠷᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号