ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠠᠩᠬᠠᠳᠠᠭᠴᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ  ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠵᠢᠩᠬᠢᠨᠢ ᠪᠠᠷ ᠫᠠᠶᠢᠰᠠ ᠡᠯᠭᠦᠵᠦ ᠠᠵᠢᠯᠯᠠᠭᠤᠯᠪᠠ
ᠨᠡᠶᠢᠲᠡᠯᠡᠭᠰᠡᠨ ᠴᠠᠭ᠄
2023/7/17
480X326.jpg
       7 ᠰᠠᠷ᠎ᠠ ᠶᠢᠨ 12  ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠠᠩᠬᠠᠳᠠᠭᠴᠢ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ  ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠴᠢᠩᠱᠠᠨ ᠲᠣᠭᠤᠷᠢᠭ ᠤᠨ ᠬᠤᠳᠠ ᠶᠢᠨ ᠠᠷᠠᠳ ᠤᠨ ᠶᠡᠭᠡ ᠲᠢᠩᠬᠢᠮ ᠤᠨ C ᠰᠠᠭᠤᠳᠠᠯ ᠳᠤ ᠵᠢᠩᠬᠢᠨᠢ ᠪᠠᠷ ᠫᠠᠶᠢᠰᠠ ᠡᠯᠭᠦᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ᠂ ᠴᠢᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠬᠤᠷᠢᠶ᠎ᠠ ᠰᠢᠭᠦᠬᠦ ᠬᠤᠷᠢᠶᠠᠨ ᠤ ᠬᠠᠮᠢᠶ᠎ᠠ ᠪᠦᠬᠦᠢ ᠲᠣᠭᠤᠷᠢᠭ ᠤᠨ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠲᠥᠯᠥᠭᠡᠯᠡᠭᠴᠢ 70 ᠭᠠᠷᠤᠢ ᠬᠥᠮᠥᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠫᠠᠶᠢᠰᠠ ᠡᠯᠬᠦᠬᠦ ᠶᠣᠰᠣᠯᠠᠯ ᠢ ᠡᠷᠭᠢᠯᠡᠪᠡ᠃      ᠫᠠᠶᠢᠰᠠ ᠡᠯᠭᠦᠬᠦ ᠶᠣᠰᠣᠯᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠠᠴᠠ ᠴᠢᠩᠱᠠᠨ ᠲᠣᠭᠤᠷᠢᠭ ᠤᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ  ᠤᠨ ᠬᠠᠮᠢᠶ᠎ᠠ ᠪᠦᠬᠦᠢ ᠪᠠᠶᠢᠳᠠᠯ ᠢ ᠪᠥᠬᠦ ᠲᠠᠯ᠎ᠠ ᠪᠠᠷ ᠲᠠᠨᠢᠯᠴᠠᠭᠤᠯᠪᠠ᠃      ᠳ᠋ᠢᠩ ᠺᠠᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭᠠᠨ ᠤ ᠣᠷᠴᠢᠨ ᠲᠣᠭᠤᠷᠢᠨ ᠳᠤ ᠬᠠᠨᠤᠮᠵᠢᠲᠠᠶ ᠪᠣᠯᠭᠠᠬᠤ ᠶᠢ ᠴᠣᠭᠴᠠᠯᠠᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠲᠦ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ︾ ᠳᠤ ᠰᠠᠭᠤᠷᠢᠯᠠᠨ᠂ ᠦᠢᠯᠡᠴᠢᠯᠡᠭᠡᠨ ᠤ ᠡᠭᠦᠷᠭᠡ ᠴᠢᠳᠠᠪᠤᠷᠢ ᠪᠠ ᠴᠤᠪᠤᠷᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ︽ᠵᠢᠵᠢᠭ ᠴᠤᠩᠬᠤᠪᠴᠢ︾ ᠪᠠᠷ ᠬᠥᠭᠵᠢᠯᠲᠡ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ ᠡᠨᠡ ᠬᠦ ︽ᠲᠣᠮᠣ ᠠᠵᠢᠯ︾ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃      ᠴᠢᠩᠱᠠᠨ ᠲᠣᠭᠤᠷᠢᠭ ᠤᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ  ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠨᠢ ᠴᠢᠩᠱᠠᠨ ᠲᠣᠭᠤᠷᠢᠭ ᠤᠨ ᠬᠤᠳᠠ ᠶᠢᠨ ᠠᠷᠠᠳ ᠤᠨ ᠶᠡᠭᠡ ᠲᠢᠩᠬᠢᠮ ᠤᠨ 2 ᠳ᠋ᠤᠭᠠᠷ ᠠᠰᠠᠷ ᠲᠤ ᠪᠠᠶᠢᠷᠢᠯᠠᠵᠤ᠂ 1500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠣᠶᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠨᠠᠶᠢᠳᠠᠪᠤᠷᠢᠵᠢᠭᠤᠯᠬᠤ ᠶᠢᠨ ︽ᠤᠷᠢᠳᠴᠢᠯᠠᠭᠰᠠᠨ ᠰᠢᠲᠠᠷ᠎ᠠ︾ ᠪᠣᠯᠭᠠᠬᠤ ᠶᠢ ᠪᠠᠷᠢᠮᠲᠠᠯᠠᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ᠂ ᠬᠠᠤᠯᠢ ᠪᠠᠷ ᠵᠠᠰᠠᠬᠤ᠂ ᠠᠵᠤ ᠦᠢᠯᠡᠰ᠂ ᠬᠤᠲᠠ᠂ ᠮᠥᠩᠭᠦᠨ ᠭᠦᠢᠯᠭᠡᠭᠡᠨ ᠤ ︽ᠲᠠᠪᠤᠨ ᠶᠡᠭᠡ ᠣᠷᠴᠢᠨ ᠲᠣᠭᠤᠷᠢᠨ︾ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠳᠠᠭᠠᠭᠠᠴᠢᠯᠠᠬᠤ︾ ᠰᠡᠳᠬᠢᠯ ᠬᠠᠨᠤᠮᠵᠢᠲᠠᠶ᠂ ᠰᠡᠳᠬᠢᠯ ᠠᠮᠤᠷ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠳᠡᠮ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠠᠩᠬᠠᠳᠠᠭᠴᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠡᠭᠦᠳᠪᠡ᠃      ᠴᠢᠩᠱᠠᠨ ᠲᠣᠭᠤᠷᠢᠭ ᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠠᠬᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡ ᠪᠠᠷ ᠬᠤᠳᠠᠯᠳᠤᠭᠠᠨ ᠤ ᠠᠵᠠ ᠲᠣᠬᠢᠶᠠᠯ ᠢ ᠠᠬᠢᠭᠤᠯᠬᠤ᠂ ᠪᠦᠬᠦ ᠬᠦᠴᠦᠨ ᠢᠶᠠᠷ ᠢᠶᠠᠨ ᠢᠷᠡᠭᠡᠳᠦᠢ ᠶᠢ ᠴᠣᠭᠴᠠᠯᠠᠬᠤ ᠪᠠᠷ ᠶᠡᠷᠦᠩᠬᠡᠢ ᠰᠡᠳᠬᠢᠴᠡ ᠪᠠᠨ ᠪᠤᠯᠭᠠᠵᠦ᠂ ᠦᠢᠯᠡᠴᠢᠯᠡᠭᠡ ᠨᠡᠩ ᠰᠠᠶᠢᠨ᠂ ᠠᠷᠭ᠎ᠠ ᠬᠡᠮᠵᠢᠶ᠎ᠡ ᠨᠡᠩ ᠪᠣᠳᠠᠲᠠᠢ᠂ ᠦᠷ᠎ᠡ ᠪᠦᠲᠦᠮᠵᠢ  ᠨᠡᠩ ᠰᠠᠶᠢᠨ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ︽ᠰᠢᠭᠤᠳ ᠭᠦᠢᠴᠡᠳᠬᠡᠬᠦ + ᠡᠷᠭᠢᠯᠲᠡ ᠳᠤ ᠣᠷᠣᠭᠤᠯᠬᠤ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠠᠪᠴᠤ᠂ 1 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ᠂ ᠬᠠᠤᠯᠢᠵᠢᠯ᠂ ᠮᠥᠩᠭᠦᠨ ᠭᠦᠢᠯᠭᠡᠭᠡ᠂ ᠡᠳ᠋ ᠤᠨ ᠶᠠᠪᠤᠳᠠᠯ᠂ ᠦᠨᠡᠯᠡᠯᠲᠡ᠂ ᠣᠷᠣᠯᠠᠨ ᠭᠦᠢᠴᠡᠳᠬᠡᠬᠦ 5 ᠦᠢᠯᠡᠴᠢᠯᠡᠭᠡᠨ ᠤ ᠲᠥᠪ ᠪᠠ 1ᠮᠡᠳᠡᠭᠡ ᠵᠠᠩᠭᠢᠵᠢᠯᠲᠠ ᠶᠢᠨ ᠲᠠᠪᠴᠠᠩ ᠢ ᠲᠣᠬᠢᠷᠠᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠳᠤ ︽ᠨᠢᠭᠡ ᠯᠡ ᠲᠦᠷᠦᠯ ᠳᠤ  ᠬᠦᠷᠴᠦ︾᠂ ︽ᠨᠢᠭᠡ ᠯᠡ ᠭᠠᠵᠠᠷ ᠲᠤ ᠣᠴᠢᠬᠤ︾ ᠳᠤ᠂ 57 ᠵᠦᠢᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ︽ᠨᠢᠭᠡ  ᠦᠷᠲᠡᠭᠡ ᠮᠠᠶ᠋ᠢᠭ︾ ᠤᠨ ᠦᠢᠯᠡᠴᠢᠯᠡᠭᠡ ᠶᠢ ᠡᠳ᠋ᠯᠡᠭᠦᠯᠵᠦ᠂ ᠴᠢᠩᠱᠠᠨ ᠲᠣᠭᠤᠷᠢᠭ ᠤᠨ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠨᠡᠩ ᠢᠯᠡᠭᠦᠦ ᠢᠯᠭᠠᠨ ᠲᠠᠨᠢᠬᠤ ᠬᠡᠮᠵᠢᠶ᠎ᠡ᠂ ᠢᠲᠡᠭᠡᠮᠵᠢ ᠶᠢᠨ ᠬᠡᠮᠵᠢᠶ᠎ᠡ ᠪᠠ ᠪᠣᠳᠠᠲᠤ ᠦᠷ᠎ᠡ ᠪᠦᠲᠦᠮᠵᠢᠲᠦ ᠴᠢᠨᠠᠷ ᠲᠠᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠨ᠎ᠠ᠃      ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠴᠣᠩᠬᠤ ᠶᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠠᠵᠢᠯᠲᠠᠨ ᠲᠣᠬᠢᠷᠠᠭᠤᠯᠤᠨ ᠬᠠᠷᠢᠯᠴᠠᠬᠤ ᠶᠢ ᠬᠠᠷᠢᠭᠤᠴᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠴᠢᠳᠠᠮᠵᠢᠲᠤ ᠣᠷᠣᠨ ᠳᠤ ᠣᠴᠢᠵᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠨ᠎ᠡ᠃ ᠠᠵᠤ ᠠᠬᠤᠶᠢᠯᠠᠯ ᠤᠨ ᠬᠡᠷᠡᠭᠰᠡᠬᠦ ᠦᠢᠯᠡᠴᠢᠯᠡᠭᠡ ᠶᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ᠂ ᠬᠤᠭᠤᠴᠠᠭ᠎ᠠ ᠳᠠᠷᠠᠭᠠᠯᠠᠨ ᠭᠥᠯᠢᠶᠡᠨ ᠠᠪᠴᠤ ᠰᠢᠢᠳᠪᠦᠷᠢᠯᠡᠨ᠎ᠡ᠃ ᠲᠥᠪ ᠠᠴᠠ ᠰᠢᠭᠤᠳ ᠰᠢᠢᠳᠪᠦᠷᠢᠯᠡᠵᠦ ᠳᠡᠶᠢᠯᠬᠦ ᠦᠭᠡᠢ ᠪᠣᠯ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ ᠰᠠᠯᠭᠠᠨ ᠶᠠᠪᠤᠭᠤᠯᠬᠤ᠂ ᠰᠢᠯᠵᠢᠭᠦᠯᠦᠨ ᠭᠦᠢᠴᠡᠳᠬᠡᠬᠦ ᠶᠢ ᠬᠠᠷᠢᠭᠤᠴᠠᠨ᠎ᠠ᠃      ᠦᠢᠯᠡᠴᠢᠯᠡᠭᠡᠨ ᠤ ᠲᠥᠪ ᠲᠤ ᠡᠳ᠋ ᠤᠨ ᠵᠠᠰᠠᠭ ᠭᠠᠶᠢᠯᠢ᠂ ᠬᠠᠤᠯᠢ ᠪᠠᠷ ᠵᠠᠰᠠᠬᠤ᠂ ᠮᠥᠩᠭᠦᠨ ᠭᠦᠢᠯᠭᠡᠭᠡ᠂ ᠵᠥᠪᠯᠡᠯᠭᠡ ᠥᠭᠴᠦ ᠦᠨᠡᠯᠡᠬᠦ᠂ ᠣᠷᠣᠯᠠᠨ ᠭᠦᠢᠴᠡᠳᠬᠡᠬᠦ ᠵᠡᠷᠭᠡ 5 ᠦᠢᠯᠡᠴᠢᠯᠡᠭᠡᠨ ᠤ ᠲᠥᠪ ᠢ ᠲᠣᠬᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠪᠠ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ︽ᠪᠠᠶᠢᠩᠭᠤ ᠰᠠᠭᠤᠬᠤ + ᠡᠭᠡᠯᠵᠢᠯᠡᠨ ᠰᠠᠭᠤᠬᠤ︾ ᠠᠷᠭ᠎ᠠ ᠶᠢ ᠠᠪᠴᠤ᠂ ᠠᠵᠤ ᠠᠬᠤᠶᠢᠯᠠᠯ ᠳᠤ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠢᠨᠠᠨ ᠪᠣᠳᠣᠯᠲᠠ᠂ ᠬᠠᠤᠯᠢ ᠴᠠᠭᠠᠵᠠ ᠶᠢᠨ ᠯᠠᠪᠯᠠᠭ᠎ᠠ᠂ ᠭᠡᠷ᠎ᠡ ᠶᠢᠨ ᠬᠠᠮᠢᠶᠠᠷᠤᠯᠲᠠ᠂ ᠠᠵᠤ ᠠᠬᠤᠶᠢᠯᠠᠯ ᠳᠤ ᠬᠤᠯᠪᠣᠭᠳᠠᠭᠰᠠᠨ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠨᠤᠲᠠᠯᠠᠯᠲᠠ᠂ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠬᠢᠨᠠᠨ ᠪᠠᠶᠢᠴᠠᠭᠠᠯᠲᠠ᠂ ᠴᠢᠬᠤᠯᠠ ᠶᠡᠭᠡ ᠲᠥᠷᠥᠯ ᠵᠦᠢᠯ ᠤᠨ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠵᠢᠯᠴᠢᠨ ᠬᠡᠷᠡᠭᠯᠡᠬᠦ ᠪᠠ ᠠᠵᠢᠯᠴᠢᠨ ᠡᠯᠰᠡᠬᠦ᠂ ᠴᠢᠳᠠᠪᠤᠷᠢᠲᠠᠨ ᠡᠯᠰᠡᠵᠦ ᠤᠶᠤᠲᠠᠨ ᠣᠷᠣᠭᠤᠯᠬᠤ᠂ ᠲᠠᠸᠠᠷ ᠤᠨ ᠲᠡᠮᠳᠡᠭ ᠢ ᠳᠠᠩᠰᠠᠯᠠᠬᠤ᠂ ᠠᠮᠤᠷ ᠲᠦᠪᠰᠢᠨ ᠤ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ᠂ ᠲᠥᠷᠥᠯ ᠵᠦᠢᠯ᠂ ᠮᠥᠩᠭᠦᠨ ᠭᠦᠢᠯᠭᠡᠭᠡ᠂ ᠡᠳ᠋ ᠬᠥᠷᠥᠩᠭᠡ ᠶᠢ ᠢᠯᠭᠠᠷᠠᠭᠤᠯᠤᠨ ᠪᠤᠳᠤᠬᠤ᠂ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ 57 ᠵᠦᠢᠯ ︵ᠲᠥᠷᠥᠯ︶ ᠤᠨ ᠦᠢᠯᠡᠴᠢᠯᠡᠭᠡ ᠬᠠᠩᠭᠠᠨ᠎ᠠ᠃      ᠦᠢᠯᠡᠴᠢᠯᠡᠭᠡᠨ ᠤ ᠲᠥᠪ ︽ᠬᠠᠤᠯᠢᠵᠢᠭᠰᠠᠨ ᠬᠤᠳᠠᠯᠳᠤᠭ᠎ᠠ ᠡᠵᠡᠩᠨᠡᠬᠦ︾ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠪᠠ᠃ ︽ᠬᠠᠤᠯᠢ ᠪᠠᠷ ᠵᠠᠰᠠᠬᠤ ᠴᠢᠩᠱᠠᠨ︾ ᠤ ᠸᠢᠴᠠᠲ ᠤᠨ ᠵᠢᠵᠢᠭ ᠫᠷᠣᠭ᠍ᠷᠠᠮ ᠳᠤ ᠲᠦᠰᠢᠭᠯᠡᠨ᠂ ︽ᠬᠠᠤᠯᠢᠵᠢᠭᠰᠠᠨ ᠬᠤᠳᠠᠯᠳᠤᠭ᠎ᠠ ᠡᠵᠡᠩᠨᠡᠬᠦ︾ ᠶᠢᠨ ᠬᠡᠰᠡᠭ ᠢ ᠨᠡᠮᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠠᠬ᠎ᠠ ᠳᠡᠯᠭᠡᠭᠦᠷ᠂ ᠬᠥᠭᠵᠢᠭᠦᠯᠦᠯᠲᠡ ᠥᠭᠡᠷᠡᠴᠢᠯᠡᠯᠲᠡ᠂ ᠮᠥᠩᠭᠦᠨ ᠭᠦᠢᠯᠭᠡᠭᠡ᠂ ᠳᠠᠭᠠᠳᠬᠠᠯ ᠵᠡᠷᠭᠡ ᠠᠵᠤ ᠠᠬᠤᠶᠢᠯᠠᠯ ᠳᠤ ᠬᠤᠯᠪᠣᠭᠳᠠᠬᠤ ᠣᠯᠠᠨ ᠦᠢᠯᠡᠴᠢᠯᠡᠭᠡᠨ ᠤ ᠵᠢᠵᠢᠭ ᠫᠷᠣᠭ᠍ᠷᠠᠮ ᠢ ᠬᠤᠯᠪᠣᠵᠤ᠂ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠵᠥᠪᠯᠡᠯᠭᠡ᠂ ᠡᠶᠡᠳᠡᠭᠦᠯᠭᠡ ᠵᠢᠴᠢ ᠠᠵᠤ ᠠᠬᠤᠶᠢᠯᠠᠯ ᠳᠤ ᠬᠤᠯᠪᠣᠭᠳᠠᠬᠤ ᠬᠠᠮᠢᠶ᠎ᠠ ᠪᠦᠬᠦᠢ ᠶᠠᠪᠤᠳᠠᠯ ᠤᠨ ᠦᠢᠯᠡᠴᠢᠯᠡᠭᠡ ᠬᠠᠩᠭᠠᠨ᠎ᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠢᠨ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠮᠥᠨ︾ ᠭᠡᠳᠡᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠡᠷᠬᠡ ᠲᠡᠭᠰᠢ᠂ ᠢᠯᠡ ᠲᠣᠳᠣ᠂ ᠲᠣᠭᠲᠠᠭᠤᠨ᠂ ᠵᠢᠱᠢᠵᠦ ᠪᠣᠯᠬᠤᠶᠢᠴᠠ︾ ᠠᠵᠢᠯ ᠤᠨ ᠬᠠᠷᠠᠯᠲᠠ ᠶᠢ ᠦᠷᠭᠦᠯᠵᠢᠯᠡᠨ ᠪᠤᠶ ᠪᠣᠯᠭᠠᠬᠤ ᠪᠠᠷ ᠭᠤᠣᠯᠳᠠᠭᠤᠯᠵᠤ᠂ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠪᠠ ᠵᠠᠰᠠᠭ ᠠᠵᠤ ᠠᠬᠤᠶᠢᠯᠠᠯ ᠤᠨ ᠬᠠᠷᠢᠴᠠᠭ᠎ᠠ ᠶᠢ ᠪᠠᠶᠢᠭᠤᠯᠬᠤ ᠲᠠᠯ᠎ᠠ ᠠᠴᠠ ᠪᠣᠳᠣᠯᠬᠢᠯᠠᠵᠤ᠂ ᠠᠵᠤ ᠠᠬᠤᠶᠢᠯᠠᠯ ᠳᠤ ᠦᠢᠯᠡᠴᠢᠯᠡᠬᠦ ᠶᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ᠲᠥᠷᠥ ᠪᠠᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠬᠤᠪᠢᠷᠠᠭᠤᠯᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ᠂ ᠣᠯᠠᠨ ᠬᠡᠮᠵᠢᠯᠲᠦ᠂ ᠪᠣᠰᠤᠭ᠎ᠠ ᠴᠣᠭᠴᠠᠲᠤ ᠴᠢᠨᠠᠷ ᠢ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠥᠬᠦ ᠬᠤᠲᠠ ᠶᠢᠨ ︽ᠲᠠᠨ ᠤ ᠰᠠᠨᠠᠭᠠᠨ ᠳᠤ ᠬᠠᠨᠤᠮᠵᠢᠲᠠᠢ︾ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠨᠠᠷᠠᠲᠤ ᠲᠥᠷᠥᠯ ᠲᠡᠮᠳᠡᠭᠲᠦ ᠶᠢ ᠣᠯᠬᠤ ᠳᠤ ᠨᠠᠩ ᠣᠯᠠᠨ ᠠᠷᠭ᠎ᠠ ᠵᠠᠮ ᠢ ᠰᠦᠪᠡᠭᠴᠢᠯᠡᠵᠦ᠂ ᠨᠠᠩ ᠣᠯᠠᠨ ᠵᠢᠱᠢᠶ᠎ᠡ ᠦᠵᠡᠭᠦᠯᠵᠦ᠂ ᠪᠤᠭᠤᠲᠤ ᠶᠢᠨ ᠰᠦᠷ ᠵᠢᠪᠬᠤᠭ᠎ᠠ ᠶᠢ ᠳᠠᠬᠢᠨ ᠮᠠᠨᠳᠤᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号