ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠷᠤᠭᠰᠢᠲᠠᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2023/7/18
      ︽ᠴᠢᠩᠱᠠᠨ ᠲᠣᠭᠤᠷᠢᠭ  ᠪᠦᠬᠦᠯᠢ ᠲᠣᠭᠤᠷᠢᠭ ᠢᠶᠠᠷ ᠢᠶᠠᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠠᠵᠢᠯ ᠢ ᠠᠬᠢᠭᠤᠯᠬᠤ ᠲᠥᠰᠥᠯ︾᠎ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠴᠢᠩᠱᠠᠨ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠠᠴᠠ ᠣᠯᠠᠨ ᠨᠡᠶᠢᠲᠡ ᠶᠢᠨ ᠪᠠᠶᠢᠭᠤᠯᠤᠮᠵᠢ ᠶᠢᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠪᠠᠶᠢᠭᠤᠯᠬᠤ ᠶᠣᠰᠣᠲᠠᠢ ᠶᠢ ᠨᠢ ᠴᠥᠮ ᠪᠠᠶᠢᠭᠤᠯᠬᠤ ᠵᠠᠷᠴᠢᠮ ᠎ ᠢᠶᠠᠷ ᠡᠮᠦᠨᠡᠬᠢ ᠬᠤᠭᠤᠴᠠᠭᠠᠨ ᠳᠤ  ᠲᠤᠭᠤᠷᠢᠭ ᠤᠨ ᠬᠠᠷᠢᠶᠠᠨ ᠳᠠᠬᠢ 23 ᠰᠠᠭᠤᠷᠢ ᠠᠯᠪᠠᠨ ᠎ ᠠᠴᠠ ᠪᠠᠷᠢᠭᠰᠠᠨ ᠭᠡᠷ ᠪᠠᠶᠢᠰᠢᠩ ᠳᠤ ᠪᠣᠳᠠᠲᠠᠢ ᠭᠠᠵᠠᠷ ᠤᠨ ᠬᠠᠶᠢᠨ ᠰᠢᠨᠵᠢᠯᠡᠯᠲᠡ ᠬᠢᠵᠡᠢ᠃ ᠴᠢᠩᠱᠠᠨ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠪᠣᠯᠣᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠮᠢᠯᠠᠭᠰᠠᠨ ᠬᠤᠸᠠ ᠳ᠋ᠢᠶᠠᠨ ︵ᠪᠤᠭᠤᠲᠤ︶᠎ ᠤ ᠲᠠᠷᠬᠠᠮᠠᠯ ᠮᠠᠶ᠋ᠢᠭ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠯᠠᠨ ᠡᠭᠡᠯᠵᠢ ᠶᠢᠨ ᠵᠥᠪᠳᠡᠯᠴᠡᠭᠡ ᠪᠠᠷ ᠳᠡᠮᠵᠢᠨ᠂ 2023 ᠣᠨ ᠤ 4 ᠰᠠᠷ᠎ᠠ ᠶᠢᠨ 27᠎ ᠤ ᠡᠳᠦᠷ ︽ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠲᠦᠷᠦᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾᠎ ᠢ ᠲᠤᠭᠲᠠᠭᠠᠵᠤ᠂ ᠬᠤᠯᠪᠣᠭᠳᠠᠯ ᠪᠦᠬᠦᠢ ᠪᠠᠷᠢᠯᠭ᠎ᠠ ᠶᠢᠨ ᠨᠢᠭᠡᠴᠡ 6 ᠰᠠᠷ᠎ᠠ ᠶᠢᠨ 30᠎ ᠤ ᠡᠳᠦᠷ ᠲᠠᠯᠠᠪᠠᠶ ᠳᠤ ᠣᠷᠣᠵᠤ᠂ 7 ᠰᠠᠷ᠎ᠠ ᠶᠢᠨ 2᠎ ᠤᠨ ᠡᠳᠦᠷ ᠤᠰᠤ ᠰᠡᠷᠭᠡᠶᠢᠯᠡᠬᠦ ᠮᠠᠲ᠋ᠧᠷᠢᠶᠠᠯ ᠢ ᠳᠡᠭᠦᠵᠢᠯᠡᠨ ᠤᠭᠰᠠᠷᠠᠵᠤ᠂ ᠣᠲᠣ ᠨᠢᠭᠡᠨᠲᠡ ᠨᠠᠮ ᠵᠠᠰᠠᠭ ᠤᠨ ᠲᠣᠮᠣ ᠠᠰᠠᠷ ᠤᠨ ᠣᠷᠣᠢ ᠶᠢᠨ ᠤᠰᠤ ᠰᠡᠷᠭᠡᠶᠢᠯᠡᠬᠦ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠳᠠᠭᠤᠰᠬᠠᠵᠤ᠂ ᠪᠠᠷᠢᠯᠭ᠎ᠠ ᠶᠢᠨ ᠨᠢᠭᠡᠴᠡ ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠠᠷᠭᠠᠭᠰᠠᠨ ᠦᠷ᠎ᠡ ᠪᠦᠲᠦᠭᠡᠯ ᠤᠨ ᠵᠢᠷᠤᠭ ᠢ ᠱᠠᠯᠠᠪᠳᠠᠨ ᠭᠠᠷᠭᠠᠵᠤ ᠪᠠᠶᠢᠨ᠎ᠠ᠃ ᠲᠤᠰ ᠢᠨᠵᠧᠨᠧᠷᠢᠩ ᠢ 8 ᠰᠠᠷ᠎ᠠ ᠶᠢᠨ ᠰᠡᠭᠦᠯᠴᠢ ᠪᠠᠷ ᠪᠦᠬᠦᠨ ᠢ ᠤᠭᠰᠠᠷᠠᠵᠤ ᠳᠠᠭᠤᠰᠬᠠᠨ᠂ 9 ᠰᠠᠷ᠎ᠠ ᠶᠢᠨ ᠰᠡᠭᠦᠯᠴᠢ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠬᠦ ᠪᠠᠷ ᠵᠢᠱᠢᠵᠦ ᠪᠤᠢ᠃ ᠴᠢᠩᠱᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 108.9 kWp ᠪᠠᠶᠢᠵᠤ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 14.33 ᠲᠦᠮᠡᠨ kWh ᠪᠣᠯᠣᠨ᠎ᠠ᠃ ᠢᠯᠴᠢ ᠶᠢᠨ ᠴᠠᠬᠢᠯᠭᠠᠨ ᠤ kW·h ᠪᠦᠷᠢ ᠶᠢᠨ ᠴᠠᠬᠢᠯᠭᠠᠨ ᠤ ᠬᠡᠮᠵᠢᠶ᠎ᠡ ᠳᠤ 305.5g ᠪᠠᠷᠢᠮᠵᠢᠶᠠᠲᠤ ᠨᠡᠭᠦᠷᠡᠰᠦ ᠵᠠᠷᠤᠴᠠᠭᠤᠯᠬᠤ ᠪᠠᠷ ᠪᠤᠳᠤᠪᠠᠯ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ ᠨᠡᠶᠢᠳᠡ 43.77t ᠠᠷᠪᠢᠯᠠᠵᠤ ᠪᠣᠯᠣᠨ᠎ᠠ᠃ ᠢᠯᠴᠢ ᠶᠢᠨ ᠴᠠᠬᠢᠯᠭᠠᠨ ᠥᠷᠲᠡᠭᠡᠨ ᠤ ᠡᠯ᠎ᠡ ᠵᠦᠢᠯ ᠤᠨ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠶᠢ ᠭᠠᠳᠠᠭᠰᠢᠯᠠᠭᠤᠯᠬᠤ ᠪᠠᠷᠢᠮᠵᠢᠶ᠎ᠠ ᠶᠢ ᠦᠨᠳᠦᠰᠦᠯᠡᠪᠡᠯ᠄ ᠤᠲᠤᠭ᠎ᠠ ᠲᠣᠭᠤᠰᠣ 0.4g/kW·h᠂ ᠬᠦᠬᠦᠷ ᠤᠨ ᠳᠠᠪᠬᠤᠷ ᠢᠰᠦᠯ 2.3g/kW·h᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ 822g/kW·h᠂ ᠦᠨᠡᠰᠦᠨ ᠰᠢᠭᠠᠷᠤ 119.45g/kW·h᠂ ᠲᠣᠰ ᠢᠨᠵᠧᠨᠧᠷᠢᠩ ᠨᠢ ᠵᠢᠯ ᠪᠦᠷᠢ ᠤᠲᠤᠭ᠎ᠠ ᠲᠣᠭᠤᠰᠣ ᠭᠠᠳᠠᠭᠰᠢᠯᠠᠭᠤᠯᠬᠤ ᠶᠢ ᠪᠠᠷᠤᠭ 0.057t᠂ ᠬᠦᠬᠦᠷ ᠤᠨ ᠳᠠᠪᠬᠤᠷ ᠢᠰᠦᠯ ᠪᠠᠷᠤᠭ 0.329t᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠷᠤᠭ 117.79t᠂ ᠦᠨᠡᠰᠦᠨ ᠰᠢᠭᠠᠷᠤ ᠪᠠᠷᠤᠭ 17.117t ᠪᠠᠭᠠᠰᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠶᠢᠨ ᠬᠠᠮᠲᠤ ᠪᠠᠰᠠ ᠱᠤᠤᠭᠢᠶᠠᠨ ᠤ ᠨᠥᠯᠥᠭᠡ ᠡᠭᠦᠰᠬᠦ ᠠᠴᠠ ᠵᠠᠶᠢᠯᠠᠰᠬᠢᠵᠦ ᠴᠢᠳᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号